ᠳᠡᠰ ᠳᠡᠪᠰᠢᠭᠦᠯᠦᠨ ᠥᠭᠡᠷᠡᠴᠢᠯᠡᠶ᠎ᠡ︕ ᠬᠠᠶᠢᠷᠤᠪ ᠤᠨ ᠲᠤᠬᠤᠢ ᠶᠢᠨ ᠡᠨᠡ ᠲᠠᠮᠢᠷ ᠤᠨ ᠣᠷᠳᠣᠨ ᠡᠭᠦᠳᠡ ᠪᠠᠨ ᠨᠡᠭᠡᠭᠡᠪᠡ
ᠨᠡᠶᠢᠲᠡᠯᠡᠭᠰᠡᠨ ᠴᠠᠭ᠄
2022/8/22
      ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠥᠷᠭᠡᠨ ᠤᠯᠠᠨ ᠦᠨᠳᠦᠰᠦᠨ ᠱᠠᠲᠤᠨ ᠤ ᠠᠵᠢᠯᠲᠠᠳ ᠤᠨ ᠠᠵᠢᠯ ᠤᠨ ᠴᠢᠯᠥᠭᠡᠨ ᠤ ᠰᠣᠶᠣᠯ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠪᠠ᠃ 8 ᠰᠠᠷ᠎ᠠ ᠶᠢᠨ 19᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠦᠬᠠᠢ ᠬᠤᠳᠠ ᠶᠢᠨ ᠰᠢᠨ ᠹᠧᠩ ᠼᠠᠢ ᠪᠡᠶ᠎ᠡ ᠶᠢᠨ ᠲᠠᠮᠢᠷ ᠰᠣᠶᠣᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠳᠠᠭᠠᠭᠠᠴᠢᠯᠠᠨ ᠡᠷᠬᠢᠯᠡᠭᠰᠡᠡ᠂ ᠥᠪᠥᠷ ᠮᠣᠩᠭᠤᠯ ᠤᠨ ᠭᠤᠸᠠᠩ ᠨᠠ ᠪᠦᠯᠦᠭᠯᠡᠯ᠂ ᠦᠬᠠᠢ ᠬᠤᠳᠠ ᠶᠢᠨ ᠢᠦᠢ ᠹᠸᠢ ᠶᠠᠩ ᠺᠯᠦ᠋ᠪ ᠤᠨ ᠬᠠᠮᠵᠢᠨ ᠡᠷᠬᠢᠯᠡᠭᠰᠡᠡ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠪᠦᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠳᠠᠭᠠᠨ ᠴᠢ ᠪᠢᠳᠡ ᠬᠠᠮᠲᠤ ᠪᠠᠷ ᠢᠶᠠᠨ ᠤᠷᠤᠭᠰᠢᠯᠠᠶ᠎ᠠ︾ ᠦᠳᠦᠨ ᠪᠥᠮᠪᠦᠭᠡ ᠶᠢᠨ ᠤᠷᠤᠯᠳᠤᠭᠠᠨ ᠵᠢᠴᠢ ᠬᠠᠶᠢᠷᠤᠪ ᠤᠨ ᠲᠤᠬᠤᠢ ᠲᠣᠭᠤᠷᠢᠭ ᠤᠨ ᠬᠤᠶᠠᠳᠤᠭᠠᠷ  ᠪᠠᠭ᠎ᠠ ᠰᠤᠷᠭᠠᠭᠤᠯᠢ ᠎ ᠶᠢᠨ ᠲᠠᠮᠢᠷ ᠤᠨ ᠣᠷᠳᠣᠨ ᠢ ᠲᠡᠰ ᠳᠡᠪᠰᠢᠭᠦᠯᠵᠦ ᠥᠭᠡᠷᠡᠴᠢᠯᠡᠨ ᠪᠠᠶᠢᠭᠤᠯᠬᠤ ᠡᠬᠢᠯᠡᠯᠲᠡ ᠶᠢᠨ ᠶᠣᠰᠣᠯᠠᠯ ᠢ ᠬᠠᠶᠢᠷᠤᠪ ᠤᠨ ᠲᠤᠬᠤᠢ ᠲᠣᠭᠤᠷᠢᠭ ᠤᠨ ᠬᠤᠶᠠᠳᠤᠭᠠᠷ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠳᠤ ᠶᠠᠪᠤᠭᠳᠠᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠪᠠ᠃
微信图片_20220822153033.jpg
微信图片_20220822164825.jpg
微信图片_20220822164830.jpg
    ᠬᠠᠶᠢᠷᠤᠪ ᠤᠨ ᠲᠤᠬᠤᠢ ᠲᠣᠭᠤᠷᠢᠭ ᠨᠢ ᠥᠷᠭᠡᠨ ᠣᠯᠠᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠣᠯᠠᠨ ᠲᠦᠮᠡᠨ ᠳᠤ ᠨᠡᠩ ᠠᠮᠤᠷ ᠲᠦᠪᠰᠢᠨ ᠨᠡᠩ ᠲᠠᠭᠠᠯᠠᠮᠵᠢᠲᠠᠶ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠣᠯᠭᠤᠬᠤ ᠶᠢᠨ ᠲᠥᠯᠥᠭᠡ᠂ ᠲᠠᠯᠠᠪᠠᠢ ᠶᠢᠨ ᠱᠠᠯᠠ ᠶᠢ ᠰᠣᠯᠢᠭᠠᠳ ᠴᠢᠳᠠᠪᠬᠢ ᠶᠢᠨ ᠲᠠᠰᠤᠭ᠂ ᠠᠷᠢᠭᠤᠨ ᠴᠡᠪᠡᠷ ᠤᠨ ᠲᠠᠰᠤᠯᠭ᠎ᠠ ᠶᠢ ᠰᠡᠯᠪᠢᠨ ᠵᠠᠰᠠᠵᠤ ᠥᠭᠡᠷᠡᠴᠢᠯᠡᠬᠦ᠂ ᠴᠡᠪᠡᠷ ᠤᠰᠤ ᠤᠮᠳᠠ ᠶᠢᠨ ᠲᠥᠬᠦᠭᠡᠷᠦᠮᠵᠢ ᠲᠣᠬᠢᠷᠠᠭᠤᠯᠵᠤ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠤᠶᠢᠯᠡᠴᠢᠯᠡᠭᠡᠨ ᠤ ᠰᠢᠰᠲ᠋ᠧᠮ᠂ ᠬᠥᠮᠦᠨ ᠤ ᠵᠢᠰᠦ ᠶᠢ ᠢᠯᠭᠠᠨ ᠲᠠᠨᠢᠬᠤ ᠰᠢᠰᠲ᠋ᠧᠮ᠂ ᠠᠯᠤᠰ ᠵᠠᠶ ᠶᠢᠨ ᠠᠶᠠᠨᠴᠢᠳ ᠤᠨ ᠴᠤᠪᠤᠷᠠᠯ ᠢ ᠬᠠᠷᠭᠤᠭᠤᠯᠤᠨ ᠪᠠᠶᠢᠴᠠᠭᠠᠬᠤ ᠵᠡᠷᠭᠡ ᠰᠢᠰᠲ᠋ᠧᠮ ᠢ ᠨᠡᠮᠡᠨ ᠪᠠᠶᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠮᠡᠳᠡᠭᠡ ᠵᠠᠩᠭᠢ ᠶᠢᠨ  ᠤᠶᠢᠯᠡᠴᠢᠯᠡᠭᠡᠨ ᠤ ᠲᠠᠪᠴᠠᠩ ᠳᠤ ᠵᠠᠯᠭᠠᠨ ᠣᠷᠣᠭᠤᠯᠵᠤ᠂ ᠤᠶᠤᠨᠲᠤ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠤᠯᠠᠮ ᠨᠢᠭᠡ ᠠᠯᠬᠤᠮ ᠤᠷᠤᠭᠰᠢᠯᠠᠨ᠂ ᠬᠠᠶᠢᠷᠤᠪ ᠤᠨ ᠲᠤᠬᠤᠢ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠤᠶᠢᠯᠡᠴᠢᠯᠡᠭᠡᠨ ᠤ ᠰᠢᠰᠲ᠋ᠧᠮ ᠢ ᠨᠠᠩ ᠲᠡᠭᠦᠯᠳᠡᠷᠵᠢᠭᠦᠯᠵᠦ᠂ ᠬᠤᠲᠠ ᠶᠢᠨ ᠠᠷᠠᠳ ᠣᠯᠠᠨ ᠤ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠳᠤ ᠨᠠᠩ ᠲᠥᠬᠦᠮ ᠦᠵᠡᠭᠦᠯᠵᠦ᠂ ᠪᠡᠶ᠎ᠡ ᠴᠢᠭᠢᠷᠠᠭᠵᠢᠭᠤᠯᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
 微信图片_20220822164834.jpg
微信图片_20220822164837.jpg   ᠥᠳᠥᠨ ᠪᠥᠮᠪᠦᠭᠡ ᠶᠢᠨ ᠤᠷᠤᠯᠳᠤᠭᠠᠨ ᠤ ᠲᠠᠯᠠᠪᠤᠷ ᠲᠤ᠂ ᠲᠠᠮᠢᠷᠴᠢᠳ ᠵᠠᠷᠢᠮ ᠳᠠᠭᠠᠨ ᠠᠮᠢᠳᠤᠯᠢᠭ ᠢᠶᠠᠷ
ᠭᠦᠶᠦᠵᠦ ᠵᠠᠷᠢᠮ ᠳᠠᠭᠠᠨ ᠰᠢᠷᠦᠭᠦᠨ ᠢᠶᠠᠷ ᠳᠠᠭᠠᠷᠢᠵᠤ᠂ ᠥᠪᠡᠷ ᠥᠪᠡᠷ ᠤᠨ ᠭᠤᠴᠣ ᠡᠷᠳᠡᠮ ᠢᠶᠠᠨ ᠭᠠᠶᠢᠬᠠᠭᠤᠯᠵᠤ᠂ ᠥᠨᠳᠥᠷ ᠬᠤᠯᠠ ᠪᠥᠮᠪᠦᠭᠡ᠂ ᠪᠥᠮᠪᠦᠭᠡ ᠳᠡᠭᠦᠵᠢᠯᠡᠬᠦ᠂ ᠪᠥᠮᠪᠦᠭᠡ ᠨᠤᠬᠤᠯᠠᠬᠤ᠂ ᠬᠦᠴᠦᠲᠡᠶ ᠬᠥᠮᠥᠷᠢᠨ ᠴᠣᠬᠢᠬᠤ᠂ ᠨᠢᠭᠡ ᠨᠢ ᠵᠡᠭᠦᠨ ᠠᠴᠠ ᠪᠠᠷᠠᠭᠤᠨᠰᠢ ᠪᠠᠨ᠂ ᠨᠢᠭᠡ ᠨᠢ ᠡᠮᠦᠨ᠎ᠡ ᠬᠤᠶᠢᠨ᠎ᠠ ᠪᠠᠨ ᠭᠤᠶᠢᠳᠠ ᠰᠠᠶᠢᠬᠠᠨ ᠢᠶᠠᠷ ᠪᠥᠮᠪᠦᠭᠡ ᠶᠢᠨ ᠮᠡᠷᠭᠡᠵᠢᠯ ᠪᠠ ᠪᠠᠶᠢᠯᠳᠤᠬᠤ ᠠᠷᠭ᠎ᠠ ᠶᠢᠨ ᠬᠢᠷᠢ ᠬᠡᠮᠵᠢᠶ᠎ᠡ ᠪᠠᠨ ᠭᠠᠶᠢᠬᠠᠭᠤᠯᠵᠤ᠂ ᠠᠭᠤᠷ ᠠᠮᠢᠰᠬᠤᠯ ᠪᠠᠴᠢᠮ ᠬᠦᠷ ᠬᠥᠭᠵᠢᠶᠡᠨ ᠲᠠᠢ ᠪᠠᠶᠢᠵᠤ᠂ ᠤᠯᠠᠨ ᠳᠤ ᠬᠠᠷᠠᠭᠠᠨ ᠰᠡᠷᠡᠯ ᠤᠨ ᠦᠪᠡᠳᠡᠭᠰᠢ ᠨᠠᠶᠢᠷ ᠢ ᠠᠪᠴᠢᠷᠠᠨ ᠥᠭᠴᠦ᠂ ᠤᠯᠠᠨ ᠤ ᠨᠢᠵᠢᠭᠢᠨᠡᠲᠡᠯ᠎ᠡ ᠠᠯᠠᠭ᠎ᠠ ᠲᠠᠰᠢᠯᠳᠠ ᠶᠢ ᠤᠯᠪᠠ᠃
微信图片_20220822164840.jpg    ᠲᠤᠰ ᠤᠳᠠᠭ᠎ᠠ ᠶᠢᠨ ᠤᠷᠤᠯᠳᠤᠭᠠᠨ ᠨᠢ ᠰᠢ ᠶᠢᠨ ᠫᠢᠩ ᠶᠡᠷᠦᠩᠬᠡᠢ ᠱᠦᠵᠢ ᠶᠢᠨ ᠪᠡᠶ᠎ᠡ ᠶᠢᠨ ᠲᠠᠮᠢᠷ ᠤᠨ ᠲᠤᠬᠠᠢ
ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠡᠶ᠎ᠡ ᠶᠢᠨ ᠲᠠᠮᠢᠷ ᠤᠨ ᠬᠠᠤᠯᠢ︾᠎ ᠶᠢ ᠤᠬᠠᠭᠤᠯᠤᠨ ᠳᠡᠯᠭᠡᠷᠡᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠪᠣᠯᠤᠨ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠢᠳᠡᠪᠬᠢᠲᠡᠢ ᠡᠷᠡᠭᠦᠯ ᠠᠮᠢᠳᠤᠷᠠᠯ ᠤᠨ ᠠᠷᠭ᠎ᠠ ᠬᠡᠯᠪᠡᠷᠢ ᠶᠢ ᠤᠯᠠᠮᠵᠢᠯᠠᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠶᠢᠨ ᠲᠥᠯᠥᠭᠡ ᠶᠤᠮ᠃
微信图片_20220822164844.jpg
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号