ᠬᠠᠶᠢᠷᠤᠪ ᠤᠨ ᠲᠤᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠬ᠎ᠠ ᠳᠡᠯᠭᠡᠭᠦᠷ ᠤᠨ ᠲᠤᠰᠬᠠᠶ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2022/8/3
      ᠠᠮᠲᠠ ᠣᠷᠣᠭᠤᠯᠬᠤ ᠡᠳ᠋ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠠᠷᠢᠶ᠎ᠠ ᠣᠷᠣᠨ ᠤ ᠢᠳᠡᠭᠡᠨ ᠤ ᠵᠠᠬ᠎ᠠ ᠳᠡᠯᠭᠡᠭᠦᠷ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ ᠬᠠᠶᠢᠷᠤᠪ ᠤᠨ ᠲᠤᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠯᠢᠨ ᠶᠢᠨ ᠭᠠᠵᠠᠷ ᠤᠨ ᠬᠢᠨ ᠬᠦᠴᠦᠨ ᠢᠶᠠᠨ ᠵᠣᠬᠢᠶᠠᠨ ᠪᠠᠶᠢᠭᠤᠯᠵᠤ᠂ ᠠᠵᠢᠯᠯᠠᠭ᠎ᠠ ᠪᠠᠨ ᠲᠥᠪᠯᠡᠷᠡᠭᠦᠯᠦᠨ᠂ ᠬᠠᠷᠢᠶ᠎ᠠ ᠣᠷᠣᠨ ᠤ ᠬᠡᠪᠴᠢᠶᠡᠨ ᠳᠤ ᠠᠮᠲᠠ ᠣᠷᠣᠭᠤᠯᠬᠤ ᠡᠳ᠋ ᠤᠨ ᠵᠠᠬ᠎ᠠ ᠳᠡᠯᠭᠡᠭᠦᠷ ᠤᠨ ᠲᠤᠰᠬᠠᠶ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃
微信图片_20220803155030.png    
     ᠬᠠᠤᠯᠢ ᠬᠡᠷᠡᠭᠵᠢᠭᠦᠯᠬᠦ ᠠᠵᠢᠯᠲᠠᠳ ᠡᠯ᠎ᠡ ᠠᠮᠤ ᠲᠣᠰᠣᠨ ᠤ ᠳᠡᠯᠭᠡᠭᠦᠷ᠂ ᠬᠡᠳᠦ ᠳᠡᠯᠭᠡᠭᠦᠷ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠵᠡᠷᠭᠡ ᠡᠵᠡᠩᠨᠡᠯᠲᠡ ᠶᠢᠨ ᠭᠠᠵᠠᠷ ᠲᠤ ᠭᠦᠨᠵᠡᠭᠡᠶᠢᠷᠡᠵᠦ᠂ ᠵᠢᠶᠠᠩᠶ᠋ᠢᠦ᠂ ᠢᠳᠡᠭᠡᠨ ᠤ ᠼᠤᠤ᠂ ᠬᠤᠯᠢᠰᠢᠨ ᠠᠷᠢᠬᠢ᠂ ᠠᠮᠲᠠ ᠶᠢᠨ ᠣᠬᠢ᠂ ᠬᠤᠸᠠᠵᠤᠤ᠂ ᠲᠦᠭᠦᠬᠡᠶ ᠡᠳ᠋᠂ ᠯᠠᠵᠤᠤ ᠵᠢᠴᠢ ᠲᠡᠭᠦᠨ ᠤ ᠪᠦᠲᠦᠭᠡᠭᠳᠡᠬᠦᠨ ᠵᠡᠷᠭᠡ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠨ᠎ᠠ᠃ ᠡᠵᠡᠩᠨᠡᠭᠴᠢ ᠶᠢᠨ ᠪᠡᠶᠡᠴᠢ ᠴᠣᠭᠴᠠ ᠶᠢᠨ ᠬᠢᠷᠢ ᠬᠡᠮ ᠨᠢ ᠬᠠᠤᠯᠢ ᠳᠤ ᠨᠡᠶᠢᠴᠡᠬᠦ ᠡᠰᠡᠬᠦ᠂ ᠭᠡᠷᠡᠴᠢ ᠦᠨᠡᠮᠯᠡᠯ ᠨᠢ ᠪᠦᠷᠢᠨ  ᠭᠦᠢᠴᠡᠤᠡ ᠬᠦᠴᠦᠨ ᠲᠠᠢ ᠪᠠᠶᠢᠬᠤ ᠡᠰᠡᠬᠦ᠂ ᠬᠦᠴᠦᠨ ᠪᠥᠬᠦᠶ ᠡᠷᠡᠭᠦᠯ ᠮᠡᠨᠳᠦ ᠶᠢᠨ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠤᠭᠰᠠᠨ ᠡᠰᠡᠬᠦ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠭᠡᠷᠡᠴᠢ ᠪᠠᠷᠢᠮᠲᠠ ᠠᠪᠬᠤ ᠪᠠ ᠲᠡᠮᠳᠡᠭᠯᠡᠬᠦ ᠲᠦᠷᠢᠮ ᠢ ᠴᠢᠩᠭ᠎ᠠ ᠬᠡᠷᠡᠭᠵᠢᠭᠦᠯᠦᠭᠰᠡᠨ ᠡᠰᠡᠬᠦ᠂ ᠪᠣᠷᠣᠯᠠᠭᠤᠯᠵᠤ ᠪᠠᠶᠢᠭ᠎ᠠ ᠠᠮᠲᠠ ᠣᠷᠣᠭᠤᠯᠬᠤ ᠡᠳ᠋ ᠤᠨ ᠢᠷᠡᠯᠲᠡ ᠶᠢ ᠡᠷᠢᠵᠦ ᠤᠯᠬᠤ ᠡᠰᠡᠬᠦ ᠶᠢ ᠪᠠᠶᠢᠴᠠᠭᠠᠨ ᠦᠵᠡᠵᠦ᠂ ᠪᠠᠷᠠᠭ᠎ᠠ ᠬᠠᠩᠭᠠᠬᠤ ᠲᠠᠯ᠎ᠠ ᠶᠢᠨ ᠬᠢᠷᠢ ᠬᠡᠮ ᠢ ᠴᠢᠩᠭ᠎ᠠ ᠪᠠᠶᠢᠴᠠᠭᠠᠵᠤ᠂ ᠢᠷᠡᠯᠲᠡ ᠨᠢ ᠲᠣᠳᠣᠷᠬᠠᠶ ᠥᠬᠡᠶ ᠠᠮᠲᠠ ᠣᠷᠣᠭᠤᠯᠬᠤ ᠡᠳ᠋ ᠢ ᠬᠤᠳᠠᠯᠳᠤᠨ ᠠᠪᠬᠤ ᠶᠢ ᠴᠠᠭᠠᠵᠠᠯᠠᠨ᠎ᠠ᠃ ᠣᠲᠣ ᠪᠣᠯᠲᠠᠯ᠎ᠠ᠂ ᠨᠢᠭᠡᠨᠲᠡ 13 ᠠᠮᠲᠠ ᠣᠷᠣᠭᠤᠯᠬᠤ ᠡᠳ᠋ ᠤᠨ ᠡᠵᠡᠩᠨᠡᠯᠲᠡ ᠶᠢᠨ ᠡᠷᠦᠬᠡ ᠶᠢ ᠪᠠᠶᠢᠴᠠᠭᠠᠵᠤ᠂ 1 ᠬᠡᠷᠡᠭ ᠢ ᠬᠡᠷᠡᠭ ᠪᠣᠯᠭᠠᠨ ᠳᠡᠩᠰᠡᠯᠡᠵᠦ᠂ 5 ᠡᠷᠦᠬᠡ ᠶᠢ ᠴᠡᠭᠴᠡᠯᠡᠨ ᠥᠭᠡᠷᠡᠴᠢᠯᠡᠪᠡ᠃
微信图片_20220803155034.png
微信图片_20220803155037.png
         ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠬᠠᠮᠢᠶᠠᠷᠤᠯᠲᠠ ᠪᠠᠨ ᠴᠢᠨᠠᠭᠰᠢᠳᠠ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠪᠠᠶᠢᠴᠠᠭᠠᠬᠤ ᠤᠳᠠᠭ᠎ᠠ ᠪᠠᠨ ᠨᠡᠮᠡᠭᠳᠡᠭᠦᠯᠵᠦ᠂ ᠬᠢᠨᠠᠨ ᠬᠠᠮᠢᠶᠠᠷᠤᠯᠲᠠ ᠶᠢᠨ ᠪᠦᠷᠬᠦᠴᠡ ᠶᠢ ᠥᠷᠭᠡᠳᠬᠡᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠲᠠᠢ ᠬᠠᠮᠲᠤᠷᠠᠨ ᠦᠨᠡᠮᠯᠡᠯ ᠦᠬᠡᠢ ᠪᠠᠷ ᠦᠢᠯᠡᠳᠪᠦᠷᠢᠯᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠷᠢᠶ᠎ᠠ ᠲᠣᠭᠤᠷᠢᠭ ᠤᠨ ᠡᠵᠡᠩᠨᠡᠯᠲᠡ ᠶᠢᠨ ᠡᠷᠦᠬᠡ ᠪᠦᠷᠢ ᠶᠢ ᠰᠠᠶᠢᠲᠤᠷ ᠬᠢᠨᠠᠨ ᠬᠠᠮᠢᠶᠠᠷᠬᠤ ᠶᠢ ᠪᠠᠲᠤᠯᠠᠵᠤ᠂ ᠠᠷᠠᠳ ᠤᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠨ᠎ᠠ᠃
微信图片_20220803155041.png
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号