ᠬᠠᠶᠢᠷᠤᠪ ᠤᠨ ᠲᠤᠬᠤᠢ ᠲᠣᠭᠤᠷᠢᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ ᠬᠠᠤᠯᠢ ᠬᠡᠷᠡᠭᠵᠢᠭᠦᠯᠬᠦ ᠨᠢᠭᠡᠴᠡ ᠲᠠᠢ ᠬᠠᠮᠲᠤᠷᠠᠨ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠡᠵᠡᠩᠨᠡᠯᠲᠡ ᠶᠢᠨ ᠨᠢᠭᠡᠴᠡ ᠶᠢ ᠪᠠᠶᠢᠴᠠᠭᠠᠪᠠ
ᠨᠡᠶᠢᠲᠡᠯᠡᠭᠰᠡᠨ ᠴᠠᠭ᠄
2022/8/31
      ᠣᠶᠢᠷ᠎ᠠ ᠳᠤ᠂ ᠬᠠᠶᠢᠷᠤᠪ ᠤᠨ ᠲᠤᠬᠤᠢ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠬᠠᠷᠢᠶ᠎ᠠ ᠣᠷᠣᠨ ᠤ ᠪᠠᠨ ᠵᠦᠴᠦᠭᠡ ᠶᠢᠨ ᠵᠣᠬᠢᠶᠠᠯ ᠵᠤᠭ᠎ᠠ ᠴᠡᠩᠭᠡᠯ ᠤᠨ ᠡᠵᠡᠩᠨᠡᠯᠲᠡ ᠶᠢᠨ ᠲᠠᠯᠠᠪᠤᠷ ᠭᠠᠵᠠᠷ ᠪᠠ ᠴᠠᠬᠢᠯᠭᠠᠨ ᠥᠷᠢᠰᠥᠯᠳᠦᠭᠡᠨ ᠤ ᠪᠠᠭᠤᠳᠠᠯ ᠵᠡᠷᠭᠡ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠡᠵᠡᠩᠨᠡᠯᠲᠡ ᠶᠢᠨ ᠨᠢᠭᠡᠴᠡ ᠳᠤ ᠴᠢᠭᠯᠡᠭᠦᠯᠦᠨ ᠬᠠᠤᠯᠢ ᠬᠡᠷᠡᠭᠵᠢᠭᠦᠯᠦᠯᠲᠡ ᠶᠢᠨ ᠬᠠᠮᠲᠤᠷᠠᠭᠰᠠᠨ ᠪᠠᠶᠢᠴᠠᠭᠠᠯᠲᠠ ᠥᠷᠨᠢᠭᠦᠯᠪᠡ᠃      ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠮᠧᠢ ᠯᠢᠨ ᠣᠯᠠᠨ ᠤᠯᠤᠰ ᠤᠨ A ᠰᠠᠭᠤᠳᠠᠯ᠂ ᠸᠠᠨ ᠳ᠋ᠠ D ᠰᠠᠭᠤᠳᠠᠯ᠂ ᠬᠠᠲᠤᠨ ᠭᠤᠣᠯ ᠤᠨ ᠵᠡᠭᠦᠨ ᠵᠡᠭᠡᠯᠢ᠂ ᠸᠧ ᠶᠧ ᠬᠤᠶᠢᠲᠤ ᠵᠠᠮ ᠤᠨ ᠣᠯᠠᠨ ︽ᠵᠦᠴᠦᠭᠡ ᠶᠢᠨ ᠳᠡᠪᠲᠡᠷ ᠤᠨ ᠠᠯᠠᠯᠭ᠎ᠠ︾᠂ ︽ᠨᠢᠭᠤᠴᠠ ᠥᠷᠥᠭᠡ ᠠᠴᠠ ᠳᠤᠲᠠᠭᠠᠭᠰᠠᠨ ᠨᠢ︾᠂ ᠴᠠᠬᠢᠯᠭᠠᠨ ᠥᠷᠢᠰᠥᠯᠳᠦᠭᠡᠨ ᠤ ᠪᠠᠭᠤᠳᠠᠯ᠂ ᠲᠠᠷᠢᠶᠠᠴᠢᠨ ᠠᠶᠢᠯ ᠤᠨ ᠵᠤᠭᠠᠴᠠᠯ ᠵᠡᠷᠭᠡ ᠡᠵᠡᠩᠨᠡᠯᠲᠡ ᠶᠢᠨ ᠭᠠᠵᠠᠷ ᠤᠳ ᠢ ᠪᠠᠶᠢᠴᠠᠭᠠᠨ ᠰᠤᠷᠪᠤᠯᠵᠢᠯᠠᠪᠠ᠃ ᠪᠠᠶᠢᠴᠠᠭᠠᠬᠤ ᠠᠭᠤᠯᠭ᠎ᠠ ᠳᠤ ᠬᠤᠯᠪᠣᠭᠳᠠᠯ ᠪᠦᠬᠦᠢ ᠡᠵᠡᠩᠨᠡᠯᠲᠡ ᠶᠢᠨ ᠭᠠᠵᠠᠷ ᠲᠤ ᠬᠠᠤᠯᠢ ᠪᠠᠷ ᠲᠣᠭᠲᠠᠭᠠᠭᠰᠠᠨ ᠪᠤᠰᠤ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠨᠠᠰᠤᠨ ᠳᠤ ᠥᠯᠥ ᠬᠦᠷᠦᠭᠰᠡᠳ ᠢ ᠬᠦᠯᠢᠶᠡᠨ ᠠᠪᠤᠭᠰᠠᠨ ᠪᠠᠶᠢᠳᠠᠯ ᠪᠠᠶᠢᠬᠤ ᠡᠰᠡᠬᠦ᠂ ︽ᠵᠦᠴᠦᠭᠡ ᠶᠢᠨ ᠳᠡᠪᠲᠡᠷ ᠤᠨ ᠠᠯᠠᠯᠭ᠎ᠠ︾ ᠪᠠ ︽ᠨᠢᠭᠤᠴᠠ ᠥᠷᠥᠭᠡᠨ ᠠᠴᠠ ᠳᠤᠲᠠᠭᠠᠭᠰᠠᠨ︾ ︽ᠵᠦᠴᠦᠭᠡ ᠶᠢᠨ ᠳᠡᠪᠲᠡᠷ︾ ︽ᠪᠡᠶ᠎ᠡ ᠪᠠᠷ ᠢᠶᠠᠨ ᠣᠶᠢᠯᠠᠭᠠᠬᠤ ᠣᠷᠳᠣᠨ︾᠎ ᠳᠤ ᠰᠦᠷᠳᠡᠭᠦᠯᠦᠯ᠂ ᠬᠦᠴᠦᠷᠬᠡᠭᠯᠡᠯ᠂ ᠱᠠᠯᠢᠭ ᠵᠠᠪᠬᠠᠶ ᠵᠡᠷᠭᠡ ᠨᠠᠰᠤᠨ ᠳᠤ ᠥᠯᠥ ᠬᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠤᠬᠢᠷᠠᠭᠤᠯᠤᠭᠰᠠᠨ ᠠᠭᠤᠯᠭ᠎ᠠ ᠪᠠᠶᠢᠬᠤ ᠡᠰᠡᠬᠦ᠂ ᠴᠠᠬᠢᠯᠭᠠᠨ ᠥᠷᠢᠰᠥᠯᠳᠦᠭᠡᠨ ᠤ ᠪᠠᠭᠤᠳᠠᠯ ᠨᠢ ᠬᠥᠮᠦᠨ ᠳᠠᠷᠠᠭᠠᠯᠠᠨ ᠳᠠᠩᠰᠠᠯᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ᠡᠵᠡᠩᠨᠡᠯᠲᠡ ᠶᠢᠨ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠡᠰᠡᠬᠦ᠂ ᠡᠵᠡᠩᠨᠡᠯᠲᠡ ᠶᠢᠨ ᠲᠠᠯᠠᠪᠤᠷ ᠨᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠴᠤ ᠳᠠᠩᠰᠠᠯᠠᠬᠤ ᠠᠵᠢᠯ ᠢ ᠬᠢᠭᠰᠡᠨ ᠡᠰᠡᠬᠦ᠂ ᠡᠵᠡᠩᠨᠡᠯᠲᠡ ᠶᠢᠨ ᠬᠢᠷᠢ ᠴᠢᠳᠠᠮᠵᠢ ᠨᠢ ᠦᠨᠡᠨ ᠪᠣᠳᠠᠲᠠᠶ ᠪᠥᠭᠡᠳ ᠬᠦᠴᠦᠨ ᠲᠠᠢ ᠪᠠᠶᠢᠬᠤ ᠡᠰᠡᠬᠦ ᠵᠡᠷᠭᠡ ᠪᠣᠯᠤᠨ᠎ᠠ᠃       ᠪᠠᠶᠢᠴᠠᠭᠠᠯᠲᠠ ᠶᠢᠨ ᠳᠤᠮᠳᠠ ᠠᠵᠢᠯᠲᠠᠨ ᠣᠯᠵᠤ ᠮᠡᠳᠡᠭᠰᠡᠨ ᠨᠢ᠂ ᠬᠡᠰᠡᠭ ᠵᠦᠴᠦᠭᠡ ᠶᠢᠨ ᠳᠡᠪᠲᠡᠷ ᠤᠨ ᠵᠤᠭ᠎ᠠ ᠴᠡᠩᠭᠡᠯ ᠤᠨ ᠡᠵᠡᠩᠨᠡᠯᠲᠡ ᠶᠢᠨ ᠲᠠᠯᠠᠪᠤᠷ ᠭᠠᠵᠠᠷ ᠢ ︽ᠵᠦᠴᠦᠭᠡ ᠶᠢᠨ ᠳᠡᠪᠲᠡᠷ ᠤᠨ ᠵᠤᠭ᠎ᠠ ᠴᠡᠩᠭᠡᠯ ᠤᠨ ᠠᠵᠢᠯᠯᠠᠭ᠎ᠠ ᠶᠢᠨ ᠳᠠᠩᠰᠠᠯᠠᠭᠤᠯᠬᠤ ᠵᠢᠭᠠᠯᠲᠠ︾ ᠶᠣᠰᠣᠭᠠᠷ ᠳᠠᠩᠰᠠᠯᠠᠭᠤᠯᠤᠭᠰᠠᠨ ᠥᠬᠡᠶ᠂ ᠲᠤᠬᠠᠶ ᠶᠢᠨ ᠲᠠᠯᠠᠪᠤᠷ ᠲᠤ ᠵᠢᠯᠣᠭᠤᠳᠬᠤ ᠲᠠᠯᠠᠪᠤᠷ ᠤᠨ ᠬᠠᠷᠢᠭᠤᠴᠠᠯᠭᠠᠲᠠᠨ ᠢ ᠪᠥᠬᠦ ᠤᠯᠤᠰ ᠤᠨ ᠰᠣᠶᠣᠯ ᠤᠨ ᠵᠠᠬ᠎ᠠ ᠳᠡᠯᠭᠡᠭᠦᠷ ᠤᠨ ᠮᠡᠷᠭᠡᠵᠢᠯ ᠤᠨ ᠬᠢᠨᠠᠯᠲᠠ ᠬᠠᠮᠢᠶᠠᠷᠤᠯᠲᠠ ᠪᠠ ᠤᠶᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠳᠠᠩᠰᠠᠯᠠᠭᠤᠯᠵᠠᠶ︔ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠵᠡᠩᠨᠡᠭᠴᠢ ᠶᠢᠨ ᠡᠵᠡᠩᠨᠡᠯᠲᠡ ᠶᠢᠨ ᠦᠨᠡᠮᠯᠡᠯ ᠢ ᠨᠠᠷᠢᠨ ᠪᠠᠶᠢᠴᠠᠭᠠᠨ ᠦᠵᠡᠵᠦ᠂ ᠡᠵᠡᠩᠨᠡᠭᠴᠢ ᠶᠢᠨ ᠲᠣᠭᠲᠠᠭᠠᠯ ᠶᠣᠰᠣᠭᠠᠷ ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ ᠠᠪᠤᠭᠰᠠᠨ ᠡᠰᠡᠬᠦ ᠶᠢ ᠬᠢᠨᠠᠨ ᠬᠠᠷᠭᠤᠭᠤᠯᠤᠨ᠎ᠠ᠂ ᠡᠭᠦᠨ ᠳᠤ ᠬᠤᠶᠠᠷ ︽ᠵᠦᠴᠦᠭᠡ ᠶᠢᠨ ᠳᠡᠪᠲᠡᠷ ᠢᠶᠠᠷ ᠠᠯᠠᠬᠤ︾ ᠲᠠᠯᠠᠪᠤᠷ ᠤᠨ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠶᠢ ᠬᠤᠪᠢᠷᠠᠭᠤᠯᠬᠤ ᠴᠢᠬᠤᠯᠠᠲᠠᠶ︔ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠴᠠᠬᠢᠯᠭᠠᠨ ᠥᠷᠢᠰᠥᠯᠳᠦᠭᠡᠨ ᠤ ᠪᠠᠭᠤᠳᠠᠯ ᠤᠨ ᠬᠥᠮᠦᠨ ᠳᠠᠷᠠᠭᠠᠯᠠᠨ ᠳᠠᠩᠰᠠᠯᠠᠬᠤ ᠲᠦᠷᠢᠮ ᠢ ᠰᠣᠩᠭᠤᠨ ᠪᠠᠶᠢᠴᠠᠭᠠᠵᠠᠶ᠂ ᠡᠭᠦᠨ ᠳᠤ᠂ ᠨᠢᠭᠡ ᠴᠠᠬᠢᠯᠭᠠᠨ ᠥᠷᠢᠰᠥᠯᠳᠦᠭᠡᠨ ᠤ ᠪᠠᠭᠤᠳᠠᠯ ᠤᠨ ᠣᠷᠣᠵᠤ ᠰᠠᠭᠤᠭᠰᠠᠨ ᠵᠣᠴᠢᠳ ᠤᠨ ᠮᠡᠳᠡᠭᠡ ᠵᠠᠩᠭᠢ ᠨᠢ ᠳᠠᠩᠰᠠᠯᠠᠭᠤᠯᠤᠭᠰᠠᠨ ᠮᠡᠳᠡᠭᠡ ᠵᠠᠩᠭᠢ ᠲᠠᠢ ᠨᠡᠶᠢᠴᠡᠬᠦ ᠥᠬᠡᠶ ᠪᠣᠯᠬᠤᠷ ᠲᠡᠭᠦᠨ ᠢ ᠲᠡᠷᠡ ᠳᠠᠷᠤᠶ ᠳᠤᠨᠢ ᠴᠡᠭᠴᠡᠯᠡᠨ ᠥᠭᠡᠷᠡᠴᠢᠯᠡᠭᠦᠯᠬᠦ ᠪᠠᠷ ᠵᠠᠷᠯᠢᠭᠳᠠᠵᠠᠶ︔ ᠣᠷᠣᠨ ᠰᠠᠭᠤᠴᠠ ᠪᠠ ᠪᠠᠷᠢᠯᠭ᠎ᠠ ᠶᠢᠨ ᠠᠵᠢᠯ ᠪᠠ ᠭᠠᠯ ᠤᠨᠲᠠᠷᠠᠭᠠᠬᠤ ᠰᠠᠯᠠᠭ᠎ᠠ ᠮᠥᠴᠢᠷ ᠤᠳ ᠬᠡᠰᠡᠭ ᠲᠠᠯᠠᠪᠤᠷ ᠲᠤ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠬᠤᠷᠢᠶᠠᠵᠤ ᠳᠠᠩᠰᠠᠯᠠᠭᠰᠠᠨ ᠥᠬᠡᠶ᠂ ᠭᠠᠯ ᠤᠨᠲᠠᠷᠠᠭᠠᠬᠤ ᠨᠡᠪᠲᠡᠷᠡᠬᠦ ᠵᠠᠮ ᠳᠤ ᠡᠯᠳᠡᠪ ᠪᠣᠳᠠᠰ ᠣᠪᠣᠭᠠᠯᠠᠨ ᠲᠠᠯᠪᠢᠭᠰᠠᠨ᠂ ᠭᠠᠯ ᠤᠨᠲᠠᠷᠠᠭᠠᠭᠤᠷ ᠤᠨ ᠲᠤᠭ᠎ᠠ ᠬᠡᠮᠵᠢᠶ᠎ᠡ ᠶᠢᠨ ᠲᠣᠬᠢᠷᠠᠭᠤᠯᠤᠯᠲᠠ ᠭᠦᠢᠴᠡᠤᠡ ᠥᠬᠡᠶ᠂ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ ᠶᠢᠨ ᠳ᠋ᠧᠩ ᠤᠨ ᠭᠡᠮᠲᠦᠯ᠂ ᠲᠠᠷᠬᠠᠭᠠᠬᠤ ᠵᠢᠭᠠᠯᠲᠠ ᠲᠡᠮᠳᠡᠭ ᠳᠤᠲᠠᠭᠳᠠᠭᠰᠠᠨ ᠪᠤᠶᠤ ᠡᠪᠳᠡᠷᠡᠭᠰᠡᠨ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡ᠃ ᠨᠢᠭᠡᠨᠲᠡ ᠲᠡᠭᠦᠨ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠭᠰᠠᠨ ᠪᠥᠭᠡᠳ ᠬᠠᠮᠢᠶ᠎ᠠ ᠪᠦᠬᠦᠢ ᠬᠠᠷᠢᠭᠤᠴᠠᠯᠭᠠᠲᠠᠨ ᠳᠤ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ ᠶᠢᠨ ᠴᠣᠩᠬᠤᠨ ᠳᠤ ᠬᠦᠷᠴᠦ ᠳᠠᠩᠰᠠᠯᠠᠭᠤᠯᠬᠤ  ᠭᠠᠷ ᠭᠦᠢᠴᠡᠤᠡᠭᠡᠯ ᠬᠢᠬᠦ ᠬᠡᠷᠡᠭᠲᠡᠢ ᠭᠡᠵᠤ ᠰᠠᠨᠠᠭᠤᠯᠵᠠᠢ᠃     ᠲᠤᠰ ᠤᠳᠠᠭ᠎ᠠ ᠶᠢᠨ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠬᠠᠶᠢᠷᠤᠪ ᠤᠨ ᠲᠤᠬᠤᠢ ᠲᠣᠭᠤᠷᠢᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ ᠨᠢ ᠡᠯ᠎ᠡ ᠡᠭᠦᠷᠭᠡ ᠴᠢᠳᠠᠪᠬᠢᠳᠦ ᠰᠠᠯᠠᠭ᠎ᠠ ᠮᠥᠴᠢᠷ ᠲᠠᠢ ᠬᠠᠮᠲᠤ ᠶᠢᠨ ᠲᠠᠨᠢᠯᠲᠠ ᠲᠠᠢ ᠪᠤᠯᠵᠤ᠂ ᠴᠢᠨᠠᠭᠰᠢᠳᠠ ᠬᠠᠮᠲᠤᠪᠠᠷ ᠵᠥᠪᠳᠡᠯᠴᠡᠵᠦ᠂ ᠬᠠᠷᠢᠯᠴᠠᠨ ᠬᠠᠮᠵᠢᠯᠴᠠᠵᠤ᠂ ᠵᠢᠷᠤᠮᠵᠢᠭᠰᠠᠨ᠂ ᠪᠠᠶᠢᠩᠭᠤᠵᠢᠭᠰᠠᠨ᠂ ᠤᠷᠲᠦ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠢᠳᠡᠪᠬᠢᠲᠡᠢ ᠰᠦᠪᠡᠭᠴᠢᠯᠡᠨ ᠪᠠᠶᠢᠭᠤᠯᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠦᠷᠢᠶᠡᠨ ᠤ ᠡᠷᠡᠭᠦᠯ᠂ ᠠᠮᠤᠷ ᠲᠦᠪᠰᠢᠨ᠂ ᠵᠢᠷᠤᠮᠵᠢᠯ ᠲᠠᠢ ᠬᠥᠭᠵᠢᠯᠲᠡ ᠶᠢ ᠬᠠᠮᠲᠤᠪᠠᠷ ᠬᠠᠮᠠᠭᠠᠯᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号