ᠦᠷᠭᠦᠯᠵᠢᠯᠡᠨ ᠬᠦᠴᠦᠯᠡᠨ᠎ᠡ︕ ᠬᠠᠶᠢᠷᠤᠪ ᠤᠨ ᠲᠤᠬᠤᠢ ᠶᠢᠨ ᠡᠨᠡᠬᠦ ᠰᠢᠷᠢᠰ ᠠᠵᠢᠯᠯᠠᠭ᠎ᠠ ᠶᠢᠨ ᠬᠠᠯᠠᠭᠤᠨ ᠤ  ᠬᠡᠮᠵᠢᠶ᠎ᠡ  ᠪᠠᠭᠤᠷᠠᠭᠰᠠᠨ ᠦᠭᠡᠢ ᠁
ᠨᠡᠶᠢᠲᠡᠯᠡᠭᠰᠡᠨ ᠴᠠᠭ᠄
2022/8/31
      ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠪᠦᠬᠦ  ᠲᠤᠭᠤᠷᠢᠭ ᠤᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢ ᠵᠣᠬᠢᠶᠠᠨ ᠪᠠᠶᠢᠭᠤᠯᠤᠨ ᠤᠨᠤᠯ ᠤᠨ ᠰᠤᠷᠤᠯᠴᠠᠯᠭ᠎ᠠ ᠶᠢᠨ ︽ᠤᠯᠠᠨ ᠢᠶᠠᠷ ᠢᠶᠠᠨ ᠤᠩᠰᠢᠬᠤ︾᠂ ︽ᠤᠯᠠᠨ ᠢᠶᠠᠷ ᠢᠶᠠᠨ ᠶᠠᠷᠢᠯᠴᠠᠬᠤ︾᠂ ︽ᠤᠯᠠᠨ ᠢᠶᠠᠷ ᠢᠶᠠᠨ ᠰᠣᠨᠣᠰᠬᠤ︾᠂ ︽ᠤᠯᠠᠨ ᠢᠶᠠᠷ ᠢᠶᠠᠨ ᠪᠢᠴᠢᠬᠦ︾᠂ ︽ᠤᠯᠠᠨ ᠢᠶᠠᠷ ᠢᠶᠠᠨ ᠢᠯᠡ ᠨᠡᠶᠢᠲᠡᠯᠡᠬᠦ︾᠂ ︽ᠤᠯᠠᠨ ᠢᠶᠠᠷ ᠢᠶᠠᠨ ᠡᠭᠦᠳᠬᠦ︾᠂ ︽ᠤᠯᠠᠨ ᠢᠶᠠᠷ ᠢᠶᠠᠨ ᠲᠣᠭᠯᠠᠬᠤ︾ ᠰᠢᠷᠢᠰ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠤᠳᠢ ᠶᠢᠨ ᠰᠤᠷᠤᠯᠴᠠᠯᠭ᠎ᠠ ᠶᠢ ᠲᠠᠷᠢᠬᠢ ᠲᠣᠯᠣᠭᠠᠢ ᠳᠤ ᠬᠠᠳᠠᠩᠰᠢᠭᠤᠯᠵᠠᠢ᠃
微信图片_20220831161609.jpg
微信图片_20220831161613.png
微信图片_20220831161617.png
     ︽ᠤᠯᠠᠨ ᠢᠶᠠᠷ ᠢᠶᠠᠨ ᠤᠩᠰᠢᠬᠤ︾᠂ ︽ᠤᠯᠠᠨ ᠢᠶᠠᠷ ᠢᠶᠠᠨ ᠦᠵᠡᠬᠦ︾ ᠠᠵᠢᠯᠯᠠᠭ᠎ᠠ ᠨᠢ ᠤᠨᠤᠯ ᠤᠨ ᠰᠤᠷᠤᠯᠴᠠᠯᠭ᠎ᠠ ᠶᠢ ᠨᠢᠳᠤᠨ ᠠᠴᠠ ᠵᠢᠷᠦᠬᠡᠨ ᠳᠤ ᠬᠠᠳᠠᠩᠰᠢᠭᠤᠯᠵᠠᠢ᠃ ᠪᠦᠬᠦ  ᠲᠤᠭᠤᠷᠢᠭ ᠤᠨ ᠥᠷᠭᠡᠨ ᠤᠯᠠᠨ ᠨᠠᠮ ᠤᠨ ᠭᠡᠰᠢᠭᠦᠨ ᠺᠠᠲᠡᠷᠴᠤᠤᠡ ᠤᠯᠠᠨ ᠲᠦᠮᠡᠨ ᠤ ᠤᠷᠢᠳᠠᠪᠠᠷ ᠰᠤᠷᠤᠯᠴᠠᠬᠤ ᠶᠢ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠤᠳᠢ ᠶᠢᠨ ᠮᠡᠳᠡᠯᠭᠡ ᠶᠢ ᠭᠦᠨᠵᠡᠭᠡᠢ ᠰᠤᠷᠤᠯᠴᠠᠬᠤ ᠶᠢ ᠠᠬᠢᠭᠤᠯᠬᠤ ᠶᠢᠨ ᠲᠥᠯᠥᠭᠡ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠭ ᠵᠣᠬᠢᠶᠠᠯ ᠢ ᠤᠩᠰᠢᠬᠤ᠂ ᠤᠭ ᠶᠣᠰᠣ ᠶᠢ ᠣᠶᠢᠯᠠᠭᠠᠬᠤ᠂  ᠰᠠᠨᠠᠯ ᠪᠠᠨ ᠰᠣᠯᠢᠯᠴᠠᠨ ᠬᠤᠪᠢᠶᠠᠯᠴᠠᠬᠤ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠵᠦ᠂ ᠤᠭ ᠵᠣᠬᠢᠶᠠᠯ ᠢ ᠲᠡᠷᠡ ᠬᠡᠪ ᠢᠶᠠᠷ ᠨᠢ ᠰᠤᠷᠴᠤ᠂ ᠤᠭ ᠶᠣᠰᠣ ᠶᠢ ᠪᠦᠬᠦ ᠲᠠᠯ᠎ᠠ ᠪᠠᠷ ᠰᠢᠰᠲ᠋ᠧᠮ ᠲᠠᠢ ᠣᠶᠢᠯᠠᠭᠠᠪᠠ᠃ ᠬᠠᠶᠢᠷᠤᠪ ᠤᠨ ᠲᠤᠬᠤᠢ  ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠲᠦᠷᠦᠭᠦᠯᠡᠨ ᠵᠢᠱᠢᠶ᠎ᠡ ᠦᠵᠡᠭᠦᠯᠬᠦ ᠰᠤᠷᠤᠯᠴᠠᠯᠭ᠎ᠠ ᠶᠢ ᠥᠷᠨᠢᠭᠦᠯᠵᠦ᠂ ᠥᠪᠡᠷ ᠢᠶᠠᠨ ᠰᠤᠷᠤᠯᠴᠠᠬᠤ ᠶᠢ ᠲᠦᠷᠦᠭᠦᠯᠡᠨ ᠥᠷᠨᠢᠭᠦᠯᠵᠦ᠂ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠵᠤ᠂ 28 ᠬᠤᠪᠢ ᠴᠢᠨᠠᠷ ᠰᠠᠶᠢᠲᠠᠢ ᠰᠤᠳᠤᠯᠤᠨ ᠶᠠᠷᠢᠯᠴᠠᠬᠤ ᠮᠡᠳᠡᠭᠦᠯᠦᠯᠲᠡ ᠶᠢ ᠪᠦᠷᠢᠯᠳᠦᠭᠦᠯᠵᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠂ ᠦᠨᠳᠦᠰᠦᠨ ᠱᠠᠲᠤᠨ ᠤ ᠨᠠᠮ ᠤᠨ ᠡᠭᠦᠷ ᠤᠨ ᠰᠤᠷᠤᠯᠴᠠᠬᠤ ᠬᠡᠯᠪᠡᠷᠢ ᠶᠢ ᠪᠠᠶᠠᠯᠢᠭᠵᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠰᠢᠪᠠᠳᠠᠨ ᠰᠤᠷᠤᠯᠴᠠᠯᠭ᠎ᠠ ᠶᠢᠨ ᠲᠥᠯᠥᠪᠯᠡᠭᠡ ᠪᠠ ᠰᠤᠷᠤᠯᠴᠠᠯᠭ᠎ᠠ ᠶᠢᠨ ᠲᠡᠮᠳᠡᠭᠯᠡᠯ ᠢ ᠰᠠᠶᠢᠲᠤᠷ ᠬᠢᠯᠭᠡᠬᠦ ᠶᠢᠨ ᠬᠠᠮᠲᠤ᠂ ᠨᠣᠮ ᠤᠩᠰᠢᠬᠤ ᠶᠢ ᠬᠠᠮᠲᠤ ᠪᠠᠷ ᠡᠳ᠋ᠯᠡᠬᠦ ᠬᠤᠷᠠᠯ᠂ ᠦᠷ᠎ᠡ ᠪᠦᠲᠦᠭᠡᠯ ᠢ ᠰᠣᠯᠢᠯᠴᠠᠬᠤ ᠬᠤᠷᠠᠯ ᠵᠡᠷᠭᠡ ᠡᠯ᠎ᠡ ᠲᠦᠷᠦᠯ ᠤᠨ ᠰᠤᠷᠤᠯᠴᠠᠬᠤ ᠠᠵᠢᠯᠯᠠᠭ᠎ᠠ ᠶᠢ 150 ᠭᠠᠷᠤᠶ ᠲᠠᠯᠠᠪᠤᠷ ᠤᠳᠠᠭ᠎ᠠ ᠥᠷᠨᠢᠭᠦᠯᠪᠡ᠃ ᠲᠣᠰᠬᠤᠨ ︵ᠨᠡᠶᠢᠭᠡᠮ ᠲᠣᠭᠤᠷᠢᠭ ︶᠎ ᠤ ᠨᠠᠮ ᠤᠨ ᠵᠣᠬᠢᠶᠠᠨ ᠪᠠᠶᠢᠭᠤᠯᠤᠯᠲᠠ ᠲᠤᠰ ᠪᠡᠶ᠎ᠡ ᠶᠢᠨ ᠰᠤᠷᠤᠯᠴᠠᠯᠭ᠎ᠠ ᠪᠠᠨ ᠰᠠᠶᠢᠲᠤᠷ ᠠᠳᠬᠤᠬᠤ ᠶᠢᠨ ᠬᠠᠮᠲᠤ ᠪᠠᠰᠠ ᠨᠡᠶᠢᠭᠡᠮ ᠲᠣᠭᠤᠷᠢᠭ ᠤᠨ ᠥᠷᠭᠡᠨ ᠤᠯᠠᠨ ᠨᠠᠮ ᠤᠨ ᠭᠡᠰᠢᠭᠦᠨ᠂ ᠤᠯᠠᠨ ᠲᠦᠮᠡᠨ᠂ ᠰᠦᠯᠵᠢᠶᠡᠨ ᠤ ᠠᠵᠢᠯᠳᠠᠨ ᠤ ᠰᠤᠷᠤᠯᠴᠠᠯᠭ᠎ᠠ ᠶᠢ ᠬᠠᠮᠲᠤᠪᠠᠷ ᠡᠳ᠋ᠯᠡᠬᠦ ᠵᠡᠷᠭᠡ ᠡᠯ᠎ᠡ ᠲᠦᠷᠦᠯ ᠤᠨ ᠰᠤᠷᠤᠯᠴᠠᠯᠭ᠎ᠠ ᠶᠢᠨ ᠠᠵᠢᠯᠯᠠᠭ᠎ᠠ ᠥᠷᠨᠢᠭᠦᠯᠬᠦ ᠶᠢ ᠢᠳᠡᠪᠬᠢᠲᠡᠢ ᠬᠦᠳᠦᠯᠦᠨ ᠵᠢᠯᠣᠭᠤᠳᠪᠠ᠃ ᠡᠭᠦᠨ ᠤ ᠬᠠᠮᠲᠤ᠂ 12 ᠲᠠᠯᠠᠪᠤᠷ ᠨᠣᠮ ᠪᠢᠴᠢᠭ ᠢ ᠬᠡᠷ ᠲᠤᠨᠢ ᠬᠦᠷᠭᠡᠬᠦ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠤ ᠳᠤᠮᠳᠠ ︽ᠰᠢ ᠶᠢᠨ ᠫᠢᠩ ᠲᠥᠷᠥ ᠶᠢ ᠵᠠᠰᠠᠵᠤ ᠵᠠᠰᠠᠭ ᠢ ᠡᠷᠭᠢᠯᠡᠬᠦ ᠲᠤᠬᠠᠶ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠣᠲᠢ ᠶᠢ ᠤᠩᠰᠢᠵᠤ ᠠᠵᠢᠯᠯᠠᠵᠤ ᠰᠤᠷᠤᠯᠴᠠᠬᠤ ᠶᠢ ᠬᠠᠷᠢᠯᠴᠠᠨ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ︽ᠰᠢ ᠶᠢᠨ ᠫᠢᠩ ᠲᠥᠷᠥ ᠶᠢ ᠵᠠᠰᠠᠵᠤ ᠵᠠᠰᠠᠭ ᠢ ᠡᠷᠭᠢᠯᠡᠬᠦ ᠲᠤᠬᠠᠶ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠤᠳᠢ ᠶᠢᠨ ᠰᠤᠷᠤᠯᠴᠠᠯᠭ᠎ᠠ ᠤᠬᠠᠭᠤᠯᠭ᠎ᠠ ᠶᠢ ᠨᠡᠩ ᠥᠷᠭᠡᠨ ᠳᠡᠯᠭᠡᠷ ᠪᠣᠯᠭᠠᠬᠤ ᠶᠢᠨ ᠲᠥᠯᠥᠭᠡ᠂ ᠱᠤᠭᠤᠮ ᠤᠨ ᠪᠠ ᠱᠤᠭᠤᠮ ᠤᠨ ᠭᠠᠳᠠᠨᠠᠬᠢ ᠢᠵᠢᠯ ᠳᠠᠪᠲᠠᠮᠵᠢᠲᠤ ᠳᠠᠷᠪᠢᠯᠲᠠ ᠶᠢᠨ ᠳᠠᠮᠵᠢᠭᠤᠯᠭ᠎ᠠ ᠶᠢᠨ ᠪᠠᠶᠢᠷᠢᠰᠢᠯ ᠢ ᠪᠦᠷᠢᠯᠳᠦᠭᠦᠯᠵᠦ᠂ ᠬᠠᠶᠢᠷᠤᠪ ᠤᠨ ᠲᠤᠬᠤᠢ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ︽ᠪᠢᠴᠢᠯ ᠪᠦᠷᠭᠡ ᠨᠢᠭᠡ ᠦᠵᠦᠭᠦᠷ︾ ᠵᠡᠷᠭᠡ ᠰᠦᠯᠵᠢᠶᠡᠨ ᠤ ᠤᠬᠠᠭᠤᠯᠭ᠎ᠠ ᠶᠢᠨ ᠲᠠᠪᠴᠠᠩ ᠢ ᠠᠰᠢᠭᠯᠠᠵᠤ᠂ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠤᠳᠢ ᠶᠢ ᠰᠤᠷᠤᠯᠴᠠᠨ ᠤᠬᠠᠭᠤᠯᠬᠤ ᠲᠤᠰᠬᠠᠢ ᠪᠤᠯᠤᠩ ᠤᠨ ᠲᠤᠰᠬᠠᠢ ᠰᠡᠳᠦᠪ ᠭᠠᠷᠭᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠥᠷᠨᠢᠭᠦᠯᠦᠭᠰᠡᠨ ᠡᠯ᠎ᠡ ᠲᠦᠷᠦᠯ ᠤᠨ ᠰᠤᠷᠤᠯᠴᠠᠯᠭ᠎ᠠ ᠶᠢᠨ ᠠᠵᠢᠯᠯᠠᠭ᠎ᠠ ᠳᠤ ᠤᠬᠠᠭᠤᠯᠭ᠎ᠠ ᠬᠢᠵᠦ᠂ ᠨᠢᠭᠡᠨᠲᠡ 5 ᠬᠤᠪᠢ ᠬᠤᠯᠪᠣᠭᠳᠠᠯ ᠪᠦᠬᠦᠢ ᠰᠣᠨᠢᠨ ᠮᠡᠳᠡᠭᠡᠨ ᠤ ᠡᠬᠡ ᠪᠢᠴᠢᠭ ᠢ ᠨᠡᠶᠢᠲᠡᠯᠡᠵᠦ᠂ 9 ᠬᠤᠪᠢ ᠰᠤᠷᠤᠯᠴᠠᠯᠭ᠎ᠠ ᠶᠢᠨ ᠸᠢᠳᠢᠣ᠋ ᠶᠢ ᠨᠡᠶᠢᠲᠡᠯᠡᠵᠦ᠂ 46 ᠬᠤᠪᠢ ᠡᠯ᠎ᠡ ᠲᠦᠷᠦᠯ ᠤᠨ ᠰᠤᠷᠤᠯᠴᠠᠯᠭ᠎ᠠ ᠤᠬᠠᠭᠤᠯᠭ᠎ᠠ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠤᠩᠰᠢᠭᠰᠠᠨ  ᠬᠡᠮᠵᠢᠶ᠎ᠡ ᠨᠢ 9 ᠲᠦᠮᠡ ᠭᠠᠷᠤᠢ ᠬᠥᠮᠦᠨ ᠤᠳᠠᠭ᠎ᠠ ᠳᠤ ᠬᠦᠷᠴᠡᠢ᠃
微信图片_20220831161623.png
微信图片_20220831161625.jpg
微信图片_20220831161620.png
    ︽ᠤᠯᠠᠨ ᠢᠶᠠᠷ ᠢᠶᠠᠨ ᠶᠠᠷᠢᠯᠴᠠᠬᠤ︾ ᠠᠵᠢᠯᠯᠠᠭ᠎ᠠ ᠨᠢ ᠤᠨᠤᠯ ᠤᠨ ᠰᠤᠷᠤᠯᠴᠠᠯᠭ᠎ᠠ ᠶᠢ ᠠᠮᠠᠨ ᠠᠴᠠ ᠨᠢ ᠵᠢᠷᠦᠬᠡᠨ ᠳᠤ ᠬᠦᠷᠲᠡᠯ᠎ᠡ ᠶᠠᠷᠢᠵᠠᠢ᠃ ᠪᠦᠬᠦ ᠲᠤᠭᠤᠷᠢᠭ ᠤᠨ ᠨᠠᠮ ᠤᠨ ᠭᠡᠰᠢᠭᠦᠨ ᠺᠠᠲᠡᠷᠴᠤᠤᠡ ᠤᠯᠠᠨ ᠲᠦᠮᠡᠨ ᠳᠤ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠤᠳᠢ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠲᠤᠰᠬᠠᠢ ᠰᠡᠳᠦᠪᠲᠦ ᠰᠤᠷᠤᠯᠴᠠᠯᠭ᠎ᠠ ᠰᠤᠳᠤᠯᠤᠨ ᠶᠠᠷᠢᠯᠴᠠᠯᠭ᠎ᠠ ᠥᠷᠨᠢᠭᠦᠯᠵᠡᠢ᠃ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠬᠤ ᠪᠠᠷ ᠳᠠᠮᠵᠢᠨ᠂ ᠨᠠᠮ ᠤᠨ ᠭᠡᠰᠢᠭᠦᠨ ᠺᠠᠳ᠋ᠷᠴᠤᠳ᠂ ᠬᠤᠶᠢᠰᠢᠳᠠ ᠰᠤᠷᠤᠭᠰᠠᠨ ᠢᠶᠠᠨ ᠬᠡᠷᠡᠭᠯᠡᠬᠦ ᠳᠡᠭᠡᠷ᠎ᠡ ᠬᠦᠴᠦ ᠣᠷᠣᠭᠤᠯᠵᠤ᠂ ︽ᠰᠤᠷᠤᠯᠴᠠᠨ ᠣᠶᠢᠯᠠᠭᠠᠬᠤ︾ ᠰᠠᠭᠤᠷᠢ ᠪᠠᠨ ᠪᠠᠲᠤᠳᠬᠠᠵᠤ᠂ ︽ᠨᠡᠪᠳᠡᠷᠡᠳᠡᠯ᠎ᠠ ᠡᠵᠡᠮᠰᠢᠬᠦ︾ ᠵᠠᠩᠭᠢᠯᠠᠭ᠎ᠠ ᠶᠢ ᠡᠵᠡᠮᠳᠡᠵᠦ᠂ ︽ᠪᠣᠳᠠᠲᠠᠶᠢᠵᠢᠭᠤᠯᠬᠤ︾ ᠵᠣᠷᠢᠯᠭ᠎ᠠ ᠳᠠᠭᠠᠨ ᠬᠦᠷᠴᠦ᠂ ᠬᠤᠶᠢᠰᠢᠳᠠ ᠶᠢᠨ ᠠᠵᠢᠯ ᠳᠤᠮᠳᠠ ᠪᠠᠨ ᠡᠷᠡᠮᠡᠬᠡᠶᠢᠯᠡᠨ ᠲᠡᠮᠡᠴᠡᠵᠦ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠤᠷᠤᠯᠳᠤᠭᠠᠨ ᠤ ᠵᠠᠮ ᠳᠡᠭᠡᠷ᠎ᠡ ᠬᠦᠴᠦᠯᠡᠨ ᠭᠦᠶᠦᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ ᠭᠡᠵᠦ ᠢᠯᠡᠳᠬᠡᠵᠡᠭᠡᠪᠡ᠃ ᠣᠲᠣ ᠪᠣᠯᠲᠠᠯ᠎ᠠ᠂ ᠪᠥᠬᠦ ᠲᠤᠭᠤᠷᠢᠭ ᠲᠤ ᠨᠢᠭᠡᠨᠲᠡ ᠡᠯ᠎ᠡ ᠲᠥᠷᠥᠯ ᠤᠨ ᠰᠤᠷᠤᠯᠴᠠᠵᠤ ᠰᠤᠳᠤᠯᠤᠨ ᠶᠠᠷᠢᠯᠴᠠᠬᠤ ᠠᠵᠢᠯ ᠢ 60 ᠭᠠᠷᠤᠶ ᠲᠠᠯᠠᠪᠤᠷ ᠥᠷᠨᠢᠭᠦᠯᠦᠭᠰᠡᠨ ᠪᠠᠶᠢᠨ᠎ᠠ᠃     ︽ᠤᠯᠠᠨ ᠢᠶᠠᠷ ᠢᠶᠠᠨ ᠰᠣᠨᠣᠰᠬᠤ︾ ᠠᠵᠢᠯᠯᠠᠭ᠎ᠠ ᠨᠢ ᠤᠨᠤᠯ ᠤᠨ ᠰᠤᠷᠤᠯᠴᠠᠯᠭ᠎ᠠ ᠶᠢ ᠴᠢᠬᠢᠨ ᠠᠴᠠ ᠵᠢᠷᠦᠬᠡᠨ ᠳᠤ ᠬᠦᠷᠲᠡᠯ᠎ᠡ ᠰᠣᠨᠣᠰᠴᠠᠢ᠃ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠤᠳᠢ ᠶᠢᠨ ᠰᠤᠷᠤᠯᠴᠠᠯᠭ᠎ᠠ ᠶᠢ ᠨᠡᠩ ᠠᠮᠢᠳᠤᠯᠢᠭ ᠬᠡᠯᠪᠡᠷᠢ ᠪᠠᠷ ︽ᠡᠭᠡᠯ ᠠᠷᠠᠳ ᠤᠨ ᠭᠡᠷ ᠲᠤ ᠣᠷᠣᠬᠤ︾ ᠪᠣᠯᠭᠠᠬᠤ ᠶᠢᠨ ᠲᠥᠯᠥᠭᠡ ᠶᠤᠮ᠃ ᠤᠨᠤᠯ ᠤᠨ ᠤᠬᠠᠭᠤᠯᠤᠨ ᠲᠠᠶᠢᠯᠪᠤᠷᠢᠯᠠᠯᠲᠠ ᠨᠢ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠢ ᠳᠥᠷᠪᠡᠳᠡᠬᠢ ᠤᠳᠠᠭ᠎ᠠ ᠴᠢᠬᠢᠨ ᠳᠤ ᠬᠠᠳᠠᠩᠰᠢᠭᠤᠯᠵᠠᠢ᠃ ᠬᠠᠶᠢᠷᠤᠪ ᠤᠨ ᠲᠤᠬᠤᠢ‌‍ᠲ᠋ᠣᠭᠤᠷᠢᠭ ᠤᠨ ᠲᠣᠭᠤᠷᠢᠭ ᠤᠨ ᠨᠠᠮ ᠤᠨ ᠬᠤᠷᠢᠶᠠᠨ ᠤ ᠦᠨᠳᠦᠰᠦᠨ ᠱᠠᠲᠤᠨ ᠤ ᠯᠧᠺᠲ᠋ᠣᠷ ᠤᠨ ᠪᠦᠯᠬᠦᠮ᠂ ︽ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ︾᠂ ︽ᠤᠨᠤᠯ ᠤᠨ ᠰᠤᠷᠤᠯᠴᠠᠯᠭ᠎ᠠ ᠶᠢᠨ ᠬᠦᠩᠬᠡᠨ ᠮᠣᠷᠢᠲᠤ ᠴᠡᠷᠢᠭ︾᠂ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ︾ ᠵᠡᠷᠭᠡ ᠤᠬᠠᠭᠤᠯᠤᠨ ᠲᠠᠶᠢᠯᠪᠤᠷᠢᠯᠠᠬᠤ ᠬᠦᠴᠦᠨ ᠳᠤ ᠲᠦᠰᠢᠭᠯᠡᠨ ᠡᠯ᠎ᠡ ᠦᠨᠳᠦᠰᠦᠨ ᠱᠠᠲᠤᠨ ᠤ ᠨᠢᠭᠡᠴᠡ ᠳᠤ ᠭᠦᠨᠵᠡᠭᠡᠶᠢᠷᠡᠨ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠯᠲᠠ ᠶᠢᠨ ︽ᠳᠤᠯᠤᠭ᠎ᠠ ᠶᠢ ᠠᠬᠢᠭᠤᠯᠬᠤ︾ ᠠᠵᠢᠯᠯᠠᠭ᠎ᠠ ᠶᠢ ᠥᠷᠨᠢᠭᠦᠯᠪᠡ᠃ 8 ᠰᠠᠷ᠎ᠠ ᠠᠴᠠ ᠨᠠᠰᠢ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠤᠬᠠᠭᠤᠯᠤᠨ ᠲᠠᠶᠢᠯᠪᠤᠷᠢᠯᠠᠬᠤ ᠡᠩᠨᠡᠭᠡ ᠶᠢᠨ ᠬᠢᠨ ᠦᠨᠳᠦᠰᠦᠨ ᠱᠠᠲᠤᠨ ᠳᠤ ᠭᠦᠨᠵᠡᠭᠡᠶᠢᠷᠡᠵᠦ ᠤᠯᠠᠨ ᠲᠦᠮᠡᠨ ᠢ ᠬᠤᠪᠢᠶᠠᠨ ᠤᠬᠠᠭᠤᠯᠤᠨ ᠲᠠᠶᠢᠯᠪᠤᠷᠢᠯᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠪᠠᠶᠢᠭᠤᠯᠤᠯᠭ᠎ᠠ ᠶᠢᠨ ᠨᠠᠮ ᠤᠨ ᠭᠡᠰᠢᠭᠦᠨ᠂ ᠠᠵᠤ ᠠᠬᠤᠶᠢᠯᠠᠯ ᠤᠨ ᠠᠵᠢᠯᠳᠠᠨ᠂ ᠰᠤᠷᠭᠠᠭᠤᠯᠢ ᠳᠤ ᠪᠠᠶᠢᠭ᠎ᠠ ᠰᠤᠷᠤᠭᠴᠢ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠵᠡᠷᠭᠡ ᠡᠯ᠎ᠡ ᠲᠦᠷᠦᠯ ᠤᠨ ᠬᠠᠮᠲᠤᠯᠢᠭ ᠢ ᠬᠠᠮᠤᠷᠴᠤ᠂ ᠤᠳᠤ ᠪᠣᠯᠲᠠᠯ᠎ᠠ ᠦᠨᠳᠦᠰᠦᠨ ᠱᠠᠲᠤᠨ ᠳᠤ 50 ᠭᠠᠷᠤᠢ ᠤᠳᠠᠭ᠎ᠠ ᠤᠬᠠᠭᠤᠯᠤᠨ ᠲᠠᠶᠢᠯᠪᠤᠷᠢᠯᠠᠵᠤ᠂ 4000 ᠭᠠᠷᠤᠢ ᠬᠥᠮᠦᠨ ᠬᠦᠯᠢᠶᠡᠨ ᠠᠪᠴᠠᠢ᠃     ︽ᠤᠯᠠᠨ ᠢᠶᠠᠷ ᠢᠶᠠᠨ ᠪᠢᠴᠢᠬᠦ︾᠂ ︽ᠤᠯᠠᠨ ᠢᠶᠠᠷ ᠢᠶᠠᠨ ᠢᠯᠡ ᠨᠡᠶᠢᠲᠡᠯᠡᠬᠦ︾ ᠠᠵᠢᠯᠯᠠᠭ᠎ᠠ ᠨᠢ ᠤᠨᠤᠯ ᠤᠨ ᠰᠤᠷᠤᠯᠴᠠᠯᠭ᠎ᠠ ᠶᠢ ᠭᠠᠷ ᠠᠴᠠ ᠰᠡᠳᠬᠢᠯ ᠳᠤ ᠬᠠᠳᠠᠩᠰᠢᠭᠤᠯᠵᠠᠢ᠃ ︽ᠠᠯᠲᠠᠨ ᠥᠭᠦᠯᠡᠪᠦᠷᠢ︾᠎ ᠶᠢ ᠤᠯᠠᠨ ᠢᠶᠠᠷ ᠢᠶᠠᠨ ᠪᠢᠴᠢᠬᠦ ᠭᠤᠣᠯ ᠰᠡᠳᠤᠪᠳᠤ ᠠᠵᠢᠯᠯᠠᠭ᠎ᠠ ᠶᠢ ᠥᠷᠨᠢᠭᠦᠯᠪᠡ᠃ ︽ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠳᠠ︾᠎ ᠶᠢᠨ ᠣᠨᠴᠠᠯᠢᠭ ᠢ ᠪᠠᠳᠠᠷᠠᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠠᠯᠳᠠᠨ ᠥᠭᠦᠯᠡᠪᠦᠷᠢ ᠶᠢ ᠥᠷᠭᠡᠨ ᠢᠶᠠᠷ ᠴᠤᠭᠯᠠᠭᠤᠯᠵᠤ᠂ ︽ᠠᠯᠳᠠᠨ ᠥᠭᠦᠯᠡᠪᠦᠷᠢ ᠶᠢᠨ ᠦᠰᠦᠭ ᠤᠨ ᠪᠢᠴᠢᠭᠡᠰᠦ︾᠎ ᠶᠢ 200 ᠭᠠᠷᠤᠢ ᠳᠡᠪᠲᠡᠷ ᠵᠣᠬᠢᠶᠠᠨ ᠳᠠᠷᠤᠮᠠᠯᠯᠠᠨ ᠲᠠᠷᠬᠠᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠯᠳᠠᠨ ᠥᠭᠦᠯᠡᠪᠦᠷᠢ ᠶᠢ ᠬᠠᠶᠢᠷᠤᠪ ᠤᠨ ᠲᠤᠬᠤᠢ ᠲᠣᠭᠤᠷᠢᠭ ᠲᠤ ᠠᠮᠢᠳᠤᠯᠢᠭ‌‍ᠬᠡᠯᠪᠡᠷᠢ ᠪᠠᠷ ᠥᠷᠭᠡᠨ ᠢᠶᠠᠷ ᠪᠢᠴᠢᠭᠯᠡᠨ ᠤᠯᠠᠮᠵᠢᠯᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠬᠡᠪᠴᠢᠶᠡᠨ ᠳᠤ ᠪᠦᠬᠦ ᠠᠷᠠᠳ ᠢᠶᠠᠷ ᠢᠶᠠᠨ ︽ᠠᠯᠳᠠᠨ ᠥᠭᠦᠯᠡᠪᠦᠷᠢ︾᠎ ᠶᠢ ᠬᠠᠮᠲᠤ ᠪᠠᠷ ᠪᠢᠴᠢᠬᠦ᠂ ᠤᠨᠤᠯ ᠤᠨ ᠮᠡᠳᠡᠯᠭᠡ ᠶᠢ ᠬᠠᠮᠲᠤ ᠪᠠᠷ ᠰᠤᠷᠤᠯᠴᠠᠬᠤ ᠬᠠᠯᠠᠭᠤᠨ ᠥᠷᠨᠢᠯᠲᠡ ᠶᠢ ᠪᠤᠢ ᠪᠣᠯᠭᠠᠪᠠ᠃ ᠤᠨᠤᠯ ᠤᠨ ᠰᠤᠷᠤᠯᠴᠠᠯᠭ᠎ᠠ ᠶᠢᠨ ᠣᠶᠢᠯᠠᠭᠠᠯᠲᠠ ᠪᠠᠨ ᠬᠤᠪᠢᠶᠠᠯᠴᠠᠨ ᠡᠳ᠋ᠯᠡᠬᠦ ︽ᠨᠡᠷᠡᠨ ᠳᠤ ᠡᠭᠡᠭᠡᠬᠦ︾ ︽ᠳᠡᠯᠭᠡᠨ ᠦᠵᠡᠭᠦᠯᠬᠦ︾ ᠵᠡᠷᠭᠡ ᠠᠵᠢᠯᠯᠠᠭ᠎ᠠ ᠶᠢ ᠥᠷᠨᠢᠭᠦᠯᠦᠨ᠎ᠡ᠃ ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢ ᠵᠣᠬᠢᠶᠠᠨ ᠪᠠᠶᠢᠭᠤᠯᠵᠤ ᠸᠢᠴᠠᠲ ᠤᠨ ᠠᠵᠢᠯ ᠤᠨ ᠪᠦᠯᠬᠦᠮ᠂ ᠨᠠᠶᠢᠵᠠ ᠶᠢᠨ ᠲᠣᠭᠤᠷᠢᠭ ᠢᠶᠠᠷ ᠳᠠᠮᠵᠢᠭᠤᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠵᠢᠴᠢ ᠦᠬᠠᠶ ᠬᠤᠲᠠ ᠶᠢᠨ ᠭᠤᠤᠯᠳᠠᠯᠭ᠎ᠠ ᠲᠠᠢ ᠮᠡᠳᠡᠭᠡᠯᠡᠯ ᠢ 30 ᠭᠠᠷᠤᠶ ᠬᠤᠪᠢ ᠰᠢᠯᠵᠢᠭᠦᠯᠦᠨ ᠨᠡᠶᠢᠲᠡᠯᠡᠪᠡ︔ ᠥᠷᠭᠡᠨ ᠤᠯᠠᠨ ᠰᠦᠯᠵᠢᠶᠡᠨ ᠤ ᠰᠢᠭᠦᠮᠵᠢᠯᠡᠭᠴᠢ ᠶᠢ ᠬᠦᠳᠦᠯᠦᠨ ᠵᠢᠯᠣᠭᠤᠳᠴᠤ ᠪᠠᠶᠢᠭᠠᠳ ︽  ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠤᠳᠢ ᠶᠢ 20 ᠭᠠᠷᠤᠢ ᠰᠢᠭᠦᠮᠵᠢ ᠶᠢᠨ ᠵᠣᠬᠢᠶᠠᠯ ᠪᠢᠴᠢᠭᠦᠯᠵᠦ᠂ ᠰᠤᠷᠤᠯᠴᠠᠭᠰᠠᠨ ᠲᠦᠷᠦᠭᠳᠡᠯ ᠢᠶᠠᠨ ᠬᠤᠪᠢᠶᠠᠯᠴᠠᠵᠤ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠳᠡᠯᠭᠡᠨ ᠦᠵᠡᠭᠦᠯᠪᠡ︔ ︽ᠲᠤᠩᠭᠠᠯᠠᠭ ᠪᠠᠭᠠᠲᠤᠷ︾ ᠰᠦᠯᠵᠢᠶᠡᠨ ᠤ ᠦᠨᠡᠯᠡᠭᠴᠢ ᠶᠢ ᠤᠷᠢᠶᠠᠯᠠᠨ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡ ᠶᠢ ᠢᠳᠡᠪᠬᠢᠲᠡᠶ ᠬᠥᠲᠥᠯᠦᠨ ᠵᠢᠯᠣᠭᠤᠳᠴᠤ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠡᠶ᠃     ︽ᠤᠯᠠᠨ ᠢᠶᠠᠷ ᠢᠶᠠᠨ ᠡᠭᠦᠳᠴᠦ︾᠂ ︽ᠤᠯᠠᠨ ᠢᠶᠠᠷ ᠢᠶᠠᠨ ᠲᠣᠭᠯᠠᠬᠤ︾᠎ ᠨᠢ ᠤᠨᠤᠯ ᠤᠨ ᠰᠤᠷᠤᠯᠴᠠᠯᠭ᠎ᠠ ᠶᠢ ᠤᠷᠠᠯᠢᠭ ᠠᠴᠠ ᠰᠡᠳᠬᠢᠯ ᠳᠤ ᠬᠠᠳᠠᠩᠰᠢᠭᠤᠯᠵᠠᠢ᠃ ᠰᠣᠶᠣᠯ ᠤᠳᠬ᠎ᠠ ᠤᠷᠠᠯᠢᠭ ᠤᠨ ᠵᠣᠷᠢᠭ ᠰᠠᠨᠠᠭᠠᠨ ᠤ ᠬᠥᠲᠥᠯᠦᠨ ᠳᠠᠭᠠᠭᠤᠯᠬᠤ ᠤᠶᠢᠯᠡᠳᠤᠯ ᠢ ᠭᠦᠢᠴᠡᠤᠡ ᠪᠠᠳᠠᠷᠠᠭᠤᠯᠵᠤ᠂ ︽ᠰᠢ ᠶᠢᠨ ᠫᠢᠩ ᠲᠥᠷᠥ ᠶᠢ ᠵᠠᠰᠠᠵᠤ ᠵᠠᠰᠠᠭ ᠢ ᠡᠷᠭᠢᠯᠡᠬᠦ ᠲᠤᠬᠠᠶ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠣᠳᠢ ᠶᠢᠨ ᠬᠤᠯᠪᠣᠭᠳᠠᠯ ᠪᠥᠬᠦᠶ ᠠᠭᠤᠯᠭ᠎ᠠ ᠶᠢᠨ ᠲᠣᠭᠤᠷᠢᠨ ᠳᠤ ᠡᠯ᠎ᠡ ᠲᠥᠷᠥᠯ ᠤᠨ ᠰᠣᠶᠣᠯ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠵᠢᠴᠢ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠦᠨ᠎ᠡ᠃ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠶ᠎ᠠ︾ ᠭᠡᠬᠦ ᠭᠤᠣᠯ ᠰᠡᠳᠦᠪᠲᠦ ᠵᠣᠬᠢᠶᠠᠨ ᠪᠦᠲᠦᠭᠡᠬᠦ ᠠᠵᠢᠯᠯᠠᠭ᠎ᠠ ᠶᠢ ᠥᠷᠨᠢᠭᠦᠯᠪᠡ᠃ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠤᠳᠢ ᠶᠢᠨ ᠮᠡᠳᠡᠯᠭᠡ ᠶᠢ ᠰᠤᠷᠤᠯᠴᠠᠨ ᠤᠬᠠᠭᠤᠯᠬᠤ ᠲᠠᠢ ᠤᠶᠠᠯᠳᠤᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠪᠦᠬᠦ ᠲᠤᠭᠤᠷᠢᠭ ᠤᠨ ᠡᠯ᠎ᠡ ᠲᠦᠷᠦᠯ ᠤᠨ ᠤᠳᠬ᠎ᠠ ᠤᠷᠠᠯᠢᠭ ᠤᠨ ᠪᠦᠯᠬᠦᠮ᠂ ᠨᠡᠶᠢᠭᠡᠮᠯᠢᠭ᠂ ᠳᠤᠷ᠎ᠠ ᠪᠠᠭ᠋ᠠᠳᠠᠳ ᠢ ᠳᠠᠶᠢᠴᠢᠯᠠᠨ ᠤᠰᠤᠨ ᠪᠤᠳᠤᠭ᠂ ᠴᠠᠭᠠᠰᠤᠨ ᠬᠠᠶᠢᠴᠢᠯᠠᠮᠠᠯ᠂ ᠵᠢᠷᠤᠭ ᠵᠢᠷᠤᠬᠤ ᠵᠡᠷᠭᠡ ᠡᠯ᠎ᠡ ᠲᠦᠷᠦᠯ ᠤᠨ ᠪᠦᠲᠦᠭᠡᠯ ᠢ 30 ᠭᠠᠷᠤᠢ ᠵᠣᠬᠢᠶᠠᠨ ᠪᠦᠲᠦᠭᠡᠵᠦ᠂ ᠰᠣᠶᠣᠯ ᠢᠶᠠᠷ ᠬᠥᠮᠦᠨ ᠢ ᠬᠥᠮᠦᠵᠢᠭᠦᠯᠬᠦ᠂ ᠰᠣᠶᠣᠯ ᠢᠶᠠᠷ ᠰᠡᠳᠬᠢᠯ ᠢ ᠤᠮᠳᠠᠯᠠᠬᠤ ᠬᠠᠷᠠᠯᠲᠠ ᠶᠢ ᠪᠡᠶᠡᠯᠡᠭᠦᠯᠪᠡ᠃ ︽ᠰᠢ ᠶᠢᠨ ᠫᠢᠩ ᠲᠥᠷᠥ ᠶᠢ ᠵᠠᠰᠠᠵᠤ ᠵᠠᠰᠠᠭ ᠢ ᠡᠷᠬᠢᠯᠡᠬᠦ ᠲᠤᠬᠠᠶ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠤᠳᠢ ᠶᠢᠨ ᠤᠳᠬ᠎ᠠ ᠤᠷᠠᠯᠢᠭ ᠤᠨ ᠤᠬᠠᠭᠤᠯᠭ᠎ᠠ ᠶᠢᠨ ᠠᠷᠭ᠎ᠠ ᠵᠠᠮ ᠢ ᠪᠠᠶᠠᠯᠢᠭᠵᠢᠭᠤᠯᠵᠤ᠂ ᠥᠷᠭᠡᠨ ᠣᠯᠠᠨ ᠰᠣᠶᠣᠯ ᠤᠷᠠᠯᠢᠭ ᠤᠨ ᠳᠤᠷ᠎ᠠ ᠪᠠᠭ᠋ᠠᠲᠠᠶ ᠬᠥᠮᠦᠰ ᠢ ᠵᠣᠬᠢᠶᠠᠨ ᠪᠠᠶᠢᠭᠤᠯᠵᠤ᠂ ᠭᠤᠷᠪᠠᠨ ᠥᠭᠦᠯᠡᠪᠦᠷᠢ ᠬᠠᠭᠠᠰ᠂ ᠭᠤᠷ ᠭᠤᠷ᠂ ᠴᠠᠷᠭᠢᠯ ᠬᠤᠯᠪᠣᠭ᠎ᠠ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ 12 ᠫᠷᠤᠭ᠍ᠷᠠᠮ ᠢ ᠨᠠᠶᠢᠷᠠᠭᠤᠯᠤᠨ ᠵᠣᠬᠢᠶᠠᠵᠤ᠂ ︽ᠤᠯᠤᠰ ᠢᠶᠠᠨ ᠬᠦᠴᠦᠷᠬᠡᠭᠵᠢᠭᠦᠯᠵᠦ ᠰᠡᠷᠭᠦᠨ ᠮᠠᠨᠳᠤᠯᠲᠠ ᠳᠤ ᠪᠢ ᠪᠠᠶᠢᠬᠤ︾᠂ ︽ᠬᠤᠷᠢᠳᠤᠭᠠᠷ ᠶᠡᠭᠡ ᠬᠤᠷᠠᠯ ᠤᠨ ᠤᠷᠤᠭᠰᠢᠯᠠᠨ ᠲᠠᠪᠰᠢᠬᠤ ᠰᠢᠨ᠎ᠡ ᠠᠶᠠᠨ ᠢ ᠪᠠᠶᠠᠷᠯᠠᠨ ᠤᠭᠲᠤᠶ᠎ᠠ︾ ᠵᠡᠷᠭᠡ ᠰᠣᠶᠣᠯ ᠤᠷᠠᠨ ᠰᠠᠶᠢᠬᠠᠨ ᠤ ᠲᠣᠭᠯᠠᠯᠲᠠ ᠲᠠᠢ ᠤᠶᠠᠯᠳᠤᠭᠤᠯᠵᠤ᠂ ᠡᠯ᠎ᠡ ᠲᠦᠷᠦᠯ ᠤᠨ ᠵᠣᠬᠢᠶᠠᠨ ᠪᠦᠲᠦᠭᠡᠭᠰᠡᠨ ᠪᠦᠲᠦᠭᠡᠯ ᠳᠤ ᠲᠥᠪᠯᠡᠷᠡᠩᠭᠦᠢ ᠤᠬᠠᠭᠤᠯᠭ᠎ᠠ ᠦᠵᠡᠭᠦᠯᠦᠯᠭᠡ ᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ︽ᠤᠳᠬ᠎ᠠ ᠤᠷᠠᠯᠢᠭ ᠤᠨ ᠭᠠᠯᠲᠤ ᠲᠡᠷᠭᠡ︾᠎ ᠪᠠᠷ ᠤᠯᠠᠨ ᠲᠦᠮᠡᠨ ᠤ ᠳᠤᠮᠳᠠ ᠬᠦᠷᠭᠡᠵᠡᠢ᠃     ᠬᠠᠶᠢᠷᠤᠪ ᠤᠨ ᠲᠤᠬᠤᠢ ᠶᠢᠨ ᠲᠣᠭᠤᠷᠢᠭ ᠤᠨ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠤᠳᠢ ᠶᠢᠨ ᠤᠯᠠᠮᠵᠢᠯᠠᠯᠲᠤ ᠰᠤᠷᠤᠯᠴᠠᠯᠭ᠎ᠠ ᠤᠬᠠᠭᠤᠯᠭ᠎ᠠ ᠶᠢᠨ ᠠᠴᠢᠶᠠᠯᠠᠪᠤᠷᠢ ᠶᠢ ᠰᠠᠶᠢᠲᠤᠷ ᠠᠳᠬᠤᠬᠤ ᠶᠢᠨ ᠬᠠᠮᠲᠤ᠂ ᠡᠯ᠎ᠡ ᠲᠦᠷᠦᠯ ᠤᠨ ᠲᠤᠰᠬᠠᠢ ᠰᠡᠳᠦᠪᠲᠦ ᠰᠢᠷᠢᠰ ᠰᠤᠷᠤᠯᠴᠠᠯᠭ᠎ᠠ ᠶᠢᠨ ᠠᠵᠢᠯᠯᠠᠭ᠎ᠠ ᠶᠢ ᠰᠠᠶᠢᠲᠤᠷ ᠠᠰᠢᠭᠯᠠᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠤᠷᠤᠯᠴᠠᠯᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠨ ᠯᠠᠪᠳᠠᠭᠤᠨ ᠪᠠᠲᠤᠲᠠᠢ ᠤᠨᠤᠯ ᠤᠨ ᠦᠨᠳᠦᠰᠦᠨ ᠪᠣᠯᠪᠠᠰᠤᠷᠠᠯ᠂ ᠴᠠᠭᠠᠷᠠᠭᠰᠠᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠤᠨ ᠨᠡᠯᠢᠶᠡᠳ ᠥᠨᠳᠥᠷ ᠶᠡᠷᠦᠩᠬᠡᠶᠢᠯᠡᠭᠰᠡᠨ ᠬᠡᠪ ᠪᠣᠯᠪᠠᠰᠤᠷᠠᠯ ᠢᠶᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳ ᠲᠦᠮᠡᠨ ᠳᠤ ᠦᠢᠯᠡᠴᠢᠯᠡᠬᠦ ᠶᠢ ᠠᠬᠢᠭᠤᠯᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠠᠵᠢᠯᠯᠠᠵᠤ ᠦᠢᠯᠡᠰ ᠪᠤᠰᠬᠠᠬᠤ ᠣᠷᠭᠢᠯᠤᠮ᠎ᠠ ᠰᠡᠳᠬᠢᠯᠭᠡ ᠪᠣᠯᠤᠨ ᠠᠮᠢᠵᠢᠷᠠᠯ ᠤᠨ ᠬᠦᠴᠦᠨ ᠢ ᠨᠢᠭᠲᠠᠷᠠᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号