ᠰᠦᠨ ᠬᠤᠤ᠄ ᠠᠷᠢᠭᠤᠨ ᠴᠡᠪᠡᠷ ᠢᠶᠠᠷ ᠳᠤᠯᠠᠭᠠᠯᠠᠬᠤ ᠥᠭᠡᠷᠡᠴᠢᠯᠡᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠳᠲᠡᠷ ᠲᠦᠷᠭᠡᠨ ᠢᠶᠠᠷ ᠠᠬᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2022/8/31
      8 ᠰᠠᠷ᠎ᠠ ᠶᠢᠨ 30᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ  ᠬᠤᠷᠢᠶᠠᠨ ᠤ ᠱᠦᠵᠢ ᠎ ᠶᠢᠨ ᠲᠤᠰᠬᠠᠢ ᠰᠡᠳᠦᠪᠲᠦ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ᠃
微信图片_20220831101459.jpg      
      ᠬᠤᠷᠠᠯ ᠠᠴᠠ ᠠᠷᠢᠭᠤᠨ ᠴᠡᠪᠡᠷ ᠢᠶᠠᠷ ᠳᠤᠯᠠᠭᠠᠯᠠᠭ᠎ᠠ ᠬᠠᠩᠭᠠᠬᠤ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠣᠨᠣᠰᠪᠠ︔ ᠡᠭᠦᠨ ᠤ ᠬᠠᠮᠲᠤ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠶ
微信图片_20220831101503.jpg     
      ᠬᠤᠷᠠᠯ ᠠᠴᠠ᠂ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠪᠣᠯ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ ᠮᠥᠨᠴᠦ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠠᠵᠢᠯ ᠤᠨ ᠲᠠᠯ᠎ᠠ ᠪᠠᠷ ᠦᠵᠡᠯ ᠰᠠᠨᠠᠭ᠎ᠠ ᠪᠠᠨ ᠨᠢᠭᠡᠳᠬᠡᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠠᠵᠢᠯ ᠢ ᠲᠦᠷᠭᠡᠨ ᠠᠬᠢᠭᠤᠯᠬᠤ ᠬᠡᠷᠡᠭᠲᠡᠢ︔ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢᠶᠠᠷ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠵᠡᠷᠭᠡᠪᠡᠷ ᠲᠦᠷᠦᠯ ᠵᠦᠢᠯ ᠲᠣᠭᠲᠠᠭᠠᠵᠤ᠂ ᠵᠡᠷᠭᠡᠪᠡᠷ ᠵᠢᠷᠤᠭᠯᠠᠨ ᠲᠥᠯᠥᠪᠯᠡᠵᠦ᠂ ᠵᠡᠷᠭᠡᠪᠡᠷ ᠪᠠᠷᠢᠯᠭ᠎ᠠ ᠪᠠᠷᠢᠵᠤ᠂ ᠤᠯᠠᠨ ᠲᠦᠮᠡᠨ ᠤ ᠠᠵᠢᠯ ᠢ ᠵᠡᠷᠭᠡᠪᠡᠷ ᠰᠠᠶᠢᠲᠤᠷ ᠬᠢᠬᠦ ᠬᠡᠷᠡᠭᠲᠡᠢ︔ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠵᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠬᠤᠷᠢᠭ᠎ᠠ ᠱᠤᠭᠤᠮ ᠤᠨ ᠤᠯᠠᠭᠠᠨ ᠱᠤᠭᠤᠮ ᠢ ᠪᠠᠲᠤ ᠰᠠᠬᠢᠵᠤ᠂ ᠴᠢᠩᠭ᠎ᠠ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠷ ᠠᠷᠢᠭᠤᠨ ᠴᠡᠪᠡᠷ ᠢᠶᠠᠷ ᠳᠤᠯᠠᠭᠠᠯᠠᠵᠤ ᠥᠭᠡᠷᠡᠴᠢᠯᠡᠬᠦ ᠠᠵᠢᠯ ᠤᠨ ᠳᠤᠮᠳᠠᠬᠢ ᠡᠯ᠎ᠡ ᠵᠤᠶᠢᠯ ᠤᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠶ ᠭᠡᠵᠤ ᠴᠢᠬᠤᠯᠠᠴᠢᠯᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号