ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠪᠦᠬᠦ | ᠲᠤᠭᠤᠷᠢᠭ ᠤᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢ ᠵᠣᠬᠢᠶᠠᠨ ᠪᠠᠶᠢᠭᠤᠯᠤᠨ ᠤᠨᠤᠯ ᠤᠨ ᠰᠤᠷᠤᠯᠴᠠᠯᠭ᠎ᠠ ᠶᠢᠨ | ︽ᠤᠯᠠᠨ ᠢᠶᠠᠷ ᠢᠶᠠᠨ ᠤᠩᠰᠢᠬᠤ︾᠂ ︽ᠤᠯᠠᠨ ᠢᠶᠠᠷ ᠢᠶᠠᠨ ᠶᠠᠷᠢᠯᠴᠠᠬᠤ︾᠂ ︽ᠤᠯᠠᠨ ᠢᠶᠠᠷ ᠢᠶᠠᠨ ᠰᠣᠨᠣᠰᠬᠤ︾᠂ | ︽ᠤᠯᠠᠨ ᠢᠶᠠᠷ ᠢᠶᠠᠨ ᠪᠢᠴᠢᠬᠦ︾᠂ ︽ᠤᠯᠠᠨ ᠢᠶᠠᠷ ᠢᠶᠠᠨ ᠢᠯᠡ ᠨᠡᠶᠢᠲᠡᠯᠡᠬᠦ︾᠂ ︽ᠤᠯᠠᠨ ᠢᠶᠠᠷ ᠢᠶᠠᠨ ᠡᠭᠦᠳᠬᠦ︾᠂ | ︽ᠤᠯᠠᠨ ᠢᠶᠠᠷ ᠢᠶᠠᠨ ᠲᠣᠭᠯᠠᠬᠤ︾ ᠰᠢᠷᠢᠰ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ︽ᠰᠢ ᠶᠢᠨ ᠫᠢᠩ | ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠤᠳᠢ ᠶᠢᠨ | ᠰᠤᠷᠤᠯᠴᠠᠯᠭ᠎ᠠ ᠶᠢ ᠲᠠᠷᠢᠬᠢ ᠲᠣᠯᠣᠭᠠᠢ ᠳᠤ ᠬᠠᠳᠠᠩᠰᠢᠭᠤᠯᠵᠠᠢ᠃ | | | | | ︽ᠤᠯᠠᠨ ᠢᠶᠠᠷ ᠢᠶᠠᠨ ᠤᠩᠰᠢᠬᠤ︾᠂ ︽ᠤᠯᠠᠨ ᠢᠶᠠᠷ ᠢᠶᠠᠨ ᠦᠵᠡᠬᠦ︾ ᠠᠵᠢᠯᠯᠠᠭ᠎ᠠ ᠨᠢ ᠤᠨᠤᠯ ᠤᠨ | ᠰᠤᠷᠤᠯᠴᠠᠯᠭ᠎ᠠ ᠶᠢ ᠨᠢᠳᠤᠨ ᠠᠴᠠ ᠵᠢᠷᠦᠬᠡᠨ ᠳᠤ ᠬᠠᠳᠠᠩᠰᠢᠭᠤᠯᠵᠠᠢ᠃ ᠪᠦᠬᠦ ᠲᠤᠭᠤᠷᠢᠭ ᠤᠨ ᠥᠷᠭᠡᠨ ᠤᠯᠠᠨ | ᠨᠠᠮ ᠤᠨ ᠭᠡᠰᠢᠭᠦᠨ ᠺᠠᠲᠡᠷᠴᠤᠤᠡ ᠤᠯᠠᠨ ᠲᠦᠮᠡᠨ ᠤ ᠤᠷᠢᠳᠠᠪᠠᠷ ᠰᠤᠷᠤᠯᠴᠠᠬᠤ ᠶᠢ ︽ᠰᠢ ᠶᠢᠨ ᠫᠢᠩ ᠲᠦᠷᠦ ᠶᠢ | ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠤᠳᠢ ᠶᠢᠨ ᠮᠡᠳᠡᠯᠭᠡ ᠶᠢ | ᠭᠦᠨᠵᠡᠭᠡᠢ ᠰᠤᠷᠤᠯᠴᠠᠬᠤ ᠶᠢ ᠠᠬᠢᠭᠤᠯᠬᠤ ᠶᠢᠨ ᠲᠥᠯᠥᠭᠡ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠤᠭ ᠵᠣᠬᠢᠶᠠᠯ ᠢ ᠤᠩᠰᠢᠬᠤ᠂ ᠤᠭ ᠶᠣᠰᠣ ᠶᠢ ᠣᠶᠢᠯᠠᠭᠠᠬᠤ᠂ ᠰᠠᠨᠠᠯ ᠪᠠᠨ ᠰᠣᠯᠢᠯᠴᠠᠨ | ᠬᠤᠪᠢᠶᠠᠯᠴᠠᠬᠤ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠵᠦ᠂ ᠤᠭ ᠵᠣᠬᠢᠶᠠᠯ ᠢ ᠲᠡᠷᠡ ᠬᠡᠪ ᠢᠶᠠᠷ ᠨᠢ ᠰᠤᠷᠴᠤ᠂ | ᠤᠭ ᠶᠣᠰᠣ ᠶᠢ ᠪᠦᠬᠦ ᠲᠠᠯ᠎ᠠ ᠪᠠᠷ ᠰᠢᠰᠲ᠋ᠧᠮ ᠲᠠᠢ ᠣᠶᠢᠯᠠᠭᠠᠪᠠ᠃ ᠬᠠᠶᠢᠷᠤᠪ ᠤᠨ ᠲᠤᠬᠤᠢ ᠲᠣᠭᠤᠷᠢᠭ ᠤᠨ | ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠲᠦᠷᠦᠭᠦᠯᠡᠨ ᠵᠢᠱᠢᠶ᠎ᠡ | ᠦᠵᠡᠭᠦᠯᠬᠦ ᠰᠤᠷᠤᠯᠴᠠᠯᠭ᠎ᠠ ᠶᠢ ᠥᠷᠨᠢᠭᠦᠯᠵᠦ᠂ ᠥᠪᠡᠷ ᠢᠶᠠᠨ ᠰᠤᠷᠤᠯᠴᠠᠬᠤ ᠶᠢ ᠲᠦᠷᠦᠭᠦᠯᠡᠨ ᠥᠷᠨᠢᠭᠦᠯᠵᠦ᠂ | ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ | ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ ᠲᠤᠰᠬᠠᠢ ᠰᠡᠳᠦᠪ ᠢᠶᠠᠷ ᠰᠤᠳᠤᠯᠤᠨ | ᠶᠠᠷᠢᠯᠴᠠᠵᠤ᠂ 28 ᠬᠤᠪᠢ ᠴᠢᠨᠠᠷ ᠰᠠᠶᠢᠲᠠᠢ ᠰᠤᠳᠤᠯᠤᠨ ᠶᠠᠷᠢᠯᠴᠠᠬᠤ ᠮᠡᠳᠡᠭᠦᠯᠦᠯᠲᠡ ᠶᠢ ᠪᠦᠷᠢᠯᠳᠦᠭᠦᠯᠵᠡᠢ᠃ ᠡᠯ᠎ᠡ | ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠂ ᠦᠨᠳᠦᠰᠦᠨ ᠱᠠᠲᠤᠨ ᠤ ᠨᠠᠮ ᠤᠨ | ᠡᠭᠦᠷ ᠤᠨ ᠰᠤᠷᠤᠯᠴᠠᠬᠤ ᠬᠡᠯᠪᠡᠷᠢ ᠶᠢ ᠪᠠᠶᠠᠯᠢᠭᠵᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠰᠢᠪᠠᠳᠠᠨ | ᠰᠤᠷᠤᠯᠴᠠᠯᠭ᠎ᠠ ᠶᠢᠨ ᠲᠥᠯᠥᠪᠯᠡᠭᠡ ᠪᠠ ᠰᠤᠷᠤᠯᠴᠠᠯᠭ᠎ᠠ ᠶᠢᠨ ᠲᠡᠮᠳᠡᠭᠯᠡᠯ ᠢ ᠰᠠᠶᠢᠲᠤᠷ ᠬᠢᠯᠭᠡᠬᠦ ᠶᠢᠨ ᠬᠠᠮᠲᠤ᠂ ᠨᠣᠮ | ᠤᠩᠰᠢᠬᠤ ᠶᠢ ᠬᠠᠮᠲᠤ ᠪᠠᠷ ᠡᠳ᠋ᠯᠡᠬᠦ ᠬᠤᠷᠠᠯ᠂ ᠦᠷ᠎ᠡ ᠪᠦᠲᠦᠭᠡᠯ ᠢ ᠰᠣᠯᠢᠯᠴᠠᠬᠤ ᠬᠤᠷᠠᠯ ᠵᠡᠷᠭᠡ ᠡᠯ᠎ᠡ ᠲᠦᠷᠦᠯ ᠤᠨ | ᠰᠤᠷᠤᠯᠴᠠᠬᠤ ᠠᠵᠢᠯᠯᠠᠭ᠎ᠠ ᠶᠢ 150 ᠭᠠᠷᠤᠶ ᠲᠠᠯᠠᠪᠤᠷ ᠤᠳᠠᠭ᠎ᠠ ᠥᠷᠨᠢᠭᠦᠯᠪᠡ᠃ ᠲᠣᠰᠬᠤᠨ ︵ᠨᠡᠶᠢᠭᠡᠮ ᠲᠣᠭᠤᠷᠢᠭ | ︶ ᠤ ᠨᠠᠮ ᠤᠨ ᠵᠣᠬᠢᠶᠠᠨ ᠪᠠᠶᠢᠭᠤᠯᠤᠯᠲᠠ ᠲᠤᠰ ᠪᠡᠶ᠎ᠡ ᠶᠢᠨ ᠰᠤᠷᠤᠯᠴᠠᠯᠭ᠎ᠠ ᠪᠠᠨ ᠰᠠᠶᠢᠲᠤᠷ ᠠᠳᠬᠤᠬᠤ ᠶᠢᠨ ᠬᠠᠮᠲᠤ | ᠪᠠᠰᠠ ᠨᠡᠶᠢᠭᠡᠮ ᠲᠣᠭᠤᠷᠢᠭ ᠤᠨ ᠥᠷᠭᠡᠨ ᠤᠯᠠᠨ ᠨᠠᠮ ᠤᠨ ᠭᠡᠰᠢᠭᠦᠨ᠂ ᠤᠯᠠᠨ ᠲᠦᠮᠡᠨ᠂ ᠰᠦᠯᠵᠢᠶᠡᠨ ᠤ | ᠠᠵᠢᠯᠳᠠᠨ ᠤ ᠰᠤᠷᠤᠯᠴᠠᠯᠭ᠎ᠠ ᠶᠢ ᠬᠠᠮᠲᠤᠪᠠᠷ ᠡᠳ᠋ᠯᠡᠬᠦ ᠵᠡᠷᠭᠡ ᠡᠯ᠎ᠡ ᠲᠦᠷᠦᠯ ᠤᠨ ᠰᠤᠷᠤᠯᠴᠠᠯᠭ᠎ᠠ ᠶᠢᠨ ᠠᠵᠢᠯᠯᠠᠭ᠎ᠠ | ᠥᠷᠨᠢᠭᠦᠯᠬᠦ ᠶᠢ ᠢᠳᠡᠪᠬᠢᠲᠡᠢ ᠬᠦᠳᠦᠯᠦᠨ ᠵᠢᠯᠣᠭᠤᠳᠪᠠ᠃ ᠡᠭᠦᠨ ᠤ ᠬᠠᠮᠲᠤ᠂ 12 ᠲᠠᠯᠠᠪᠤᠷ ᠨᠣᠮ ᠪᠢᠴᠢᠭ ᠢ | ᠬᠡᠷ ᠲᠤᠨᠢ ᠬᠦᠷᠭᠡᠬᠦ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠤ ᠳᠤᠮᠳᠠ ︽ᠰᠢ ᠶᠢᠨ ᠫᠢᠩ ᠲᠥᠷᠥ ᠶᠢ | ᠵᠠᠰᠠᠵᠤ ᠵᠠᠰᠠᠭ ᠢ ᠡᠷᠭᠢᠯᠡᠬᠦ ᠲᠤᠬᠠᠶ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠣᠲᠢ ᠶᠢ ᠤᠩᠰᠢᠵᠤ | ᠠᠵᠢᠯᠯᠠᠵᠤ ᠰᠤᠷᠤᠯᠴᠠᠬᠤ ᠶᠢ ᠬᠠᠷᠢᠯᠴᠠᠨ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ︽ | ᠰᠢ ᠶᠢᠨ ᠫᠢᠩ ᠲᠥᠷᠥ ᠶᠢ ᠵᠠᠰᠠᠵᠤ ᠵᠠᠰᠠᠭ ᠢ ᠡᠷᠭᠢᠯᠡᠬᠦ ᠲᠤᠬᠠᠶ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ | ᠪᠤᠳᠢ ᠶᠢᠨ ᠰᠤᠷᠤᠯᠴᠠᠯᠭ᠎ᠠ ᠤᠬᠠᠭᠤᠯᠭ᠎ᠠ ᠶᠢ ᠨᠡᠩ ᠥᠷᠭᠡᠨ ᠳᠡᠯᠭᠡᠷ ᠪᠣᠯᠭᠠᠬᠤ ᠶᠢᠨ ᠲᠥᠯᠥᠭᠡ᠂ ᠱᠤᠭᠤᠮ ᠤᠨ ᠪᠠ | ᠱᠤᠭᠤᠮ ᠤᠨ ᠭᠠᠳᠠᠨᠠᠬᠢ ᠢᠵᠢᠯ ᠳᠠᠪᠲᠠᠮᠵᠢᠲᠤ ᠳᠠᠷᠪᠢᠯᠲᠠ ᠶᠢᠨ ᠳᠠᠮᠵᠢᠭᠤᠯᠭ᠎ᠠ ᠶᠢᠨ ᠪᠠᠶᠢᠷᠢᠰᠢᠯ ᠢ ᠪᠦᠷᠢᠯᠳᠦᠭᠦᠯᠵᠦ᠂ | ᠬᠠᠶᠢᠷᠤᠪ ᠤᠨ ᠲᠤᠬᠤᠢ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ︽ᠪᠢᠴᠢᠯ ᠪᠦᠷᠭᠡ ᠨᠢᠭᠡ ᠦᠵᠦᠭᠦᠷ︾ | ᠵᠡᠷᠭᠡ ᠰᠦᠯᠵᠢᠶᠡᠨ ᠤ ᠤᠬᠠᠭᠤᠯᠭ᠎ᠠ ᠶᠢᠨ ᠲᠠᠪᠴᠠᠩ ᠢ ᠠᠰᠢᠭᠯᠠᠵᠤ᠂ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ | ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠤᠳᠢ ᠶᠢ ᠰᠤᠷᠤᠯᠴᠠᠨ ᠤᠬᠠᠭᠤᠯᠬᠤ ᠲᠤᠰᠬᠠᠢ | ᠪᠤᠯᠤᠩ ᠤᠨ ᠲᠤᠰᠬᠠᠢ ᠰᠡᠳᠦᠪ ᠭᠠᠷᠭᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠥᠷᠨᠢᠭᠦᠯᠦᠭᠰᠡᠨ ᠡᠯ᠎ᠡ | ᠲᠦᠷᠦᠯ ᠤᠨ ᠰᠤᠷᠤᠯᠴᠠᠯᠭ᠎ᠠ ᠶᠢᠨ ᠠᠵᠢᠯᠯᠠᠭ᠎ᠠ ᠳᠤ ᠤᠬᠠᠭᠤᠯᠭ᠎ᠠ ᠬᠢᠵᠦ᠂ ᠨᠢᠭᠡᠨᠲᠡ 5 ᠬᠤᠪᠢ ᠬᠤᠯᠪᠣᠭᠳᠠᠯ ᠪᠦᠬᠦᠢ | ᠰᠣᠨᠢᠨ ᠮᠡᠳᠡᠭᠡᠨ ᠤ ᠡᠬᠡ ᠪᠢᠴᠢᠭ ᠢ ᠨᠡᠶᠢᠲᠡᠯᠡᠵᠦ᠂ 9 ᠬᠤᠪᠢ ᠰᠤᠷᠤᠯᠴᠠᠯᠭ᠎ᠠ ᠶᠢᠨ ᠸᠢᠳᠢᠣ᠋ ᠶᠢ ᠨᠡᠶᠢᠲᠡᠯᠡᠵᠦ᠂ 46 | ᠬᠤᠪᠢ ᠡᠯ᠎ᠡ ᠲᠦᠷᠦᠯ ᠤᠨ ᠰᠤᠷᠤᠯᠴᠠᠯᠭ᠎ᠠ ᠤᠬᠠᠭᠤᠯᠭ᠎ᠠ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠤᠩᠰᠢᠭᠰᠠᠨ | ᠬᠡᠮᠵᠢᠶ᠎ᠡ ᠨᠢ 9 ᠲᠦᠮᠡ ᠭᠠᠷᠤᠢ ᠬᠥᠮᠦᠨ ᠤᠳᠠᠭ᠎ᠠ ᠳᠤ ᠬᠦᠷᠴᠡᠢ᠃ | | | | | ︽ᠤᠯᠠᠨ ᠢᠶᠠᠷ ᠢᠶᠠᠨ ᠶᠠᠷᠢᠯᠴᠠᠬᠤ︾ ᠠᠵᠢᠯᠯᠠᠭ᠎ᠠ ᠨᠢ ᠤᠨᠤᠯ ᠤᠨ ᠰᠤᠷᠤᠯᠴᠠᠯᠭ᠎ᠠ ᠶᠢ ᠠᠮᠠᠨ ᠠᠴᠠ ᠨᠢ | ᠵᠢᠷᠦᠬᠡᠨ ᠳᠤ ᠬᠦᠷᠲᠡᠯ᠎ᠡ ᠶᠠᠷᠢᠵᠠᠢ᠃ ᠪᠦᠬᠦ ᠲᠤᠭᠤᠷᠢᠭ ᠤᠨ ᠨᠠᠮ ᠤᠨ ᠭᠡᠰᠢᠭᠦᠨ ᠺᠠᠲᠡᠷᠴᠤᠤᠡ ᠤᠯᠠᠨ ᠲᠦᠮᠡᠨ ᠳᠤ | ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ | ᠪᠤᠳᠢ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠶᠢᠨ ᠲᠥᠯᠥᠭᠡ᠂ ᠬᠠᠶᠢᠷᠤᠪ ᠤᠨ ᠲᠤᠬᠤᠢ | ᠲᠣᠭᠤᠷᠢᠭ ᠤᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠲᠤᠰᠬᠠᠢ | ᠰᠡᠳᠦᠪᠲᠦ ᠰᠤᠷᠤᠯᠴᠠᠯᠭ᠎ᠠ ᠰᠤᠳᠤᠯᠤᠨ ᠶᠠᠷᠢᠯᠴᠠᠯᠭ᠎ᠠ ᠥᠷᠨᠢᠭᠦᠯᠵᠡᠢ᠃ ᠲᠥᠪᠯᠡᠷᠡᠭᠦᠯᠦᠨ ᠰᠤᠷᠤᠯᠴᠠᠵᠤ ᠰᠤᠳᠤᠯᠤᠨ | ᠶᠠᠷᠢᠯᠴᠠᠬᠤ ᠪᠠᠷ ᠳᠠᠮᠵᠢᠨ᠂ ᠨᠠᠮ ᠤᠨ ᠭᠡᠰᠢᠭᠦᠨ ᠺᠠᠳ᠋ᠷᠴᠤᠳ᠂ ᠬᠤᠶᠢᠰᠢᠳᠠ ᠰᠤᠷᠤᠭᠰᠠᠨ ᠢᠶᠠᠨ ᠬᠡᠷᠡᠭᠯᠡᠬᠦ ᠳᠡᠭᠡᠷ᠎ᠡ | ᠬᠦᠴᠦ ᠣᠷᠣᠭᠤᠯᠵᠤ᠂ ︽ᠰᠤᠷᠤᠯᠴᠠᠨ ᠣᠶᠢᠯᠠᠭᠠᠬᠤ︾ ᠰᠠᠭᠤᠷᠢ ᠪᠠᠨ ᠪᠠᠲᠤᠳᠬᠠᠵᠤ᠂ ︽ᠨᠡᠪᠳᠡᠷᠡᠳᠡᠯ᠎ᠠ ᠡᠵᠡᠮᠰᠢᠬᠦ︾ | ᠵᠠᠩᠭᠢᠯᠠᠭ᠎ᠠ ᠶᠢ ᠡᠵᠡᠮᠳᠡᠵᠦ᠂ ︽ᠪᠣᠳᠠᠲᠠᠶᠢᠵᠢᠭᠤᠯᠬᠤ︾ ᠵᠣᠷᠢᠯᠭ᠎ᠠ ᠳᠠᠭᠠᠨ ᠬᠦᠷᠴᠦ᠂ ᠬᠤᠶᠢᠰᠢᠳᠠ ᠶᠢᠨ ᠠᠵᠢᠯ | ᠳᠤᠮᠳᠠ ᠪᠠᠨ ᠡᠷᠡᠮᠡᠬᠡᠶᠢᠯᠡᠨ ᠲᠡᠮᠡᠴᠡᠵᠦ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠦᠨᠳᠦᠰᠦᠲᠡᠨ ᠤ ᠰᠡᠷᠭᠦᠨ | ᠮᠠᠨᠳᠤᠯᠲᠠ ᠶᠢ ᠪᠡᠶᠡᠯᠡᠭᠦᠯᠬᠦ ᠤᠷᠤᠯᠳᠤᠭᠠᠨ ᠤ ᠵᠠᠮ ᠳᠡᠭᠡᠷ᠎ᠡ ᠬᠦᠴᠦᠯᠡᠨ ᠭᠦᠶᠦᠵᠦ᠂ ᠪᠣᠳᠠᠲᠤ ᠠᠵᠢᠯᠯᠠᠭ᠎ᠠ ᠪᠠᠷ ᠢᠶᠠᠨ | ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ ᠭᠡᠵᠦ ᠢᠯᠡᠳᠬᠡᠵᠡᠭᠡᠪᠡ᠃ | ᠣᠲᠣ ᠪᠣᠯᠲᠠᠯ᠎ᠠ᠂ ᠪᠥᠬᠦ ᠲᠤᠭᠤᠷᠢᠭ ᠲᠤ ᠨᠢᠭᠡᠨᠲᠡ ᠡᠯ᠎ᠡ ᠲᠥᠷᠥᠯ ᠤᠨ ᠰᠤᠷᠤᠯᠴᠠᠵᠤ ᠰᠤᠳᠤᠯᠤᠨ ᠶᠠᠷᠢᠯᠴᠠᠬᠤ | ᠠᠵᠢᠯ ᠢ 60 ᠭᠠᠷᠤᠶ ᠲᠠᠯᠠᠪᠤᠷ ᠥᠷᠨᠢᠭᠦᠯᠦᠭᠰᠡᠨ ᠪᠠᠶᠢᠨ᠎ᠠ᠃ | ︽ᠤᠯᠠᠨ ᠢᠶᠠᠷ ᠢᠶᠠᠨ ᠰᠣᠨᠣᠰᠬᠤ︾ ᠠᠵᠢᠯᠯᠠᠭ᠎ᠠ ᠨᠢ ᠤᠨᠤᠯ ᠤᠨ ᠰᠤᠷᠤᠯᠴᠠᠯᠭ᠎ᠠ ᠶᠢ ᠴᠢᠬᠢᠨ ᠠᠴᠠ ᠵᠢᠷᠦᠬᠡᠨ ᠳᠤ | ᠬᠦᠷᠲᠡᠯ᠎ᠡ ᠰᠣᠨᠣᠰᠴᠠᠢ᠃ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ | ᠨᠣᠮ ᠤᠨ ᠳᠥᠷᠪᠡᠳᠦᠭᠡᠷ ᠪᠤᠳᠢ ᠶᠢᠨ ᠰᠤᠷᠤᠯᠴᠠᠯᠭ᠎ᠠ ᠶᠢ ᠨᠡᠩ ᠠᠮᠢᠳᠤᠯᠢᠭ ᠬᠡᠯᠪᠡᠷᠢ ᠪᠠᠷ ︽ᠡᠭᠡᠯ ᠠᠷᠠᠳ ᠤᠨ | ᠭᠡᠷ ᠲᠤ ᠣᠷᠣᠬᠤ︾ ᠪᠣᠯᠭᠠᠬᠤ ᠶᠢᠨ ᠲᠥᠯᠥᠭᠡ ᠶᠤᠮ᠃ ᠤᠨᠤᠯ ᠤᠨ ᠤᠬᠠᠭᠤᠯᠤᠨ ᠲᠠᠶᠢᠯᠪᠤᠷᠢᠯᠠᠯᠲᠠ ᠨᠢ ︽ᠰᠢ ᠶᠢᠨ | ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠢ ᠳᠥᠷᠪᠡᠳᠡᠬᠢ ᠤᠳᠠᠭ᠎ᠠ | ᠴᠢᠬᠢᠨ ᠳᠤ ᠬᠠᠳᠠᠩᠰᠢᠭᠤᠯᠵᠠᠢ᠃ ᠬᠠᠶᠢᠷᠤᠪ ᠤᠨ ᠲᠤᠬᠤᠢᠲ᠋ᠣᠭᠤᠷᠢᠭ ᠤᠨ ᠲᠣᠭᠤᠷᠢᠭ ᠤᠨ ᠨᠠᠮ ᠤᠨ ᠬᠤᠷᠢᠶᠠᠨ ᠤ | ᠦᠨᠳᠦᠰᠦᠨ ᠱᠠᠲᠤᠨ ᠤ ᠯᠧᠺᠲ᠋ᠣᠷ ᠤᠨ ᠪᠦᠯᠬᠦᠮ᠂ ︽ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ︾᠂ ︽ | ᠤᠨᠤᠯ ᠤᠨ ᠰᠤᠷᠤᠯᠴᠠᠯᠭ᠎ᠠ ᠶᠢᠨ ᠬᠦᠩᠬᠡᠨ ᠮᠣᠷᠢᠲᠤ ᠴᠡᠷᠢᠭ︾᠂ ︽ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠥᠪ︾ ᠵᠡᠷᠭᠡ ᠤᠬᠠᠭᠤᠯᠤᠨ ᠲᠠᠶᠢᠯᠪᠤᠷᠢᠯᠠᠬᠤ ᠬᠦᠴᠦᠨ ᠳᠤ ᠲᠦᠰᠢᠭᠯᠡᠨ ᠡᠯ᠎ᠡ ᠦᠨᠳᠦᠰᠦᠨ | ᠱᠠᠲᠤᠨ ᠤ ᠨᠢᠭᠡᠴᠡ ᠳᠤ ᠭᠦᠨᠵᠡᠭᠡᠶᠢᠷᠡᠨ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠯᠲᠠ ᠶᠢᠨ ︽ | ᠳᠤᠯᠤᠭ᠎ᠠ ᠶᠢ ᠠᠬᠢᠭᠤᠯᠬᠤ︾ ᠠᠵᠢᠯᠯᠠᠭ᠎ᠠ ᠶᠢ ᠥᠷᠨᠢᠭᠦᠯᠪᠡ᠃ 8 ᠰᠠᠷ᠎ᠠ ᠠᠴᠠ ᠨᠠᠰᠢ᠂ ᠬᠠᠶᠢᠷᠤᠪ ᠤᠨ ᠲᠤᠬᠤᠢ | ᠲᠣᠭᠤᠷᠢᠭ ᠤᠨ ᠡᠯ᠎ᠡ ᠤᠬᠠᠭᠤᠯᠤᠨ ᠲᠠᠶᠢᠯᠪᠤᠷᠢᠯᠠᠬᠤ ᠡᠩᠨᠡᠭᠡ ᠶᠢᠨ ᠬᠢᠨ ᠦᠨᠳᠦᠰᠦᠨ ᠱᠠᠲᠤᠨ ᠳᠤ ᠭᠦᠨᠵᠡᠭᠡᠶᠢᠷᠡᠵᠦ | ᠤᠯᠠᠨ ᠲᠦᠮᠡᠨ ᠢ ᠬᠤᠪᠢᠶᠠᠨ ᠤᠬᠠᠭᠤᠯᠤᠨ ᠲᠠᠶᠢᠯᠪᠤᠷᠢᠯᠠᠵᠤ᠂ ᠬᠠᠶᠢᠷᠤᠪ ᠤᠨ ᠲᠤᠬᠤᠢ ᠲᠣᠭᠤᠷᠢᠭ ᠤᠨ | ᠪᠠᠶᠢᠭᠤᠯᠤᠯᠭ᠎ᠠ ᠶᠢᠨ ᠨᠠᠮ ᠤᠨ ᠭᠡᠰᠢᠭᠦᠨ᠂ ᠠᠵᠤ ᠠᠬᠤᠶᠢᠯᠠᠯ ᠤᠨ ᠠᠵᠢᠯᠳᠠᠨ᠂ ᠰᠤᠷᠭᠠᠭᠤᠯᠢ ᠳᠤ ᠪᠠᠶᠢᠭ᠎ᠠ | ᠰᠤᠷᠤᠭᠴᠢ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠵᠡᠷᠭᠡ | ᠡᠯ᠎ᠡ ᠲᠦᠷᠦᠯ ᠤᠨ ᠬᠠᠮᠲᠤᠯᠢᠭ ᠢ ᠬᠠᠮᠤᠷᠴᠤ᠂ ᠤᠳᠤ ᠪᠣᠯᠲᠠᠯ᠎ᠠ ᠦᠨᠳᠦᠰᠦᠨ ᠱᠠᠲᠤᠨ ᠳᠤ 50 ᠭᠠᠷᠤᠢ ᠤᠳᠠᠭ᠎ᠠ | ᠤᠬᠠᠭᠤᠯᠤᠨ ᠲᠠᠶᠢᠯᠪᠤᠷᠢᠯᠠᠵᠤ᠂ 4000 ᠭᠠᠷᠤᠢ ᠬᠥᠮᠦᠨ ᠬᠦᠯᠢᠶᠡᠨ ᠠᠪᠴᠠᠢ᠃ | ︽ᠤᠯᠠᠨ ᠢᠶᠠᠷ ᠢᠶᠠᠨ ᠪᠢᠴᠢᠬᠦ︾᠂ ︽ᠤᠯᠠᠨ ᠢᠶᠠᠷ ᠢᠶᠠᠨ ᠢᠯᠡ ᠨᠡᠶᠢᠲᠡᠯᠡᠬᠦ︾ ᠠᠵᠢᠯᠯᠠᠭ᠎ᠠ ᠨᠢ ᠤᠨᠤᠯ ᠤᠨ | ᠰᠤᠷᠤᠯᠴᠠᠯᠭ᠎ᠠ ᠶᠢ ᠭᠠᠷ ᠠᠴᠠ ᠰᠡᠳᠬᠢᠯ ᠳᠤ ᠬᠠᠳᠠᠩᠰᠢᠭᠤᠯᠵᠠᠢ᠃ ︽ᠠᠯᠲᠠᠨ ᠥᠭᠦᠯᠡᠪᠦᠷᠢ︾ ᠶᠢ ᠤᠯᠠᠨ ᠢᠶᠠᠷ ᠢᠶᠠᠨ | ᠪᠢᠴᠢᠬᠦ ᠭᠤᠣᠯ ᠰᠡᠳᠤᠪᠳᠤ ᠠᠵᠢᠯᠯᠠᠭ᠎ᠠ ᠶᠢ ᠥᠷᠨᠢᠭᠦᠯᠪᠡ᠃ ︽ᠳᠤᠮᠳᠠᠳᠤ ᠤᠯᠤᠰ ᠤᠨ ᠤᠷᠠᠨ ᠪᠢᠴᠢᠯᠭᠡ ᠶᠢᠨ | ᠬᠤᠳᠠ︾ ᠶᠢᠨ ᠣᠨᠴᠠᠯᠢᠭ ᠢ ᠪᠠᠳᠠᠷᠠᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ | ᠠᠯᠳᠠᠨ ᠥᠭᠦᠯᠡᠪᠦᠷᠢ ᠶᠢ ᠥᠷᠭᠡᠨ ᠢᠶᠠᠷ ᠴᠤᠭᠯᠠᠭᠤᠯᠵᠤ᠂ ︽ᠠᠯᠳᠠᠨ ᠥᠭᠦᠯᠡᠪᠦᠷᠢ ᠶᠢᠨ ᠦᠰᠦᠭ ᠤᠨ ᠪᠢᠴᠢᠭᠡᠰᠦ︾ | ᠶᠢ 200 ᠭᠠᠷᠤᠢ ᠳᠡᠪᠲᠡᠷ ᠵᠣᠬᠢᠶᠠᠨ ᠳᠠᠷᠤᠮᠠᠯᠯᠠᠨ ᠲᠠᠷᠬᠠᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠯᠳᠠᠨ | ᠥᠭᠦᠯᠡᠪᠦᠷᠢ ᠶᠢ ᠬᠠᠶᠢᠷᠤᠪ ᠤᠨ ᠲᠤᠬᠤᠢ ᠲᠣᠭᠤᠷᠢᠭ ᠲᠤ ᠠᠮᠢᠳᠤᠯᠢᠭᠬᠡᠯᠪᠡᠷᠢ ᠪᠠᠷ ᠥᠷᠭᠡᠨ ᠢᠶᠠᠷ ᠪᠢᠴᠢᠭᠯᠡᠨ | ᠤᠯᠠᠮᠵᠢᠯᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠬᠡᠪᠴᠢᠶᠡᠨ ᠳᠤ ᠪᠦᠬᠦ ᠠᠷᠠᠳ ᠢᠶᠠᠷ ᠢᠶᠠᠨ ︽ᠠᠯᠳᠠᠨ | ᠥᠭᠦᠯᠡᠪᠦᠷᠢ︾ ᠶᠢ ᠬᠠᠮᠲᠤ ᠪᠠᠷ ᠪᠢᠴᠢᠬᠦ᠂ ᠤᠨᠤᠯ ᠤᠨ ᠮᠡᠳᠡᠯᠭᠡ ᠶᠢ ᠬᠠᠮᠲᠤ ᠪᠠᠷ ᠰᠤᠷᠤᠯᠴᠠᠬᠤ ᠬᠠᠯᠠᠭᠤᠨ | ᠥᠷᠨᠢᠯᠲᠡ ᠶᠢ ᠪᠤᠢ ᠪᠣᠯᠭᠠᠪᠠ᠃ ᠤᠨᠤᠯ ᠤᠨ ᠰᠤᠷᠤᠯᠴᠠᠯᠭ᠎ᠠ ᠶᠢᠨ ᠣᠶᠢᠯᠠᠭᠠᠯᠲᠠ ᠪᠠᠨ ᠬᠤᠪᠢᠶᠠᠯᠴᠠᠨ ᠡᠳ᠋ᠯᠡᠬᠦ ︽ | ᠨᠡᠷᠡᠨ ᠳᠤ ᠡᠭᠡᠭᠡᠬᠦ︾ ︽ᠳᠡᠯᠭᠡᠨ ᠦᠵᠡᠭᠦᠯᠬᠦ︾ ᠵᠡᠷᠭᠡ ᠠᠵᠢᠯᠯᠠᠭ᠎ᠠ ᠶᠢ ᠥᠷᠨᠢᠭᠦᠯᠦᠨ᠎ᠡ᠃ ᠪᠥᠬᠦ ᠲᠤᠭᠤᠷᠢᠭ ᠤᠨ | ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢ ᠵᠣᠬᠢᠶᠠᠨ ᠪᠠᠶᠢᠭᠤᠯᠵᠤ ᠸᠢᠴᠠᠲ ᠤᠨ ᠠᠵᠢᠯ ᠤᠨ ᠪᠦᠯᠬᠦᠮ᠂ ᠨᠠᠶᠢᠵᠠ ᠶᠢᠨ | ᠲᠣᠭᠤᠷᠢᠭ ᠢᠶᠠᠷ ᠳᠠᠮᠵᠢᠭᠤᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠵᠢᠴᠢ ᠦᠬᠠᠶ ᠬᠤᠲᠠ ᠶᠢᠨ | ᠭᠤᠤᠯᠳᠠᠯᠭ᠎ᠠ ᠲᠠᠢ ᠮᠡᠳᠡᠭᠡᠯᠡᠯ ᠢ 30 ᠭᠠᠷᠤᠶ ᠬᠤᠪᠢ ᠰᠢᠯᠵᠢᠭᠦᠯᠦᠨ ᠨᠡᠶᠢᠲᠡᠯᠡᠪᠡ︔ ᠥᠷᠭᠡᠨ ᠤᠯᠠᠨ ᠰᠦᠯᠵᠢᠶᠡᠨ ᠤ | ᠰᠢᠭᠦᠮᠵᠢᠯᠡᠭᠴᠢ ᠶᠢ ᠬᠦᠳᠦᠯᠦᠨ ᠵᠢᠯᠣᠭᠤᠳᠴᠤ ᠪᠠᠶᠢᠭᠠᠳ ︽ ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ | ᠲᠤᠬᠠᠢ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠤᠳᠢ ᠶᠢ 20 ᠭᠠᠷᠤᠢ ᠰᠢᠭᠦᠮᠵᠢ ᠶᠢᠨ ᠵᠣᠬᠢᠶᠠᠯ | ᠪᠢᠴᠢᠭᠦᠯᠵᠦ᠂ ᠰᠤᠷᠤᠯᠴᠠᠭᠰᠠᠨ ᠲᠦᠷᠦᠭᠳᠡᠯ ᠢᠶᠠᠨ ᠬᠤᠪᠢᠶᠠᠯᠴᠠᠵᠤ᠂ ᠰᠤᠷᠤᠯᠴᠠᠭᠰᠠᠨ ᠦᠷ᠎ᠡ ᠪᠦᠲᠦᠭᠡᠯ ᠢᠶᠠᠨ | ᠳᠡᠯᠭᠡᠨ ᠦᠵᠡᠭᠦᠯᠪᠡ︔ ︽ᠲᠤᠩᠭᠠᠯᠠᠭ ᠪᠠᠭᠠᠲᠤᠷ︾ ᠰᠦᠯᠵᠢᠶᠡᠨ ᠤ ᠦᠨᠡᠯᠡᠭᠴᠢ ᠶᠢ ᠤᠷᠢᠶᠠᠯᠠᠨ ᠰᠦᠯᠵᠢᠶᠡᠨ | ᠳᠡᠭᠡᠷᠡᠬᠢ ᠶᠠᠷᠢᠶ᠎ᠠ ᠬᠡᠯᠡᠯᠴᠡᠭᠡ ᠶᠢ ᠢᠳᠡᠪᠬᠢᠲᠡᠶ ᠬᠥᠲᠥᠯᠦᠨ ᠵᠢᠯᠣᠭᠤᠳᠴᠤ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ | ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠡᠶ᠃ | ︽ᠤᠯᠠᠨ ᠢᠶᠠᠷ ᠢᠶᠠᠨ ᠡᠭᠦᠳᠴᠦ︾᠂ ︽ᠤᠯᠠᠨ ᠢᠶᠠᠷ ᠢᠶᠠᠨ ᠲᠣᠭᠯᠠᠬᠤ︾ ᠨᠢ ᠤᠨᠤᠯ ᠤᠨ ᠰᠤᠷᠤᠯᠴᠠᠯᠭ᠎ᠠ ᠶᠢ | ᠤᠷᠠᠯᠢᠭ ᠠᠴᠠ ᠰᠡᠳᠬᠢᠯ ᠳᠤ ᠬᠠᠳᠠᠩᠰᠢᠭᠤᠯᠵᠠᠢ᠃ ᠰᠣᠶᠣᠯ ᠤᠳᠬ᠎ᠠ ᠤᠷᠠᠯᠢᠭ ᠤᠨ ᠵᠣᠷᠢᠭ ᠰᠠᠨᠠᠭᠠᠨ ᠤ ᠬᠥᠲᠥᠯᠦᠨ | ᠳᠠᠭᠠᠭᠤᠯᠬᠤ ᠤᠶᠢᠯᠡᠳᠤᠯ ᠢ ᠭᠦᠢᠴᠡᠤᠡ ᠪᠠᠳᠠᠷᠠᠭᠤᠯᠵᠤ᠂ ︽ᠰᠢ ᠶᠢᠨ ᠫᠢᠩ ᠲᠥᠷᠥ ᠶᠢ ᠵᠠᠰᠠᠵᠤ ᠵᠠᠰᠠᠭ ᠢ ᠡᠷᠭᠢᠯᠡᠬᠦ | ᠲᠤᠬᠠᠶ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠣᠳᠢ ᠶᠢᠨ ᠬᠤᠯᠪᠣᠭᠳᠠᠯ ᠪᠥᠬᠦᠶ ᠠᠭᠤᠯᠭ᠎ᠠ ᠶᠢᠨ | ᠲᠣᠭᠤᠷᠢᠨ ᠳᠤ ᠡᠯ᠎ᠡ ᠲᠥᠷᠥᠯ ᠤᠨ ᠰᠣᠶᠣᠯ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠵᠢᠴᠢ ᠤᠬᠠᠭᠤᠯᠭ᠎ᠠ ᠶᠢᠨ | ᠠᠵᠢᠯᠯᠠᠭ᠎ᠠ ᠶᠢ ᠢᠳᠡᠪᠬᠢᠲᠡᠶ ᠥᠷᠨᠢᠭᠦᠯᠦᠨ᠎ᠡ᠃ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠶ᠎ᠠ︾ ᠭᠡᠬᠦ | ᠭᠤᠣᠯ ᠰᠡᠳᠦᠪᠲᠦ ᠵᠣᠬᠢᠶᠠᠨ ᠪᠦᠲᠦᠭᠡᠬᠦ ᠠᠵᠢᠯᠯᠠᠭ᠎ᠠ ᠶᠢ ᠥᠷᠨᠢᠭᠦᠯᠪᠡ᠃ ︽ᠰᠢ ᠶᠢᠨ ᠫᠢᠩ ᠲᠦᠷᠦ ᠶᠢ ᠵᠠᠰᠠᠵᠤ | ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠤᠳᠢ ᠶᠢᠨ ᠮᠡᠳᠡᠯᠭᠡ ᠶᠢ ᠰᠤᠷᠤᠯᠴᠠᠨ | ᠤᠬᠠᠭᠤᠯᠬᠤ ᠲᠠᠢ ᠤᠶᠠᠯᠳᠤᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠵᠣᠬᠢᠶᠠᠨ ᠪᠦᠲᠦᠭᠡᠬᠦ | ᠤᠳᠤᠷᠢᠳᠤᠮᠵᠢ ᠶᠢ ᠪᠠᠷᠢᠮᠲᠠᠯᠠᠵᠤ᠂ ᠪᠦᠬᠦ ᠲᠤᠭᠤᠷᠢᠭ ᠤᠨ ᠡᠯ᠎ᠡ ᠲᠦᠷᠦᠯ ᠤᠨ ᠤᠳᠬ᠎ᠠ ᠤᠷᠠᠯᠢᠭ ᠤᠨ ᠪᠦᠯᠬᠦᠮ᠂ | ᠨᠡᠶᠢᠭᠡᠮᠯᠢᠭ᠂ ᠳᠤᠷ᠎ᠠ ᠪᠠᠭ᠋ᠠᠳᠠᠳ ᠢ ᠳᠠᠶᠢᠴᠢᠯᠠᠨ ᠤᠰᠤᠨ ᠪᠤᠳᠤᠭ᠂ ᠴᠠᠭᠠᠰᠤᠨ ᠬᠠᠶᠢᠴᠢᠯᠠᠮᠠᠯ᠂ ᠵᠢᠷᠤᠭ ᠵᠢᠷᠤᠬᠤ | ᠵᠡᠷᠭᠡ ᠡᠯ᠎ᠡ ᠲᠦᠷᠦᠯ ᠤᠨ ᠪᠦᠲᠦᠭᠡᠯ ᠢ 30 ᠭᠠᠷᠤᠢ ᠵᠣᠬᠢᠶᠠᠨ ᠪᠦᠲᠦᠭᠡᠵᠦ᠂ ᠰᠣᠶᠣᠯ ᠢᠶᠠᠷ ᠬᠥᠮᠦᠨ ᠢ | ᠬᠥᠮᠦᠵᠢᠭᠦᠯᠬᠦ᠂ ᠰᠣᠶᠣᠯ ᠢᠶᠠᠷ ᠰᠡᠳᠬᠢᠯ ᠢ ᠤᠮᠳᠠᠯᠠᠬᠤ ᠬᠠᠷᠠᠯᠲᠠ ᠶᠢ ᠪᠡᠶᠡᠯᠡᠭᠦᠯᠪᠡ᠃ ︽ᠰᠢ ᠶᠢᠨ ᠫᠢᠩ ᠲᠥᠷᠥ ᠶᠢ | ᠵᠠᠰᠠᠵᠤ ᠵᠠᠰᠠᠭ ᠢ ᠡᠷᠬᠢᠯᠡᠬᠦ ᠲᠤᠬᠠᠶ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠤᠳᠢ ᠶᠢᠨ ᠤᠳᠬ᠎ᠠ | ᠤᠷᠠᠯᠢᠭ ᠤᠨ ᠤᠬᠠᠭᠤᠯᠭ᠎ᠠ ᠶᠢᠨ ᠠᠷᠭ᠎ᠠ ᠵᠠᠮ ᠢ ᠪᠠᠶᠠᠯᠢᠭᠵᠢᠭᠤᠯᠵᠤ᠂ ᠥᠷᠭᠡᠨ ᠣᠯᠠᠨ ᠰᠣᠶᠣᠯ ᠤᠷᠠᠯᠢᠭ ᠤᠨ ᠳᠤᠷ᠎ᠠ | ᠪᠠᠭ᠋ᠠᠲᠠᠶ ᠬᠥᠮᠦᠰ ᠢ ᠵᠣᠬᠢᠶᠠᠨ ᠪᠠᠶᠢᠭᠤᠯᠵᠤ᠂ ᠭᠤᠷᠪᠠᠨ ᠥᠭᠦᠯᠡᠪᠦᠷᠢ ᠬᠠᠭᠠᠰ᠂ ᠭᠤᠷ ᠭᠤᠷ᠂ ᠴᠠᠷᠭᠢᠯ ᠬᠤᠯᠪᠣᠭ᠎ᠠ | ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ 12 ᠫᠷᠤᠭ᠍ᠷᠠᠮ ᠢ ᠨᠠᠶᠢᠷᠠᠭᠤᠯᠤᠨ ᠵᠣᠬᠢᠶᠠᠵᠤ᠂ ︽ | ᠤᠯᠤᠰ ᠢᠶᠠᠨ ᠬᠦᠴᠦᠷᠬᠡᠭᠵᠢᠭᠦᠯᠵᠦ ᠰᠡᠷᠭᠦᠨ ᠮᠠᠨᠳᠤᠯᠲᠠ ᠳᠤ ᠪᠢ ᠪᠠᠶᠢᠬᠤ︾᠂ ︽ᠬᠤᠷᠢᠳᠤᠭᠠᠷ ᠶᠡᠭᠡ ᠬᠤᠷᠠᠯ ᠤᠨ | ᠤᠷᠤᠭᠰᠢᠯᠠᠨ ᠲᠠᠪᠰᠢᠬᠤ ᠰᠢᠨ᠎ᠡ ᠠᠶᠠᠨ ᠢ ᠪᠠᠶᠠᠷᠯᠠᠨ ᠤᠭᠲᠤᠶ᠎ᠠ︾ ᠵᠡᠷᠭᠡ ᠰᠣᠶᠣᠯ ᠤᠷᠠᠨ ᠰᠠᠶᠢᠬᠠᠨ ᠤ | ᠲᠣᠭᠯᠠᠯᠲᠠ ᠲᠠᠢ ᠤᠶᠠᠯᠳᠤᠭᠤᠯᠵᠤ᠂ ᠡᠯ᠎ᠡ ᠲᠦᠷᠦᠯ ᠤᠨ ᠵᠣᠬᠢᠶᠠᠨ ᠪᠦᠲᠦᠭᠡᠭᠰᠡᠨ ᠪᠦᠲᠦᠭᠡᠯ ᠳᠤ ᠲᠥᠪᠯᠡᠷᠡᠩᠭᠦᠢ | ᠤᠬᠠᠭᠤᠯᠭ᠎ᠠ ᠦᠵᠡᠭᠦᠯᠦᠯᠭᠡ ᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ︽ᠤᠳᠬ᠎ᠠ ᠤᠷᠠᠯᠢᠭ ᠤᠨ ᠭᠠᠯᠲᠤ ᠲᠡᠷᠭᠡ︾ ᠪᠠᠷ ᠤᠯᠠᠨ | ᠲᠦᠮᠡᠨ ᠤ ᠳᠤᠮᠳᠠ ᠬᠦᠷᠭᠡᠵᠡᠢ᠃ | ᠬᠠᠶᠢᠷᠤᠪ ᠤᠨ ᠲᠤᠬᠤᠢ ᠶᠢᠨ ᠲᠣᠭᠤᠷᠢᠭ ᠤᠨ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ | ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠤᠳᠢ ᠶᠢᠨ ᠤᠯᠠᠮᠵᠢᠯᠠᠯᠲᠤ ᠰᠤᠷᠤᠯᠴᠠᠯᠭ᠎ᠠ ᠤᠬᠠᠭᠤᠯᠭ᠎ᠠ ᠶᠢᠨ | ᠠᠴᠢᠶᠠᠯᠠᠪᠤᠷᠢ ᠶᠢ ᠰᠠᠶᠢᠲᠤᠷ ᠠᠳᠬᠤᠬᠤ ᠶᠢᠨ ᠬᠠᠮᠲᠤ᠂ ᠡᠯ᠎ᠡ ᠲᠦᠷᠦᠯ ᠤᠨ ᠲᠤᠰᠬᠠᠢ ᠰᠡᠳᠦᠪᠲᠦ ᠰᠢᠷᠢᠰ | ᠰᠤᠷᠤᠯᠴᠠᠯᠭ᠎ᠠ ᠶᠢᠨ ᠠᠵᠢᠯᠯᠠᠭ᠎ᠠ ᠶᠢ ᠰᠠᠶᠢᠲᠤᠷ ᠠᠰᠢᠭᠯᠠᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠤᠷᠤᠯᠴᠠᠯᠭ᠎ᠠ ᠶᠢ ᠬᠥᠮᠦᠰ ᠤᠨ | ᠰᠡᠳᠬᠢᠯ ᠳᠤ ᠬᠠᠳᠠᠩᠰᠢᠭᠤᠯᠬᠤ ᠶᠢ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠨ ᠯᠠᠪᠳᠠᠭᠤᠨ ᠪᠠᠲᠤᠲᠠᠢ | ᠤᠨᠤᠯ ᠤᠨ ᠦᠨᠳᠦᠰᠦᠨ ᠪᠣᠯᠪᠠᠰᠤᠷᠠᠯ᠂ ᠴᠠᠭᠠᠷᠠᠭᠰᠠᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠤᠨ ᠨᠡᠯᠢᠶᠡᠳ | ᠥᠨᠳᠥᠷ ᠶᠡᠷᠦᠩᠬᠡᠶᠢᠯᠡᠭᠰᠡᠨ ᠬᠡᠪ ᠪᠣᠯᠪᠠᠰᠤᠷᠠᠯ ᠢᠶᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳ | ᠲᠦᠮᠡᠨ ᠳᠤ ᠦᠢᠯᠡᠴᠢᠯᠡᠬᠦ ᠶᠢ ᠠᠬᠢᠭᠤᠯᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠠᠵᠢᠯᠯᠠᠵᠤ ᠦᠢᠯᠡᠰ | ᠪᠤᠰᠬᠠᠬᠤ ᠣᠷᠭᠢᠯᠤᠮ᠎ᠠ ᠰᠡᠳᠬᠢᠯᠭᠡ ᠪᠣᠯᠤᠨ ᠠᠮᠢᠵᠢᠷᠠᠯ ᠤᠨ ᠬᠦᠴᠦᠨ ᠢ ᠨᠢᠭᠲᠠᠷᠠᠭᠤᠯᠵᠤ᠂ ᠰᠢᠯᠢᠳᠡᠭ | ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ | ᠬᠡᠷᠡᠭᠲᠡᠢ᠃ | |