ᠬᠠᠶᠢᠷᠤᠪ ᠤᠨ ᠲᠤᠬᠤᠢ ᠲᠤᠭᠤᠷᠢᠭ ᠤᠨ ᠬᠢᠨᠠᠨ ᠪᠤᠳᠤᠬᠤ ᠲᠤᠪᠴᠢᠶ᠎ᠠ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠪᠣᠳᠠᠲᠤ ᠦᠷ᠎ᠡ ᠪᠦᠲᠦᠮᠵᠢ ᠶᠢ  ᠳᠡᠭᠡᠭᠰᠢᠯᠡᠭᠦᠯᠤᠨ᠎ᠡ
ᠨᠡᠶᠢᠲᠡᠯᠡᠭᠰᠡᠨ ᠴᠠᠭ᠄
2022/8/4
      ᠡᠨᠡ ᠵᠢᠯ ᠠᠴᠠ ᠨᠠᠰᠢ᠂ ᠲᠤᠭᠤᠷᠢᠭ ᠤᠨ ᠬᠢᠨᠠᠨ ᠪᠤᠳᠤᠬᠤ ᠲᠣᠪᠴᠢᠶ᠎ᠠ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠤᠨ ᠪᠠᠶᠢᠴᠠᠭᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠶᠢᠨ ᠳ᠋ᠤᠭᠠᠷ ᠢ ᠬᠠᠰᠤᠬᠤ ᠲᠣᠭᠲᠠᠴᠠ ᠶᠢ ᠪᠠᠶᠢᠭᠤᠯᠬᠤ᠂ ᠲᠤᠰᠬᠠᠶ ᠵᠤᠶᠢᠯ ᠢᠶᠠᠷ ᠰᠢᠮᠳᠠᠭᠤᠯᠤᠨ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠬᠤ ᠶᠢᠨ ︽ᠡᠷᠬᠢᠨ ᠬᠠᠷᠠᠬᠤ︾ ᠵᠡᠷᠭᠡ ᠣᠯᠠᠨ ᠵᠤᠶᠢᠯ ᠤᠨ ᠠᠷᠭ᠎ᠠ ᠬᠡᠮᠵᠢᠶ᠎ᠡ ᠠᠪᠴᠤ᠂ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠢᠨᠠᠨ ᠪᠤᠳᠤᠯᠲᠠ ᠶᠢᠨ ︽ᠰᠡᠭᠦᠯᠴᠢ ᠶᠢᠨ ᠬᠠᠭᠠᠰ ᠠᠵᠢᠯ︾᠎ ᠢ ᠰᠠᠶᠢᠲᠤᠷ ᠬᠢᠪᠠ᠃      2021 ᠣᠨ ᠳᠤ᠂ ᠬᠠᠶᠢᠷᠤᠪ ᠤᠨ ᠲᠤᠬᠤᠢ ᠲᠤᠭᠤᠷᠢᠭ ᠤᠨ  ᠬᠢᠨᠠᠨ ᠪᠤᠳᠤᠬᠤ ᠲᠣᠪᠴᠢᠶ᠎ᠠ ᠶᠢᠨ ᠬᠢᠨᠠᠨ ᠪᠤᠳᠤᠯᠲᠠ ᠳᠤ 82 ᠠᠰᠠᠭᠤᠳᠠᠯ ᠢ ᠢᠯᠡᠷᠡᠭᠦᠯᠵᠦ᠂ 7 ᠰᠠᠷ᠎ᠠ ᠶᠢᠨ ᠰᠡᠭᠦᠯᠴᠢ ᠪᠣᠯᠲᠠᠯ᠎ᠠ᠂ ᠨᠢᠭᠡᠨᠲᠡ 38 ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ 10 ᠬᠢᠨᠠᠨ ᠪᠤᠳᠤᠯᠲᠠ ᠶᠢᠨ ᠰᠠᠨᠠᠭᠤᠯᠭ᠎ᠠ ᠶᠢ ᠭᠥᠯᠢᠶᠡᠨ ᠠᠪᠴᠤ᠂ ᠶᠠᠭ ᠰᠠᠶᠢᠬᠠᠨ 21 ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ 13 ᠠᠰᠠᠭᠤᠳᠠᠯ ᠢ ᠰᠢᠯᠵᠢᠭᠦᠯᠦᠨ ᠬᠦᠷᠭᠡᠵᠦ᠂ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ 66%᠎ ᠳᠤ ᠬᠥᠷᠪᠡ᠃ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠪᠠᠷ ᠳᠡᠮᠵᠢᠨ᠂ ᠪᠥᠬᠦ ᠲᠤᠭᠤᠷᠢᠭ ᠤᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠰᠠᠬᠢᠯᠭ᠎ᠠ ᠪᠠᠲᠤ ᠶᠢ ᠬᠡᠷᠡᠭᠵᠢᠭᠦᠯᠬᠦ ᠲᠦᠷᠢᠮ ᠲᠣᠭᠲᠠᠭᠠᠯ ᠢ ᠰᠠᠬᠢᠬᠤ ᠦᠵᠡᠯ ᠤᠬᠠᠮᠰᠠᠷ ᠢ ᠦᠨᠡᠨᠬᠦ ᠴᠢᠩᠭᠠᠷᠠᠭᠤᠯᠵᠤ᠂ ᠳᠡᠭᠡᠭᠰᠢ ᠲᠤᠰᠢᠶᠠᠬᠤ ᠡᠳ᠋ ᠤᠨ ᠵᠠᠰᠠᠭ ᠤᠨ ᠲᠣᠭᠲᠠᠭᠠᠯ ᠠᠴᠠ ᠵᠥᠷᠢᠴᠡᠭᠰᠡᠨ ᠵᠣᠭᠤᠰ ᠤᠨ ᠲᠤᠭ᠎ᠠ 24978.12 ᠲᠦᠮᠡᠨ ᠲᠥᠭᠦᠷᠢᠭ᠂ ᠴᠡᠭᠴᠡᠯᠡᠨ ᠰᠠᠶᠢᠵᠢᠷᠠᠭᠤᠯᠬᠤ ᠬᠠᠮᠢᠶᠠᠷᠤᠯᠲᠠ ᠶᠢᠨ ᠵᠢᠷᠤᠮᠵᠢᠯ ᠥᠬᠡᠶ ᠵᠣᠭᠤᠰ ᠤᠨ ᠲᠤᠭ᠎ᠠ 30984.30 ᠲᠦᠮᠡᠨ ᠲᠥᠭᠦᠷᠢᠭ᠂ ᠬᠠᠮᠢᠶ᠎ᠠ ᠪᠥᠬᠦᠶ ᠨᠢᠭᠡᠴᠡ ᠶᠢᠨ ᠲᠣᠭᠲᠠᠮᠠᠯ ᠬᠥᠷᠥᠩᠭᠡ ᠶᠢ 28641.24 ᠲᠦᠮᠡᠨ ᠲᠥᠭᠦᠷᠢᠭ ᠲᠠᠩᠰᠠᠨ ᠳᠤ ᠣᠷᠣᠭᠤᠯᠬᠤ ᠶᠢ ᠰᠢᠮᠳᠠᠭᠤᠯᠵᠤ᠂ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢ 1758.76 ᠲᠦᠮᠡᠨ ᠲᠥᠭᠦᠷᠢᠭ ᠬᠢᠨᠠᠨ ᠬᠠᠰᠤᠵᠤ᠂ ᠬᠤᠶᠠᠷ ᠰᠤᠯᠠ ᠪᠠᠶᠢᠭ᠎ᠠ ᠬᠡᠷ ᠪᠠᠶᠢᠰᠢᠩ ︵ᠤᠤᠯ ᠤᠨ ᠥᠷᠲᠡᠭ ᠨᠢ 51.84 ᠲᠦᠮᠡᠨ ᠲᠥᠭᠦᠷᠢᠭ︶᠎ ᠢ ᠪᠦᠲᠦᠮᠵᠢᠲᠡᠶ ᠠᠰᠢᠭᠯᠠᠬᠤ ᠶᠢ ᠳᠥᠯᠭᠢᠨ ᠠᠬᠢᠭᠤᠯᠵᠤ᠂ ᠲᠣᠭᠲᠠᠮᠠᠯ ᠬᠥᠷᠥᠩᠭᠡ ᠶᠢᠨ ᠠᠯᠳᠠᠭᠳᠠᠬᠤ ᠶᠢ ᠰᠡᠷᠭᠡᠶᠢᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号