ᠹᠧᠩ ᠬᠤᠸᠠᠩ ᠯᠢᠩ ᠵᠡᠭᠡᠯᠢ ᠭᠤᠳᠤᠮᠵᠢ᠄ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠨᠢ ᠰᠠᠭᠤᠭᠠᠯᠢ ᠠᠷᠠᠳ ᠤᠨ ᠠᠮᠢᠳᠤᠷᠠᠯ ᠢ ᠨᠠᠩ ᠲᠠᠭᠠᠯᠠᠮᠵᠢᠲᠠᠶ ᠪᠣᠯᠭᠠᠪᠠ
ᠨᠡᠶᠢᠲᠡᠯᠡᠭᠰᠡᠨ ᠴᠠᠭ᠄
2022/8/4
      ᠬᠠᠶᠢᠷᠤᠪ ᠤᠨ ᠲᠤᠬᠤᠢ ᠲᠣᠭᠤᠷᠢᠭ ᠤᠨ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠠᠷᠢᠶ᠎ᠠ ᠣᠷᠣᠨ ᠳᠤ ᠶᠡᠭᠡ ᠬᠡᠮᠵᠢᠶᠡᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠪᠤᠢ᠂ ᠡᠨᠡ ᠵᠢᠯ ᠠᠴᠠ ᠨᠠᠰᠢ᠂ ᠬᠡᠷᠡᠭ ᠡᠷᠬᠢᠯᠡᠬᠦ ᠭᠠᠵᠠᠷ ᠨᠢ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠲᠠᠢ ᠤᠶᠠᠯᠳᠤᠭᠤᠯᠵᠤ᠂ ᠬᠠᠷᠢᠶ᠎ᠠ ᠲᠣᠭᠤᠷᠢᠭ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠢᠳᠡᠪᠬᠢᠲᠡᠢ ᠠᠬᠢᠭᠤᠯᠵᠤ᠂ ᠥᠷᠭᠡᠨ ᠤᠯᠠᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠪᠠ᠃       ᠬᠠᠶᠢᠷᠤᠪ ᠤᠨ ᠳᠤᠬᠤᠢ ᠲᠣᠭᠤᠷᠢᠭ ᠤᠨ ᠯᠠᠨ ᠲᠢᠶᠠᠨ ᠬᠤᠸᠠ ᠶᠤᠸᠠᠨ ᠪᠠᠭ᠎ᠠ ᠲᠣᠭᠤᠷᠢᠭ ᠪᠣᠯ ᠨᠢᠭᠡᠨ ᠬᠠᠭᠤᠴᠢᠨ ᠪᠠᠭ᠎ᠠ ᠲᠣᠭᠤᠷᠢᠭ ᠪᠣᠯᠤᠨ᠎ᠠ᠂ ᠪᠠᠷᠢᠯᠭ᠎ᠠ ᠶᠢᠨ ᠳᠠᠯᠠᠪᠠᠢ ᠨᠢ 27256 ᠲᠡᠭᠰᠢ ᠳᠥᠷᠪᠡᠯᠵᠢᠨ  ᠮᠧᠲᠷ᠂ 8 ᠰᠠᠭᠤᠷᠢ ᠰᠠᠭᠤᠭᠠᠯᠢ ᠠᠷᠠᠳ ᠤᠨ ᠠᠰᠠᠷ ᠲᠠᠢ᠂ 306 ᠡᠷᠦᠬᠡ ᠲᠠᠢ᠃ 2021 ᠣᠨ ᠳᠤ ᠰᠠᠭᠤᠭᠠᠯᠢ ᠠᠷᠠᠳ ᠤᠨ ᠰᠠᠨᠠᠯ ᠢ ᠭᠦᠢᠴᠡᠳ ᠬᠤᠷᠢᠶᠠᠭᠰᠠᠨ ᠤᠷᠢᠲᠠᠯ ᠳᠣᠣᠷ᠎ᠠ᠂ ᠬᠤᠯᠪᠣᠭᠳᠠᠯ ᠪᠦᠬᠦᠢ ᠨᠢᠭᠡᠴᠡ ᠠᠴᠠ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠢ ᠲᠣᠭᠲᠠᠭᠠᠭᠰᠠᠨ ᠪᠥᠭᠡᠳ ᠡᠨᠡ ᠵᠢᠯ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠯᠥᠪᠯᠡᠭᠡ ᠳᠤ ᠣᠷᠣᠭᠤᠯᠵᠤ᠂ ᠣᠳᠣᠬᠠᠨ ᠳᠤ ᠨᠢᠭᠡᠨᠲᠡ ᠶᠡᠬᠡᠩᠬᠢ ᠶᠢ ᠨᠢ ᠥᠭᠡᠷᠡᠴᠢᠯᠡᠨ ᠪᠠᠶᠢᠭᠤᠯᠬᠤ ᠠᠭᠤᠯᠭ᠎ᠠ ᠶᠢ ᠪᠡᠶᠡᠯᠡᠭᠦᠯᠵᠦ᠂ ᠥᠭᠡᠷᠡᠴᠢᠯᠡᠨ ᠪᠠᠶᠢᠭᠤᠯᠤᠭᠰᠠᠨ ᠦᠷ᠎ᠡ ᠪᠦᠲᠦᠭᠡᠯ ᠨᠢᠭᠡᠨᠲᠡ ᠢᠯᠡᠷᠡᠵᠡᠢ᠃    ᠰᠠᠭᠤᠭᠠᠯᠢ ᠠᠷᠠᠳ ᡁᠢ ᠫᠸᠢ ᠯᠢᠶᠠᠩ ᠯᠠᠨ ᠲᠢᠶᠠᠨ ᠬᠤᠸᠠ ᠶᠤᠸᠠᠨ ᠰᠠᠭᠤᠭᠠᠯᠢ ᠠᠷᠠᠳ ᠤᠨ ᠲᠣᠭᠤᠷᠢᠭ ᠲᠤ 20 ᠰᠢᠬᠠᠮ ᠵᠢᠯ ᠰᠠᠭᠤᠵᠠᠢ᠂ ᠡᠨᠡ ᠤᠳᠠᠭ᠎ᠠ ᠶᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠳᠤ᠂ ᠨᠠᠰᠤᠲᠠᠶᠢᠴᠤᠳ ᠠᠬᠠᠮᠠᠳ ᠨᠠᠮ ᠤᠨ ᠭᠡᠰᠢᠭᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠢᠳᠡᠪᠬᠢᠲᠡᠢ ᠴᠤᠭᠯᠠᠭᠤᠯᠵᠤ᠂ ᠨᠡᠶᠢᠭᠡᠮ ᠲᠣᠭᠤᠷᠢᠭ ᠤᠨ ᠠᠵᠢᠯᠲᠠᠳ ᠤᠨ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠣᠶᠢᠯᠠᠭᠠᠬᠤ᠂ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠡᠢ᠃ ᡁᠢ ᠫᠸᠢ ᠯᠢᠶᠠᠩ᠂ ᠡᠨᠡ ᠤᠳᠠᠭ᠎ᠠ ᠶᠢᠨ ᠥᠭᠡᠷᠡᠴᠢᠯᠡᠯᠲᠡ ᠪᠠᠷ ᠳᠠᠮᠵᠢᠨ᠂ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠴᠣ᠋ ᠰᠢᠨ᠎ᠡ ᠪᠠᠶᠢᠳᠠᠯ ᠲᠠᠢ ᠪᠤᠯᠵᠤ᠂ ᠤᠰᠤ ᠴᠠᠬᠢᠯᠭᠠᠨ ᠳᠤᠯᠠᠭᠠᠯᠠᠭ᠎ᠠ ᠵᠡᠷᠭᠡ ᠲᠤᠨᠤᠭ ᠲᠥᠬᠦᠭᠡᠷᠦᠮᠵᠢ ᠰᠢᠨᠡᠴᠢᠯᠡᠭᠳᠡᠪᠡ᠃ ᠡᠭᠦᠨ ᠤ ᠵᠡᠷᠭᠡ ᠳᠤ᠂ ᠰᠠᠭᠤᠭᠠᠯᠢ ᠠᠷᠠᠳ ᠤᠨ ᠲᠣᠭᠤᠷᠢᠭ ᠤᠨ ᠢᠵᠢ ᠪᠦᠷᠢᠳᠦᠭᠦᠯᠬᠦ ᠴᠢᠳᠠᠮᠵᠢ ᠴᠤ ᠲᠡᠭᠦᠯᠳᠡᠷᠵᠢᠵᠦ ᠂ ᠰᠠᠭᠤᠭᠠᠯᠢ ᠠᠷᠠᠳ ᠤᠨ ᠣᠷᠣᠰᠢᠨ ᠰᠠᠭᠤᠬᠤ ᠣᠷᠴᠢᠨ ᠨᠥᠬᠦᠴᠡᠯ ᠤᠨ ᠲᠠᠯ᠎ᠠ ᠪᠠᠷ ᠬᠢ ᠬᠠᠨᠤᠮᠵᠢ ᠶᠢᠨ ᠬᠡᠮᠵᠢᠶ᠎ᠡ ᠮᠠᠰᠢ ᠥᠨᠳᠥᠷ ᠪᠠᠶᠢᠨ᠎ᠠ᠃     ᠬᠠᠶᠢᠷᠤᠪ ᠤᠨ ᠲᠤᠬᠤᠢ ᠲᠣᠭᠤᠷᠢᠭ ᠤᠨ ᠪᠠᠶᠢᠴᠠᠭᠠᠨ ᠰᠢᠯᠭᠠᠬᠤ ᠠᠰᠠᠷ ᠤᠨ ᠪᠠᠭ᠎ᠠ ᠲᠣᠭᠤᠷᠢᠭ ᠪᠣᠯ ᠨᠢᠭᠡᠨ ᠲᠤᠰᠠᠭᠠᠷ ᠬᠠᠭᠤᠴᠢᠨ ᠪᠠᠭ᠎ᠠ ᠲᠣᠭᠤᠷᠢᠭ ᠪᠣᠯᠤᠨ᠎ᠠ᠂ ᠰᠠᠭᠤᠭᠠᠯᠢ ᠠᠷᠠᠳ ᠤᠨ ᠥᠨᠳᠥᠷ ᠶᠠᠰᠤ ᠴᠢᠨᠠᠷ ᠲᠠᠢ ᠠᠮᠢᠳᠤᠷᠠᠯ ᠤᠨ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠹᠧᠩ ᠬᠤᠸᠠᠩ ᠯᠢᠩ ᠵᠡᠭᠡᠯᠢ ᠨᠢ ᠬᠤᠯᠪᠣᠭᠳᠠᠯ ᠪᠦᠬᠦᠢ ᠨᠢᠭᠡᠴᠡ ᠲᠠᠢ ᠬᠠᠮᠲᠤᠷᠠᠨ ᠡᠮᠦᠨᠡᠬᠢ ᠬᠤᠭᠤᠴᠠᠭᠠᠨ ᠤ ᠪᠣᠰᠤᠭ᠎ᠠ ᠭᠠᠳᠠᠷᠭᠤ᠂ ᠬᠤᠭᠤᠯᠠᠢ ᠲᠣᠣᠷ᠂ ᠤᠰᠤᠨ ᠴᠠᠬᠢᠯᠭᠠᠨ ᠵᠡᠷᠭᠡ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠡᠨᠡ ᠵᠢᠯ ᠪᠠᠰᠠ ᠬᠦᠷᠢᠶᠡᠨ ᠤ ᠳᠣᠲᠣᠷᠠᠬᠢ ᠪᠠᠷᠤᠭ ᠲᠠᠪᠤᠨ ᠵᠠᠭᠤᠨ ᠲᠡᠭᠰᠢ ᠳᠥᠷᠪᠡᠯᠵᠢᠨ ᠮᠧᠲᠷ ᠪᠦᠬᠦᠢ ᠴᠡᠴᠡᠭ ᠤᠨ ᠨᠠᠭᠤᠷ ᠢ ᠥᠭᠡᠷᠡᠴᠢᠯᠡᠵᠦ᠂ ᠲᠡᠰ ᠳᠡᠪᠰᠢᠭᠦᠯᠦᠨ ᠤᠭᠤᠲᠠ ᠴᠡᠴᠡᠷᠯᠢᠭ ᠪᠣᠯᠭᠠᠨ ᠪᠦᠳᠦᠬᠡᠨ ᠪᠠᠶᠢᠭᠤᠯᠵᠠᠢ᠃    ᠣᠶᠢᠯᠠᠭᠠᠭᠰᠠᠨ ᠢᠶᠠᠷ᠂ ᠬᠠᠶᠢᠷᠤᠪ ᠤᠨ ᠲᠤᠬᠤᠢ ᠲᠣᠭᠤᠷᠢᠭ ᠤᠨ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠠᠷᠢᠶ᠎ᠠ ᠲᠣᠭᠤᠷᠢᠭ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠨᠢ ᠪᠦᠬᠦ ᠬᠤᠲᠠ ᠶᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠶᠡᠷᠦᠩᠬᠡᠢ ᠬᠡᠮᠵᠢᠶᠡᠨ ᠤ 48.8%᠎ ᠢ ᠡᠵᠡᠯᠡᠵᠦ ᠪᠤᠢ᠃ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠵᠢᠴᠢ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠬᠠᠮᠢᠶ᠎ᠠ ᠪᠦᠬᠦᠢ ᠱᠠᠭᠠᠷᠳᠠᠯᠭ᠎ᠠ ᠲᠠᠢ ᠤᠶᠠᠯᠳᠤᠭᠤᠯᠵᠤ᠂ ᠡᠨᠡ ᠵᠢᠯ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠬᠠᠷᠢᠶ᠎ᠠ ᠲᠣᠭᠤᠷᠢᠭ ᠤᠨ ᠢᠶᠠᠨ 23 ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ 70 ᠰᠠᠭᠤᠷᠢ ᠠᠰᠠᠷ ᠢ ᠥᠭᠡᠷᠡᠴᠢᠯᠡᠨ ᠪᠠᠶᠢᠭᠤᠯᠵᠤ᠂ 2500 ᠭᠠᠷᠤᠢ ᠡᠷᠦᠬᠡ᠂ 7000 ᠭᠠᠷᠤᠢ ᠬᠥᠮᠦᠨ ᠳᠤ ᠬᠤᠯᠪᠣᠭᠳᠠᠨ᠎ᠠ᠃ ᠣᠳᠣᠬᠠᠨ ᠳᠤ᠂ ᠥᠭᠡᠷᠡᠴᠢᠯᠡᠨ ᠰᠢᠨᠡᠳᠬᠡᠬᠦ ᠢᠨᠵᠧᠨᠧᠷᠢᠩ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠂ ᠡᠭᠦᠨ ᠳᠤ᠂ ᠨᠥᠬᠦᠴᠡᠯ ᠪᠣᠯᠤᠯᠴᠠᠭ᠎ᠠ ᠪᠥᠬᠦᠶ ᠥᠭᠡᠷᠡᠴᠢᠯᠡᠨ ᠰᠢᠨᠡᠳᠬᠡᠬᠦ ᠵᠤᠶᠢᠯᠡᠰ ᠲᠤ ᠪᠠᠰᠠ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠨᠠᠰᠤᠵᠢᠯ ᠤᠨ ᠠᠰᠠᠷᠠᠮᠵᠢ ᠵᠡᠷᠭᠡ ᠲᠠᠯ᠎ᠠ ᠶᠢᠨ ᠬᠡᠷᠡᠭᠴᠡᠭᠡ ᠶᠢ ᠬᠠᠩᠭᠠᠬᠤ ᠪᠣᠯᠤᠨ᠎ᠠ᠃    ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠯᠪᠠᠨ ᠬᠡᠷ ᠤᠨ ᠡᠷᠬᠢᠯᠡᠭᠴᠢ ᠯᠢ ᠸᠧᠶ ᠳ᠋ᠦᠩ ᠬᠡᠯᠡᠬᠦ ᠳᠡᠭᠡᠨ᠄ ︽ᠥᠭᠡᠷᠡᠴᠢᠯᠡᠯᠲᠡ ᠶᠢᠨ ᠭᠤᠤᠯ ᠠᠭᠤᠯᠭ᠎ᠠ ᠶᠢ ᠰᠠᠭᠤᠷᠢ ᠲᠥᠷᠥᠯ᠂ ᠲᠡᠭᠦᠯᠳᠡᠷᠵᠢᠭᠦᠯᠦᠯᠲᠡ ᠶᠢᠨ ᠲᠥᠷᠥᠯ ᠪᠠ ᠳᠡᠭᠡᠭᠰᠢᠯᠡᠭᠦᠯᠦᠯᠲᠡ ᠶᠢᠨ ᠲᠥᠷᠥᠯ ᠭᠡᠵᠦ ᠬᠤᠪᠢᠶᠠᠨ᠎ᠠ᠃ ᠣᠷᠣᠨ ᠵᠠᠢ ᠬᠢᠵᠠᠭᠠᠷ ᠲᠠᠢ ᠪᠠᠶᠢᠳᠠᠯ ᠳᠣᠣᠷ᠎ᠠ᠂ ᠪᠢᠳᠡ ᠵᠥᠪᠬᠡᠨ ᠰᠠᠭᠤᠷᠢ ᠲᠦᠷᠦᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠢ ᠨᠡᠩ ᠲᠦᠬᠦᠮ ᠪᠣᠯᠭᠠᠪᠠ᠃ ᠣᠷᠣᠨ ᠵᠠᠢ ᠶᠢᠨ ᠪᠣᠯᠤᠮᠵᠢ ᠲᠠᠢ ᠪᠠᠶᠢᠳᠠᠯ ᠳᠣᠣᠷ᠎ᠠ᠂ ᠪᠢᠳᠡ ᠲᠡᠭᠦᠯᠳᠡᠷᠵᠢᠭᠦᠯᠬᠦ ᠲᠦᠷᠦᠯ ᠪᠠ ᠳᠡᠭᠡᠭᠰᠢᠯᠡᠭᠦᠯᠬᠦ ᠲᠦᠷᠦᠯ ᠤᠨ ᠠᠵᠢᠯ ᠢ ᠭᠦᠢᠴᠡᠳ ᠬᠢᠵᠦ᠂ ᠡᠳᠦᠷ ᠤᠨ ᠬᠠᠷᠠᠭᠠᠯᠵᠠᠯ᠂ ᠬᠡᠦᠬᠡᠳ ᠤᠨ ᠭᠤᠯᠭᠤᠭᠤᠷ ᠱᠠᠳᠤ ᠵᠡᠷᠭᠡ ᠲᠥᠬᠦᠭᠡᠷᠦᠮᠵᠢ ᠶᠢ ᠲᠤᠬᠢᠷᠠᠭᠤᠯᠵᠤ᠂ ᠰᠠᠭᠤᠭᠠᠯᠢ ᠠᠷᠠᠳ ᠲᠤ ᠨᠡᠩ ᠤᠯᠠᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯ ᠤᠨ ᠲᠦᠷᠦᠭᠳᠡᠯ ᠣᠯᠭᠤᠨ᠎ᠠ︾ ᠭᠡᠵᠦ ᠬᠡᠯᠡᠪᠡ᠃                    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号