ᠶᠡᠭᠡ ᠬᠤᠪᠢᠷᠠᠯᠲᠠ︕ ᠬᠠᠶᠢᠷᠤᠪ ᠤᠨ ᠲᠤᠬᠤᠢ ᠶᠢᠨ ᠪᠣᠬᠢᠷᠲᠤᠯ ᠦᠭᠡᠢ ᠬᠥᠭᠵᠢᠯᠲᠡ ︽ᠤᠶᠤᠨ︾ ᠲᠡᠰᠢ ᠬᠡᠯᠪᠡᠷᠢ ᠪᠠᠨ ᠬᠤᠪᠢᠷᠠᠭᠤᠯᠤᠨ᠎ᠠ
ᠨᠡᠶᠢᠲᠡᠯᠡᠭᠰᠡᠨ ᠴᠠᠭ᠄
2022/8/4
      ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠨᠢ ᠠᠷᠠᠳ ᠲᠦᠮᠡᠨ ᠤ ᠪᠤᠶᠠᠨ ᠵᠢᠷᠭᠠᠯ ᠲᠠᠢ ᠬᠤᠯᠪᠣᠭᠳᠠᠵᠤ᠂ ᠬᠤᠳᠠ ᠶᠢᠨ ᠢᠷᠡᠭᠡᠳᠦᠢ ᠲᠠᠢ ᠬᠤᠯᠪᠣᠭᠳᠠᠨ᠎ᠠ᠃ ᠬᠠᠶᠢᠷᠤᠪ ᠤᠨ ᠲᠤᠬᠤᠢ  ᠲᠣᠭᠤᠷᠢᠭ ᠨᠢ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ ᠭᠤᠣᠯ ᠪᠣᠯᠭᠠᠵᠤ᠂ ᠪᠣᠬᠢᠷᠲᠤᠯ ᠢ ᠵᠠᠰᠠᠬᠤ᠂ ᠠᠮᠢ ᠠᠬᠤᠢ ᠶᠢ ᠬᠠᠮᠠᠭᠠᠯᠠᠬᠤ ᠶᠢ ᠨᠢᠭᠡᠳᠦᠯᠲᠡᠢ ᠲᠥᠯᠥᠪᠵᠢᠭᠦᠯᠵᠦ᠂ ᠪᠣᠬᠢᠷᠲᠤᠯ ᠦᠭᠡᠢ ᠬᠥᠭᠵᠢᠯᠲᠡ ᠶᠢ ᠬᠦᠴᠦᠯᠡᠨ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠳᠡᠭᠡᠭᠰᠢᠯᠡᠯᠲᠡ ᠶᠢ ᠦᠷᠭᠦᠯᠵᠢᠯᠡᠨ ᠠᠬᠢᠭᠤᠯᠤᠨ᠎ᠠ᠃     ᠲᠢᠶᠠᠨ ᠢᠦᠢ ᠪᠦᠯᠦᠭᠯᠡᠯ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠵᠠᠮ ᠢ ᠢᠳᠡᠪᠬᠢᠲᠡᠢ ᠰᠦᠪᠡᠭᠴᠢᠯᠡᠵᠦ᠂ ᠠᠮᠢ ᠠᠬᠤᠢ ᠶᠢᠨ ᠨᠣᠭᠤᠭᠠᠨ ᠦᠩᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠭᠡ ᠦᠩᠭᠡ᠂ ᠨᠠᠮ ᠤᠨ ᠪᠠᠶᠢᠭᠤᠯᠤᠯᠲᠠ ᠶᠢᠨ ᠤᠯᠠᠭᠠᠨ ᠦᠩᠭᠡ ᠶᠢᠨ ︽ᠡᠬᠢ ᠭᠤᠷᠪᠠᠨ ᠦᠩᠭᠡ︾ ᠬᠥᠭᠵᠢᠯᠲᠡ ᠶᠢᠨ ᠵᠠᠭᠪᠤᠷ ᠢ ᠪᠠᠶᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠰᠢᠨ᠎ᠡ ︽ᠵᠢᠷᠤᠭ︾᠎ ᠢ ᠵᠢᠷᠤᠭᠯᠠᠵᠤ᠂ ᠦᠬᠠᠢ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠵᠢᠴᠢ ᠠᠵᠤ ᠠᠬᠤᠢ ᠶᠢᠨ ᠪᠣᠬᠢᠷᠲᠤᠯ ᠦᠭᠡᠢ ᠡᠷᠡᠭᠦᠯ ᠬᠥᠭᠵᠢᠯᠲᠡ ᠳᠤ ᠬᠤᠪᠢ ᠨᠡᠮᠡᠷᠢ ᠦᠵᠡᠭᠦᠯᠪᠡ᠃    ︽ᠠᠮᠢ ᠠᠬᠤᠶ ᠶᠢᠨ ᠪᠣᠬᠢᠷᠲᠤᠯ︾᠎ ᠨᠢ ᠠᠵᠤ ᠤᠶᠢᠯᠡᠰ ᠤᠨ ᠬᠡᠯᠪᠡᠷᠢ ᠶᠢᠨ ᠬᠤᠪᠢᠷᠠᠭᠤᠯᠤᠯᠲᠠ ᠶᠢᠨ ᠰᠠᠭᠤᠷᠢ ᠥᠩᠭᠡ ᠶᠢ ᠭᠡᠷᠡᠯᠲᠦᠭᠦᠯᠪᠡ   ︽ᠮᠠᠨ ᠤ ᠪᠦᠯᠦᠭᠯᠡᠯ ᠤᠨ ᠬᠢᠨ ᠤᠯᠤᠰ ᠤᠨ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠦᠬᠠᠢ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠲᠥᠰᠦᠯ ᠶᠣᠰᠣᠭᠠᠷ᠂ ᠤᠯᠠᠮᠵᠢᠯᠠᠯᠲᠤ ᠨᠡᠭᠦᠷᠡᠰᠦᠨ ᠤ ᠠᠵᠤ ᠦᠢᠯᠡᠰ ᠢᠶᠠᠷ ᠰᠠᠭᠤᠷᠢ ᠪᠣᠯᠭᠠᠵᠤ᠂ ᠠᠯᠬᠤᠮ ᠠᠯᠬᠤᠮ ᠢᠶᠠᠷ ᠰᠢᠨ᠎ᠡ ᠡᠨᠧᠷᠭᠢ ᠶᠢᠨ ᠠᠵᠤ ᠦᠢᠯᠡᠰ ᠪᠣᠯᠭᠠᠨ ᠬᠤᠪᠢᠷᠠᠭᠤᠯᠬᠤ ︽ᠨᠡᠭᠦᠷᠡᠰᠦᠲᠥ᠋ᠷᠥᠭᠴᠢ ᠦᠭᠡᠢ ᠠᠭᠤᠷᠬᠠᠢ · ᠪᠣᠬᠢᠷᠲᠤᠯ ᠦᠭᠡᠢ ᠤᠶᠤᠨ ᠤᠬᠠᠭᠠᠨ︾ ᠭᠡᠬᠦ ᠬᠠᠷᠠᠯᠲᠠᠲᠤ ᠲᠥᠯᠥᠪᠵᠢᠭᠦᠯᠭᠡ ᠶᠢ ᠲᠣᠭᠲᠠᠭᠠᠪᠠ᠃ ᠰᠦᠭ ᠰᠦᠨᠡᠰᠦ ᠶᠢ ᠨᠢᠭᠲᠠᠷᠠᠭᠤᠯᠤᠨ ᠬᠦᠴᠦᠨ ᠢ ᠨᠢᠭᠲᠠᠷᠠᠭᠤᠯᠵᠤ᠂ ᠪᠣᠳᠠᠲᠠᠶ ᠶᠢ ᠡᠷᠬᠢᠮᠯᠡᠨ ᠦᠨᠡᠨᠴᠢ ᠰᠢᠳᠤᠷᠭᠤ ᠪᠠᠷ ᠬᠡᠷᠡᠭᠵᠢᠭᠦᠯᠵᠦ᠂ 5G᠎ ᠶᠢᠨ ᠣᠶᠤᠨᠴᠢ ᠪᠣᠬᠢᠷᠲᠤᠯ ᠥᠬᠡᠶ ᠠᠭᠤᠷᠬᠠᠶ ᠶᠢ ᠪᠥᠲᠥᠭᠡᠨ ᠪᠠᠶᠢᠭᠤᠯᠬᠤ ᠰᠢᠨ᠎ᠡ ᠬᠠᠭᠤᠳᠠᠰᠤ ᠶᠢ ᠪᠥᠬᠦ ᠲᠠᠯ᠎ᠠ ᠪᠠᠷ ᠨᠡᠭᠡᠭᠡᠨ᠎ᠡ︾ ᠭᠡᠵᠦ ᠲᠢᠶᠠᠨ ᠢᠦᠶ ᠪᠦᠯᠦᠭᠯᠡᠯ ᠤᠨ ᠳᠡᠳ᠋ ᠶᠡᠷᠦᠩᠬᠡᠶ ᠳᠠᠭᠠᠭᠠᠮᠠᠯ ᠬᠥ᠋ ᠯᠢ ᠬᠡᠯᠡᠵᠡᠶ᠃       ᠰᠤᠷᠪᠤᠯᠵᠢᠯᠠᠭᠴᠢ ᠬᠠᠶᠢᠷᠤᠪ ᠤᠨ ᠳᠤᠬᠤᠢ ᠲᠣᠭᠤᠷᠢᠭ ᠤᠨ ᠲᠢᠶᠠᠨ ᠢᠦᠢ ᠪᠦᠯᠦᠭᠯᠡᠯ ᠳᠤ ᠬᠦᠷᠴᠦ᠂ ᠲᠢᠶᠠᠨ ᠢᠦᠶ ᠪᠦᠯᠦᠭᠯᠡᠯ ᠤᠨ ᠬᠠᠷᠢᠶᠠᠨ ᠳᠠᠬᠢ ᠰᠢᠨ ᠰᠢᠩ᠂ ᠾᠧᠩ ᠱᠢ ᠨᠡᠭᠦᠷᠡᠰᠦᠨ ᠠᠭᠤᠷᠬᠠᠶ ᠳᠤ ᠴᠠᠬᠢᠯᠭᠠᠨ ᠬᠥᠳᠡᠯᠭᠡᠭᠦᠷᠲᠦ ᠬᠥᠪᠦᠮᠡᠯ ᠪᠦᠰᠡ ᠶᠢᠨ ᠵᠥᠭᠡᠭᠡᠪᠦᠷᠢ ᠶᠢᠨ ᠰᠢᠰᠲ᠋ᠧᠮ᠂ ᠴᠠᠬᠢᠯᠭᠠᠨ ᠬᠥᠳᠡᠯᠭᠡᠭᠦᠷᠲᠦ ᠠᠭᠤᠷᠬᠠᠶ ᠶᠢᠨ ᠠᠴᠢᠶᠠᠨ ᠤ ᠮᠠᠰᠢᠨ᠂ ᠴᠠᠬᠢᠯᠭᠠᠨ ᠬᠥᠳᠡᠯᠭᠡᠭᠦᠷᠲᠦ ᠮᠠᠯᠲᠠᠯᠲᠠ ᠶᠢᠨ ᠮᠠᠰᠢᠨ ᠵᠡᠷᠭᠡ ᠲᠥᠬᠦᠭᠡᠷᠦᠮᠵᠢ ᠶᠢ ᠠᠰᠢᠭᠯᠠᠯᠲᠠ ᠳᠤ ᠣᠷᠣᠭᠤᠯᠤᠭᠰᠠᠨ ᠢ ᠣᠯᠵᠤ ᠬᠠᠷᠠᠵᠠᠶ᠃ ᠠᠭᠤᠷᠬᠠᠶ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠪᠠ ᠲᠣᠭᠤᠰᠣ ᠰᠢᠷᠣᠶ ᠶᠢᠨ ᠪᠣᠬᠢᠷᠲᠤᠯ ᠢ ᠵᠠᠰᠠᠬᠤ ᠠᠵᠢᠯ ᠢ ᠬᠢᠵᠦ᠂ ᠲᠡᠷᠡᠴᠢᠯᠡᠨ ᠪᠡᠭᠡᠵᠢᠩ ᠤᠨ ᠤᠢ ᠰᠢᠭᠤᠢ ᠶᠢᠨ ᠶᠡᠭᠡ ᠰᠤᠷᠭᠠᠭᠤᠯᠢ ᠵᠡᠷᠭᠡ 10 ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠲᠠᠢ ᠬᠠᠮᠲᠤᠷᠠᠨ ᠬᠢᠭᠰᠡᠨ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ︽ᠪᠠᠷᠠᠭᠤᠨ ᠬᠤᠶᠢᠲᠤ ᠶᠢᠨ ᠭᠠᠩ ᠬᠠᠭᠤᠷᠠᠢ ᠴᠦᠯ ᠤᠨ ᠣᠷᠣᠨ ᠤ ᠨᠡᠭᠦᠷᠡᠰᠦᠨ ᠤ ᠰᠠᠭᠤᠷᠢᠨ ᠤ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠬᠤ ᠮᠡᠷᠭᠡᠵᠢᠯ︾᠎ ᠨᠢ ᠠᠭᠤᠷᠬᠠᠢ ᠶᠢᠨ ᠣᠷᠣᠨ ᠤ ᠭᠠᠵᠠᠷ ᠤᠨ ᠭᠠᠳᠠᠷᠭᠤ ᠶᠢ ᠳᠠᠬᠢᠨ ᠱᠤᠭᠤᠬᠤ᠂ ᠬᠥᠷᠥᠰᠥ ᠰᠢᠷᠣᠢ ᠶᠢ ᠳᠠᠬᠢᠨ ᠴᠣᠭᠴᠠᠯᠠᠬᠤ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠡᠯᠡᠰᠦ ᠲᠣᠭᠤᠰᠣ ᠶᠢ ᠡᠵᠡᠮᠳᠡᠬᠦ᠂ ᠬᠥᠷᠥᠰᠥ ᠰᠢᠷᠣᠢ ᠶᠢᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠵᠡᠷᠭᠡ ᠮᠡᠷᠭᠡᠵᠢᠯ ᠤᠨ ᠭᠤᠭᠴᠤᠭ᠎ᠠ ᠶᠢᠨ ᠲᠣᠭᠤᠷᠢᠨ ᠳᠤ ᠶᠠᠪᠤᠭᠳᠠᠵᠠᠢ᠃ ᠨᠡᠭᠦᠷᠡᠰᠦᠨ ᠤ ᠰᠠᠭᠤᠷᠢᠨ ᠭᠠᠵᠠᠷ ᠤᠨ ᠠᠮᠢ ᠠᠬᠤᠶ ᠶᠢ ᠵᠠᠰᠠᠨ ᠰᠡᠷᠭᠦᠭᠡᠬᠦ ᠠᠰᠠᠭᠤᠳᠠᠯ ᠢ ᠬᠦᠴᠦᠯᠡᠨ ᠰᠢᠢᠤᠡᠪᠤᠷᠢᠯᠡᠵᠤ᠂ ᠰᠢᠨ ᠰᠢᠩ᠂ ᠾᠧᠩ ᠱᠢ ᠨᠡᠭᠦᠷᠡᠰᠦᠨ ᠠᠭᠤᠷᠬᠠᠶ ᠳᠤ ᠰᠤᠳᠤᠯᠭᠠᠨ ᠪᠠ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠤᠨ ᠵᠤᠶᠢᠯᠡᠰ ᠢ 2021 ᠣᠨ ᠤ 8 ᠰᠠᠷ᠎ᠠ ᠳᠤ ᠨᠢᠭᠡᠨᠲᠡ ᠲᠤᠷᠰᠢᠯᠲᠠ ᠶᠢᠨ ᠴᠡᠭ ᠤᠨ ᠰᠢᠯᠭᠠᠨ ᠠᠪᠬᠤ ᠠᠵᠢᠯ ᠢ ᠳᠠᠭᠤᠰᠬᠠᠪᠠ᠃ ᠡᠭᠦᠨ ᠤ ᠬᠠᠮᠲᠤ ᠠᠭᠤᠷᠬᠠᠶ ᠶᠢᠨ ᠣᠷᠣᠨ ᠵᠢᠴᠢ ᠵᠠᠮ ᠤᠨ ᠬᠤᠶᠠᠷ ᠬᠠᠵᠠᠭᠤ ᠪᠠᠷ ᠮᠣᠳᠣ ᠳᠠᠷᠢᠨ ᠣᠶᠢᠵᠢᠭᠤᠯᠵᠤ᠂ ᠨᠣᠭᠤᠭᠠᠷᠠᠭᠤᠯᠤᠭᠰᠠᠨ ᠲᠠᠯᠠᠪᠠᠶ ᠨᠢ 25 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠶ᠃ ︽ᠪᠣᠬᠢᠷᠲᠤᠯ ᠥᠬᠡᠶ ᠠᠵᠤ ᠤᠶᠢᠯᠡᠤᠡᠪᠤᠷᠢ ᠶᠢᠨ ᠲᠠᠯᠠᠪᠠᠶ︾᠎ ᠶᠢ ᠪᠥᠲᠥᠭᠡᠨ ᠪᠠᠶᠢᠭᠤᠯᠵᠤ᠂ ᠠᠮᠤᠷ ᠲᠦᠪᠰᠢᠨ᠂ ᠠᠮᠢ ᠠᠬᠤᠶ ᠶᠢᠨ᠂ ᠣᠷᠴᠢᠨ ᠲᠣᠭᠤᠷᠢᠨ ᠤ ᠬᠠᠮᠠᠭᠠᠯᠠᠯᠲᠠ᠂ ᠪᠣᠬᠢᠷᠲᠤᠯ ᠥᠬᠡᠶ᠂ ᠦᠷᠭᠦᠯᠵᠢᠯᠡᠬᠦ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠨ᠎ᠠ᠃    ︽ᠰᠢᠨᠵᠢᠯᠡᠬᠦ ᠤᠬᠠᠭᠠᠨ ᠮᠡᠷᠭᠡᠵᠢᠯ ᠤᠨ ᠬᠥᠬᠡ︾᠎ ᠨᠢ ᠠᠵᠤ ᠤᠶᠢᠯᠡᠰ ᠤᠨ ᠬᠡᠯᠪᠡᠷᠢ ᠪᠠᠨ ᠬᠤᠪᠢᠷᠠᠭᠤᠯᠬᠤ ᠣᠨᠴᠠᠯᠢᠭ ᠢ ᠪᠣᠶ ᠪᠣᠯᠭᠠᠪᠠ    ᠠᠭᠤᠵᠢᠮ ᠰᠠᠷᠠᠭᠤᠯ ᠠᠯᠪᠠᠨ ᠭᠡᠷ ᠲᠤ ᠰᠠᠭᠤᠭᠠᠳ ᠠᠵᠢᠯᠲᠠᠳ ᠨᠢ ᠴᠠᠭᠠᠨ ᠬᠠᠨᠲᠠᠭᠠᠵᠠ ᠡᠮᠦᠰᠦᠨ᠂ ᠬᠤᠷᠤᠭᠤ ᠪᠠᠨ ᠬᠥᠳᠡᠯᠭᠡᠪᠡᠯ ᠪᠣᠯᠴᠢᠬᠠᠨ᠎ᠠ᠃ ᠤᠨᠢᠨ ᠳᠡᠭᠡᠷ᠎ᠡ ᠨᠢ ᠡᠵᠡᠮᠳᠡᠵᠦ᠂ ᠠᠯᠤᠰ ᠠᠴᠠ ᠬᠢᠨᠠᠨ ᠬᠡᠮᠵᠢᠬᠦ᠂ ᠠᠭᠤᠷᠬᠠᠢ ᠶᠢᠨ ᠺᠠᠷᠲ ᠤᠨ ᠲᠥᠬᠦᠭᠡᠷᠦᠮᠵᠢ ᠶᠢ ᠵᠢᠯᠣᠭᠤᠳᠬᠤ ᠠᠵᠢᠯᠯᠠᠭ᠎ᠠ ᠶᠢ ᠵᠠᠳᠠᠯᠬᠤ᠂ ᠮᠥᠷᠭᠦᠯᠳᠦᠬᠦ ᠠᠴᠠ ᠰᠡᠷᠭᠡᠶᠢᠯᠡᠬᠦ ᠤᠷᠢᠳᠴᠢᠯᠠᠨ ᠰᠡᠷᠡᠮᠵᠢᠯᠡᠭᠦᠯᠬᠦ ᠵᠢᠴᠢ ᠠᠭᠤᠷᠬᠠᠢ ᠶᠢᠨ ᠬᠠᠮᠢᠶᠠᠷᠤᠯᠲᠠ ᠡᠵᠡᠮᠳᠡᠯ ᠤᠨ ᠰᠢᠰᠲ᠋ᠧᠮ ᠢ ᠪᠠᠶᠢᠭᠤᠯᠬᠤ ᠶᠢ ᠪᠡᠶᠡᠯᠡᠭᠦᠯᠵᠦ ᠴᠢᠳᠠᠨ᠎ᠠ᠃ .... ᠭᠠᠷ ᠤᠲᠠᠰᠤᠨ ᠤ ᠲᠤᠰᠬᠠᠢ ᠬᠡᠷᠡᠭᠯᠡᠬᠦ App᠎ ᠢᠶᠠᠷ ᠠᠭᠤᠷᠬᠠᠢ ᠶᠢᠨ ᠣᠷᠣᠨ ᠤ ᠪᠠᠶᠢᠳᠠᠯ ᠢ ᠴᠠᠭ ᠲᠤᠬᠠᠢ ᠳᠤᠨᠢ ᠪᠠᠶᠢᠴᠠᠭᠠᠨ ᠦᠵᠡᠵᠦ ᠴᠢᠳᠠᠨ᠎ᠠ᠂ ᠭᠠᠵᠠᠷ ᠳᠡᠭᠡᠷᠡᠬᠢ ᠡᠯ᠎ᠡ ᠥᠨᠴᠥᠭ ᠪᠤᠯᠤᠩ᠂ ᠠᠭᠤᠷᠬᠠᠢ ᠶᠢᠨ ᠡᠯ᠎ᠡ ᠵᠦᠢᠯ ᠤᠨ ᠠᠵᠢᠯ ᠢ ᠪᠦᠷ ᠦᠵᠡᠵᠦ ᠭᠠᠷᠤᠨ᠎ᠠ ᠁ ᠡᠶᠢᠮᠦᠷᠬᠦ ᠦᠵᠡᠭᠳᠡᠯ ᠨᠢ ᠶᠠᠭ ᠠᠭᠠᠵᠢᠮ ᠢᠶᠠᠷ ᠬᠠᠶᠢᠷᠤᠪ ᠤᠨ ᠲᠤᠬᠤᠢ ᠲᠣᠭᠤᠷᠢᠭ ᠤᠨ ᠨᠡᠭᠦᠷᠡᠰᠦᠨ ᠠᠭᠤᠷᠬᠠᠢ ᠶᠢᠨ ᠠᠵᠢᠯ ᠲᠦᠷᠦᠯ ᠤᠨ ᠬᠡᠪ ᠤᠨ ᠪᠠᠶᠢᠳᠠᠯ ᠪᠤᠯᠵᠤ ᠪᠠᠶᠢᠨ᠎ᠠ᠃ ᠲᠢᠶᠠᠨ ᠢᠦᠢ ᠪᠦᠯᠦᠭᠯᠡᠯ ᠦᠬᠠᠢ ᠬᠤᠳᠠ ᠶᠢᠨ ᠠᠩᠬᠠᠳᠠᠭᠴᠢ 5G ᠤᠶᠤᠨᠲᠤ ᠠᠭᠤᠷᠬᠠᠢ ᠶᠢᠨ ᠵᠠᠳᠠᠭᠠᠢ ᠨᠡᠭᠦᠷᠡᠰᠦᠨ ᠠᠭᠤᠷᠬᠠᠢ ᠶᠢ ᠪᠠᠶᠢᠭᠤᠯᠪᠠ᠃ ᠰᠢᠨ᠎ᠡ ᠨᠢᠭᠡ ᠦᠶ᠎ᠡ ᠶᠢᠨ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ᠂ 5G᠎ ᠶᠢᠨ ᠮᠡᠳᠡᠭᠡ ᠬᠤᠯᠪᠣᠭ᠎ᠠ ᠵᠡᠷᠭᠡ ᠰᠢᠷᠢᠰ ᠬᠤᠰᠢᠭᠤᠷᠠᠯ ᠰᠢᠨᠵᠢᠯᠡᠬᠦ ᠤᠬᠠᠭᠠᠨ ᠮᠡᠷᠭᠡᠵᠢᠯ ᠢ ᠬᠡᠷᠡᠭᠯᠡᠨ᠂ ᠵᠢᠯᠣᠭᠤᠴᠢ ᠥᠬᠡᠶ ᠨᠢᠰᠬᠡᠯ ᠤᠨ ᠬᠥᠳᠡᠯᠦᠩᠭᠦᠶ ᠪᠠᠷ ᠨᠠᠷᠢᠯᠢᠭ ᠵᠠᠭᠪᠤᠷ ᠪᠠᠶᠢᠭᠤᠯᠬᠤ᠂ ᠠᠴᠢᠶᠠᠯᠠᠨ ᠲᠡᠭᠡᠭᠡᠪᠦᠷᠢᠯᠡᠬᠦ ᠪᠠᠭᠤᠯᠭᠠᠬᠤ ᠪᠥᠬᠦ ᠶᠠᠪᠤᠴᠠ ᠶᠢ ᠣᠶᠤᠨᠴᠢ ᠪᠠᠷ ᠲᠣᠬᠢᠷᠠᠭᠤᠯᠬᠤ᠂ ᠠᠭᠤᠷᠬᠠᠶ ᠶᠢᠨ ᠲᠡᠷᠭᠡᠨ ᠤ ᠮᠥᠷᠭᠦᠯᠳᠦᠬᠦ ᠶᠢ ᠰᠡᠷᠭᠡᠶᠢᠯᠡᠬᠦ ᠠᠮᠤᠷ ᠲᠦᠪᠰᠢᠨ ᠤ ᠤᠷᠢᠳᠴᠢᠯᠠᠨ ᠰᠡᠷᠡᠮᠵᠢᠯᠡᠭᠦᠯᠬᠦ᠂ ᠠᠵᠢᠯᠯᠠᠬᠤ ᠲᠥᠬᠦᠭᠡᠷᠦᠮᠵᠢ ᠶᠢᠨ ᠲᠣᠰᠣᠨ ᠤ ᠬᠤᠷᠣᠭᠳᠠᠯ ᠤᠨ ᠠᠵᠢᠯ ᠤᠨ ᠪᠦᠲᠦᠮᠵᠢ ᠶᠢᠨ ᠵᠠᠳᠠᠯᠤᠯᠲᠠ ᠵᠢᠴᠢ  ᠤᠶᠢᠯᠡᠤᠡᠪᠤᠷᠢᠯᠡᠯ ᠤᠨ ᠲᠤᠭ᠎ᠠ ᠪᠠᠷᠢᠮᠲᠠ ᠶᠢᠨ ᠣᠶᠤᠨᠴᠢ ᠪᠠᠷ ᠵᠠᠳᠠᠯᠤᠯᠲᠠ ᠬᠢᠬᠦ ᠪᠠ ᠬᠠᠮᠢᠶᠠᠷᠤᠯᠲᠠ ᠵᠡᠷᠭᠡ ᠶᠢ ᠨᠢᠭᠡ ᠴᠤᠭᠴᠠᠵᠢᠭᠤᠯᠤᠨ᠂ ᠤᠶᠢᠯᠡᠤᠡᠪᠤᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠭᠤᠷᠬᠠᠶ ᠶᠢᠨ ᠣᠷᠣᠨ ᠤ ᠶᠡᠷᠦᠩᠬᠡᠶ ᠤᠶᠢᠯᠡᠤᠡᠪᠤᠷᠢᠯᠡᠯ ᠪᠠ ᠠᠮᠤᠷ ᠲᠦᠪᠰᠢᠨ ᠤ ᠪᠠᠶᠢᠳᠠᠯ ᠢ ᠡᠵᠡᠮᠰᠢᠬᠦ ᠶᠢᠨ ᠬᠠᠮᠲᠤ ᠰᠢᠨᠵᠢᠯᠡᠬᠦ ᠤᠬᠠᠭᠠᠨᠴᠢ ᠪᠠᠷ  ᠰᠢᠢᠤᠡᠪᠤᠷᠢᠳᠤ ᠪᠣᠳᠣᠯᠭ᠎ᠠ ᠲᠣᠭᠲᠠᠭᠠᠬᠤ ᠳᠤ ᠦᠨᠳᠦᠰᠦᠯᠡᠯ ᠬᠠᠩᠭᠠᠭᠰᠠᠨ ᠪᠠᠶᠢᠨ᠎ᠠ᠃ ᠤᠶᠤᠨᠴᠢᠯᠠᠭᠰᠠᠨ ᠪᠤᠳᠤᠯᠭ᠎ᠠ ᠶᠢᠨ ᠵᠠᠳᠠᠯᠤᠯᠲᠠ᠂ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠵᠣᠬᠢᠴᠠᠭᠤᠯᠭ᠎ᠠ᠂ ᠲᠠᠪᠴᠠᠩ ᠤᠨ ᠲᠤᠭ᠎ᠠ ᠪᠠᠷᠢᠮᠲᠠ ᠶᠢᠨ ᠠᠭᠤᠰᠤᠯᠴᠠᠯ ᠵᠢᠴᠢ ᠤᠶᠤᠨᠲᠤ ᠲᠤᠮᠤ ᠳᠡᠯᠭᠡᠴᠡ ᠶᠢᠨ ᠠᠯᠤᠰ ᠠᠴᠠ ᠵᠢᠯᠣᠭᠤᠳᠤᠨ ᠲᠤᠬᠢᠷᠠᠭᠤᠯᠬᠤ ᠶᠢ ᠬᠠᠮᠤᠷᠬᠤ ᠪᠠᠷ ᠲᠠᠮᠵᠢᠨ᠂ ᠬᠠᠶᠢᠷᠤᠪ ᠤᠨ ᠲᠤᠬᠤᠢ ᠲᠤᠭᠤᠷᠢᠭ ᠤᠨ ᠪᠣᠬᠢᠷᠲᠤᠯ ᠦᠭᠡᠢ ᠠᠭᠤᠷᠬᠠᠢ ᠶᠢᠨ ᠪᠦᠳᠦᠬᠡᠨ ᠪᠠᠶᠢᠭᠤᠯᠤᠯᠲᠠ ᠶᠢᠨ ᠤᠶᠤᠨᠴᠢᠯᠠᠯᠲᠠ᠂ ᠲᠣᠭᠠᠴᠢᠯᠠᠯᠲᠠ ᠲᠡᠰᠢ ᠵᠠᠩᠭᠢᠯᠠᠭ᠎ᠠ ᠶᠢᠨ ᠨᠢᠭᠡ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ᠃       ᠬᠥᠪᠦᠮᠡᠯ ᠪᠦᠰᠡ᠂ ᠵᠠᠮ ᠤᠨ ᠲᠠᠪᠴᠠᠩ ᠤᠨ ᠮᠠᠨᠠᠨᠲᠤ ᠶᠡᠭᠡ ᠫᠤᠤ ᠶᠢᠨ ᠮᠠᠰᠢᠨ᠂ ᠣᠯᠠᠨ ᠴᠢᠳᠠᠪᠤᠷᠢᠲᠤ ᠮᠠᠨᠠᠨᠲᠤ ᠶᠡᠭᠡ ᠫᠤᠤ ᠶᠢᠨ ᠲᠣᠭᠤᠰᠣ ᠬᠤᠷᠢᠭᠯᠠᠬᠤ ᠲᠡᠷᠭᠡ ᠵᠡᠷᠭᠡ ᠲᠥᠬᠦᠭᠡᠷᠦᠮᠵᠢ ᠶᠢ ᠤᠭᠰᠠᠷᠠᠪᠠᠯ᠂ ᠪᠠᠰᠠ ᠠᠯᠤᠰ ᠠᠴᠠ ᠣᠶᠤᠨᠴᠢ ᠪᠠᠷ ᠡᠵᠡᠮᠳᠡᠬᠦ᠂ ᠲᠣᠭᠤᠰᠣ ᠪᠠᠭᠤᠷᠠᠭᠤᠯᠬᠤ ᠵᠢᠴᠢ ᠡᠨᠧᠷᠭᠢ ᠠᠷᠪᠢᠯᠠᠬᠤ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠦ᠂ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠥᠬᠡᠶ᠂ ᠲᠣᠭᠤᠰᠣ ᠥᠬᠡᠶ ᠪᠠᠶᠢᠬᠤ ᠬᠠᠷᠠᠯᠲᠠ ᠶᠢ ᠵᠠᠳᠠᠭᠠᠶ ᠨᠡᠭᠡᠭᠡᠨ ᠮᠠᠯᠲᠠᠬᠤ ᠶᠢ ᠪᠡᠶᠡᠯᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠠᠶᠢᠷᠤᠪ ᠤᠨ ᠲᠤᠬᠤᠢ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠪᠣᠯᠤᠨ᠎ᠠ᠃    ︽ᠨᠠᠮ ᠤᠨ ᠪᠠᠶᠢᠭᠤᠯᠤᠯᠲᠠ ᠶᠢᠨ ᠤᠯᠠᠭᠠᠨ︾᠎ ᠨᠢ ᠠᠵᠤ ᠤᠶᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢᠨ ᠮᠥᠨ ᠴᠢᠨᠠᠷ ᠢ ᠬᠠᠷᠠᠭᠤᠯᠪᠠ     ᠨᠠᠮ ᠤᠨ ᠡᠭᠦᠷ ᠭᠡᠳᠡᠭ ᠨᠢ ᠲᠠᠶᠢᠴᠢᠨ ᠪᠠᠬᠢᠯᠡᠯᠲᠡ ᠪᠣᠯᠤᠨ᠎ᠠ︔ ᠨᠢᠭᠡ ᠨᠠᠮ ᠤᠨ ᠭᠡᠰᠢᠭᠦᠨ ᠪᠣᠯ ᠳᠠᠷᠤᠢ ᠨᠢᠭᠡ ᠲᠠᠯ᠎ᠠ ᠪᠠᠷ ᠲᠤᠭ ᠳᠠᠯᠪᠠᠭ᠎ᠠ ᠶᠢ ᠬᠦᠳᠦᠯᠦᠨ ᠳᠠᠭᠠᠭᠤᠯᠳᠠᠭ᠃ ᠤᠢᠢᠷ᠎ᠠ ᠶᠢᠨ ᠵᠢᠯ ᠠᠴᠠ᠂ ᠲᠢᠶᠠᠨ ᠢᠦᠢ ᠪᠦᠯᠦᠭᠯᠡᠯ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ᠂ ᠦᠨᠳᠦᠰᠦ ᠰᠠᠭᠤᠷᠢ ᠶᠢ ᠪᠠᠲᠤᠳᠬᠠᠨ ᠰᠦᠭ ᠰᠦᠨᠡᠰᠦ ᠶᠢ ᠴᠣᠭᠴᠠᠯᠠᠬᠤ ᠶᠢ ᠪᠠᠷᠢᠮᠲᠠᠯᠠᠭᠰᠠᠭᠠᠷ ᠢᠷᠡᠵᠠᠢ᠃ ᠲᠢᠶᠠᠨ ᠢᠦᠢ ᠪᠦᠯᠦᠭᠯᠡᠯ ᠤᠨ ᠬᠢᠨ ᠭᠤᠤ ᠯᠢᠩ ᠰᠢᠷᠣᠢ ᠶᠢᠨ ᠦᠢᠯᠡᠳᠪᠦᠷᠢ ᠶᠢᠨ ︽ᠨᠠᠮ ᠤᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ︾᠂ ᠰᠢᠨ ᠰᠢᠩ᠂ ᠡᡁᠧᠩ ᠱᠢ ᠨᠡᠭᠦᠷᠡᠰᠦᠨ ᠠᠭᠤᠷᠬᠠᠢ ᠶᠢᠨ ︽ᠨᠠᠮ ᠤᠨ ᠪᠠᠶᠢᠭᠤᠯᠤᠯᠲᠠ ᠶᠢᠨ ᠰᠣᠶᠣᠯ ᠤᠨ ᠤᠷᠳᠤ ᠬᠤᠩᠭᠢᠯ︾ ᠵᠢᠴᠢ ᠲᠢᠶᠠᠨ ᠢᠦᠢ ᠪᠦᠯᠦᠭᠯᠡᠯ ᠤᠨ ︽ᠨᠠᠮ ᠤᠨ ᠪᠠᠶᠢᠭᠤᠯᠤᠯᠲᠠ ᠶᠢᠨ ᠦᠵᠡᠭᠦᠯᠦᠯᠭᠡ ᠶᠢᠨ ᠲᠢᠩᠬᠢᠮ︾᠎ ᠢ ᠪᠠᠶᠢᠭᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠳᠤ ᠰᠢᠨ᠎ᠡ ᠠᠮᠢᠵᠢᠷᠠᠯ ᠤᠨ ᠬᠦᠴᠦᠨ ᠪᠠ ᠠᠮᠢᠵᠢᠷᠠᠯ ᠤᠨ ᠬᠦᠴᠦᠨ ᠢ ᠨᠡᠮᠡᠷᠢᠯᠡᠵᠦ᠂ ᠬᠤᠪᠢᠰᠬᠠᠯ ᠤᠨ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠴᠢᠷᠮᠠᠶᠢᠨ ᠡᠭᠦᠳᠴᠦ᠂ ᠨᠠᠮ ᠤᠨ ᠪᠠᠶᠢᠭᠤᠯᠤᠯᠲᠠ ᠶᠢᠨ ᠬᠤᠪᠢᠰᠬᠠᠯ ᠤᠨ ᠬᠥᠳᠡᠯᠭᠡᠭᠦᠷ ᠤᠨ ᠦᠢᠯᠡᠳᠦᠯ ᠢ ᠲᠠᠰᠤᠷᠠᠯᠲᠠ ᠦᠭᠡᠢ ᠬᠥᠭᠵᠢᠭᠡᠵᠦ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠵᠤ ᠪᠠᠲᠤᠯᠠᠪᠠ᠃    ᠰᠢᠨ᠎ᠡ ᠪᠦᠷᠢᠶ᠎ᠡ ᠶᠢ ᠨᠢᠭᠡᠨᠲᠡ ᠬᠠᠩᠭᠢᠨᠠᠭᠤᠯᠪᠠ᠃ ᠰᠢᠨ᠎ᠡ ᠬᠠᠭᠤᠴᠢᠨ ᠬᠥᠳᠡᠯᠭᠡᠬᠦ ᠬᠦᠴᠦᠨ ᠤ ᠰᠣᠯᠢᠭᠳᠠᠯ ᠤᠨ ᠲᠠᠰᠤᠷᠠᠯᠲᠠ ᠦᠭᠡᠶ ᠲᠦᠷᠭᠡᠳᠬᠦ ᠶᠢ ᠳᠠᠭᠠᠯᠳᠤᠨ᠂ ᠬᠠᠶᠢᠷᠤᠪ ᠤᠨ ᠲᠤᠬᠤᠢ  ᠲᠤᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠢᠲᠡᠭᠡᠯ ᠵᠣᠷᠢᠭ ᠪᠠ ᠢᠳᠡ ᠬᠦᠴᠦᠨ ᠨᠡᠩ ᠲᠡᠭᠦᠯᠳᠡᠷ ᠪᠤᠯᠵᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠤᠰᠤ ᠠᠷᠪᠢᠯᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠪᠦᠬᠦ ᠲᠠᠯ᠎ᠠ ᠪᠠᠷ ᠬᠠᠮᠵᠢᠯᠴᠠᠨ ᠠᠬᠢᠭᠤᠯᠵᠤ᠂ ᠡᠬᠢ ᠪᠠᠶᠠᠯᠢᠭ ᠤᠨ ᠠᠮᠢ ᠠᠬᠤᠢ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠪᠠ ᠠᠮᠢ ᠠᠬᠤᠢ ᠶᠢᠨ ᠦᠢᠯᠡᠴᠢᠯᠡᠭᠡᠨ ᠤ ᠴᠢᠳᠠᠪᠬᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠶᠠᠰᠤ ᠴᠢᠨᠠᠷ ᠢ ᠲᠣᠭᠲᠠᠭᠤᠨ ᠤ ᠳᠤᠮᠳᠠ ᠰᠠᠶᠢᠵᠢᠷᠠᠬᠤ᠂ ᠰᠠᠶᠢᠨ ᠤ ᠳᠤᠮᠳᠠ ᠰᠢᠯᠢᠳᠡᠭᠵᠢᠬᠦ ᠶᠢ ᠪᠡᠶᠡᠯᠡᠭᠦᠯᠵᠦ᠂ ᠴᠡᠪᠡᠷ ᠠᠭᠠᠷ᠂ ᠴᠡᠪᠡᠷ ᠤᠰᠤ᠂ ᠴᠡᠪᠡᠷ ᠬᠥᠷᠥᠰᠥ ᠰᠢᠷᠣᠢ ᠶᠢ ᠬᠠᠶᠢᠷᠤᠪ ᠤᠨ ᠲᠤᠬᠤᠢ  ᠲᠤᠭᠤᠷᠢᠭ ᠤᠨ ᠠᠷᠠᠳ ᠲᠦᠮᠡᠨ ᠤ ᠬᠠᠮᠤᠭ ᠤᠨ ᠲᠦᠭᠡᠮᠡᠯ ᠬᠠᠷᠠᠭᠠᠯᠵᠠᠯ ᠤᠨ ᠪᠤᠶᠠᠨ ᠵᠢᠷᠭᠠᠯ ᠪᠣᠯᠭᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号