ᠡᠨᠡ ᠵᠢᠯ ᠠᠴᠠ ᠨᠠᠰᠢ᠂ ᠲᠤᠭᠤᠷᠢᠭ ᠤᠨ ᠬᠢᠨᠠᠨ ᠪᠤᠳᠤᠬᠤ ᠲᠣᠪᠴᠢᠶ᠎ᠠ ᠬᠢᠨᠠᠨ ᠪᠤᠳᠤᠯᠲᠠ ᠪᠠᠷ | ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠤᠨ ᠪᠠᠶᠢᠴᠠᠭᠠᠬᠤ ᠪᠠᠨ ᠤᠯᠠᠮ ᠨᠢᠭᠡ | ᠠᠯᠬᠤᠮ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠶᠢᠨ ᠳ᠋ᠤᠭᠠᠷ ᠢ ᠬᠠᠰᠤᠬᠤ ᠲᠣᠭᠲᠠᠴᠠ ᠶᠢ ᠪᠠᠶᠢᠭᠤᠯᠬᠤ᠂ | ᠲᠤᠰᠬᠠᠶ ᠵᠤᠶᠢᠯ ᠢᠶᠠᠷ ᠰᠢᠮᠳᠠᠭᠤᠯᠤᠨ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠬᠤ ᠶᠢᠨ ︽ᠡᠷᠬᠢᠨ ᠬᠠᠷᠠᠬᠤ︾ | ᠵᠡᠷᠭᠡ ᠣᠯᠠᠨ ᠵᠤᠶᠢᠯ ᠤᠨ ᠠᠷᠭ᠎ᠠ ᠬᠡᠮᠵᠢᠶ᠎ᠡ ᠠᠪᠴᠤ᠂ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠢᠨᠠᠨ | ᠪᠤᠳᠤᠯᠲᠠ ᠶᠢᠨ ︽ᠰᠡᠭᠦᠯᠴᠢ ᠶᠢᠨ ᠬᠠᠭᠠᠰ ᠠᠵᠢᠯ︾ ᠢ ᠰᠠᠶᠢᠲᠤᠷ ᠬᠢᠪᠠ᠃ | 2021 ᠣᠨ ᠳᠤ᠂ ᠬᠠᠶᠢᠷᠤᠪ ᠤᠨ ᠲᠤᠬᠤᠢ ᠲᠤᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢᠨ ᠬᠢᠨᠠᠨ | ᠪᠤᠳᠤᠯᠲᠠ ᠳᠤ 82 ᠠᠰᠠᠭᠤᠳᠠᠯ ᠢ ᠢᠯᠡᠷᠡᠭᠦᠯᠵᠦ᠂ 7 ᠰᠠᠷ᠎ᠠ ᠶᠢᠨ ᠰᠡᠭᠦᠯᠴᠢ ᠪᠣᠯᠲᠠᠯ᠎ᠠ᠂ ᠨᠢᠭᠡᠨᠲᠡ 38 | ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ 10 ᠬᠢᠨᠠᠨ ᠪᠤᠳᠤᠯᠲᠠ ᠶᠢᠨ ᠰᠠᠨᠠᠭᠤᠯᠭ᠎ᠠ ᠶᠢ ᠭᠥᠯᠢᠶᠡᠨ ᠠᠪᠴᠤ᠂ | ᠶᠠᠭ ᠰᠠᠶᠢᠬᠠᠨ 21 ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ 13 ᠠᠰᠠᠭᠤᠳᠠᠯ ᠢ ᠰᠢᠯᠵᠢᠭᠦᠯᠦᠨ ᠬᠦᠷᠭᠡᠵᠦ᠂ | ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ 66% ᠳᠤ ᠬᠥᠷᠪᠡ᠃ ᠬᠢᠨᠠᠨ ᠪᠤᠳᠤᠵᠤ ᠴᠡᠭᠴᠡᠯᠡᠨ | ᠰᠠᠶᠢᠵᠢᠷᠠᠭᠤᠯᠬᠤ ᠪᠠᠷ ᠳᠡᠮᠵᠢᠨ᠂ ᠪᠥᠬᠦ ᠲᠤᠭᠤᠷᠢᠭ ᠤᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠰᠠᠬᠢᠯᠭ᠎ᠠ | ᠪᠠᠲᠤ ᠶᠢ ᠬᠡᠷᠡᠭᠵᠢᠭᠦᠯᠬᠦ ᠲᠦᠷᠢᠮ ᠲᠣᠭᠲᠠᠭᠠᠯ ᠢ ᠰᠠᠬᠢᠬᠤ ᠦᠵᠡᠯ ᠤᠬᠠᠮᠰᠠᠷ ᠢ ᠦᠨᠡᠨᠬᠦ ᠴᠢᠩᠭᠠᠷᠠᠭᠤᠯᠵᠤ᠂ ᠳᠡᠭᠡᠭᠰᠢ | ᠲᠤᠰᠢᠶᠠᠬᠤ ᠡᠳ᠋ ᠤᠨ ᠵᠠᠰᠠᠭ ᠤᠨ ᠲᠣᠭᠲᠠᠭᠠᠯ ᠠᠴᠠ ᠵᠥᠷᠢᠴᠡᠭᠰᠡᠨ ᠵᠣᠭᠤᠰ ᠤᠨ ᠲᠤᠭ᠎ᠠ 24978.12 ᠲᠦᠮᠡᠨ | ᠲᠥᠭᠦᠷᠢᠭ᠂ ᠴᠡᠭᠴᠡᠯᠡᠨ ᠰᠠᠶᠢᠵᠢᠷᠠᠭᠤᠯᠬᠤ ᠬᠠᠮᠢᠶᠠᠷᠤᠯᠲᠠ ᠶᠢᠨ ᠵᠢᠷᠤᠮᠵᠢᠯ ᠥᠬᠡᠶ ᠵᠣᠭᠤᠰ ᠤᠨ ᠲᠤᠭ᠎ᠠ 30984. | 30 ᠲᠦᠮᠡᠨ ᠲᠥᠭᠦᠷᠢᠭ᠂ ᠬᠠᠮᠢᠶ᠎ᠠ ᠪᠥᠬᠦᠶ ᠨᠢᠭᠡᠴᠡ ᠶᠢᠨ ᠲᠣᠭᠲᠠᠮᠠᠯ ᠬᠥᠷᠥᠩᠭᠡ ᠶᠢ 28641.24 ᠲᠦᠮᠡᠨ | ᠲᠥᠭᠦᠷᠢᠭ ᠲᠠᠩᠰᠠᠨ ᠳᠤ ᠣᠷᠣᠭᠤᠯᠬᠤ ᠶᠢ ᠰᠢᠮᠳᠠᠭᠤᠯᠵᠤ᠂ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢ 1758. | 76 ᠲᠦᠮᠡᠨ ᠲᠥᠭᠦᠷᠢᠭ ᠬᠢᠨᠠᠨ ᠬᠠᠰᠤᠵᠤ᠂ ᠬᠤᠶᠠᠷ ᠰᠤᠯᠠ ᠪᠠᠶᠢᠭ᠎ᠠ ᠬᠡᠷ ᠪᠠᠶᠢᠰᠢᠩ ︵ᠤᠤᠯ ᠤᠨ ᠥᠷᠲᠡᠭ ᠨᠢ | 51.84 ᠲᠦᠮᠡᠨ ᠲᠥᠭᠦᠷᠢᠭ︶ ᠢ ᠪᠦᠲᠦᠮᠵᠢᠲᠡᠶ ᠠᠰᠢᠭᠯᠠᠬᠤ ᠶᠢ ᠳᠥᠯᠭᠢᠨ ᠠᠬᠢᠭᠤᠯᠵᠤ᠂ ᠲᠣᠭᠲᠠᠮᠠᠯ | ᠬᠥᠷᠥᠩᠭᠡ ᠶᠢᠨ ᠠᠯᠳᠠᠭᠳᠠᠬᠤ ᠶᠢ ᠰᠡᠷᠭᠡᠶᠢᠯᠡᠪᠡ᠃ |