ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠨᠢ ᠠᠷᠠᠳ ᠲᠦᠮᠡᠨ ᠤ ᠪᠤᠶᠠᠨ ᠵᠢᠷᠭᠠᠯ ᠲᠠᠢ ᠬᠤᠯᠪᠣᠭᠳᠠᠵᠤ᠂ | ᠬᠤᠳᠠ ᠶᠢᠨ ᠢᠷᠡᠭᠡᠳᠦᠢ ᠲᠠᠢ ᠬᠤᠯᠪᠣᠭᠳᠠᠨ᠎ᠠ᠃ ᠬᠠᠶᠢᠷᠤᠪ ᠤᠨ ᠲᠤᠬᠤᠢ ᠲᠣᠭᠤᠷᠢᠭ ᠨᠢ ᠠᠮᠢ ᠠᠬᠤᠢ ᠶᠢᠨ | ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ ᠭᠤᠣᠯ ᠪᠣᠯᠭᠠᠵᠤ᠂ ᠪᠣᠬᠢᠷᠲᠤᠯ ᠢ ᠵᠠᠰᠠᠬᠤ᠂ ᠠᠮᠢ | ᠠᠬᠤᠢ ᠶᠢ ᠬᠠᠮᠠᠭᠠᠯᠠᠬᠤ ᠶᠢ ᠨᠢᠭᠡᠳᠦᠯᠲᠡᠢ ᠲᠥᠯᠥᠪᠵᠢᠭᠦᠯᠵᠦ᠂ ᠪᠣᠬᠢᠷᠲᠤᠯ ᠦᠭᠡᠢ ᠬᠥᠭᠵᠢᠯᠲᠡ ᠶᠢ ᠬᠦᠴᠦᠯᠡᠨ | ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠳᠡᠭᠡᠭᠰᠢᠯᠡᠯᠲᠡ ᠶᠢ ᠦᠷᠭᠦᠯᠵᠢᠯᠡᠨ | ᠠᠬᠢᠭᠤᠯᠤᠨ᠎ᠠ᠃ | ᠲᠢᠶᠠᠨ ᠢᠦᠢ ᠪᠦᠯᠦᠭᠯᠡᠯ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠪᠣᠯᠤᠭᠰᠠᠨ ᠤ ᠬᠤᠪᠢ ᠳᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ | ᠬᠥᠭᠵᠢᠯᠲᠡ ᠶᠢᠨ ᠰᠢᠨ᠎ᠡ ᠵᠠᠮ ᠢ ᠢᠳᠡᠪᠬᠢᠲᠡᠢ ᠰᠦᠪᠡᠭᠴᠢᠯᠡᠵᠦ᠂ ᠠᠮᠢ ᠠᠬᠤᠢ ᠶᠢᠨ ᠨᠣᠭᠤᠭᠠᠨ ᠦᠩᠭᠡ᠂ ᠰᠢᠨᠵᠢᠯᠡᠬᠦ | ᠤᠬᠠᠭᠠᠨ ᠮᠡᠷᠭᠡᠵᠢᠯ ᠤᠨ ᠬᠦᠭᠡ ᠦᠩᠭᠡ᠂ ᠨᠠᠮ ᠤᠨ ᠪᠠᠶᠢᠭᠤᠯᠤᠯᠲᠠ ᠶᠢᠨ ᠤᠯᠠᠭᠠᠨ ᠦᠩᠭᠡ ᠶᠢᠨ ︽ᠡᠬᠢ ᠭᠤᠷᠪᠠᠨ | ᠦᠩᠭᠡ︾ ᠬᠥᠭᠵᠢᠯᠲᠡ ᠶᠢᠨ ᠵᠠᠭᠪᠤᠷ ᠢ ᠪᠠᠶᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ | ᠰᠢᠨ᠎ᠡ ︽ᠵᠢᠷᠤᠭ︾ ᠢ ᠵᠢᠷᠤᠭᠯᠠᠵᠤ᠂ ᠦᠬᠠᠢ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠵᠢᠴᠢ ᠠᠵᠤ | ᠠᠬᠤᠢ ᠶᠢᠨ ᠪᠣᠬᠢᠷᠲᠤᠯ ᠦᠭᠡᠢ ᠡᠷᠡᠭᠦᠯ ᠬᠥᠭᠵᠢᠯᠲᠡ ᠳᠤ ᠬᠤᠪᠢ ᠨᠡᠮᠡᠷᠢ ᠦᠵᠡᠭᠦᠯᠪᠡ᠃ | ︽ᠠᠮᠢ ᠠᠬᠤᠶ ᠶᠢᠨ ᠪᠣᠬᠢᠷᠲᠤᠯ︾ ᠨᠢ ᠠᠵᠤ ᠤᠶᠢᠯᠡᠰ ᠤᠨ ᠬᠡᠯᠪᠡᠷᠢ ᠶᠢᠨ ᠬᠤᠪᠢᠷᠠᠭᠤᠯᠤᠯᠲᠠ ᠶᠢᠨ ᠰᠠᠭᠤᠷᠢ | ᠥᠩᠭᠡ ᠶᠢ ᠭᠡᠷᠡᠯᠲᠦᠭᠦᠯᠪᠡ | ︽ᠮᠠᠨ ᠤ ᠪᠦᠯᠦᠭᠯᠡᠯ ᠤᠨ ᠬᠢᠨ ᠤᠯᠤᠰ ᠤᠨ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠢᠳᠡᠪᠬᠢᠲᠡᠢ | ᠴᠤᠤᠷᠢᠶᠠᠲᠤᠨ ᠳᠠᠭᠠᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ | ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠦᠬᠠᠢ ᠬᠤᠳᠠ ᠶᠢᠨ ᠠᠮᠢ ᠠᠬᠤᠢ ᠶᠢᠨ ᠣᠷᠴᠢᠨ | ᠲᠣᠭᠤᠷᠢᠨ ᠢ ᠶᠡᠷᠦᠩᠬᠡᠶᠢᠯᠡᠨ ᠵᠠᠰᠠᠬᠤ ᠲᠥᠰᠦᠯ ᠶᠣᠰᠣᠭᠠᠷ᠂ ᠤᠯᠠᠮᠵᠢᠯᠠᠯᠲᠤ ᠨᠡᠭᠦᠷᠡᠰᠦᠨ ᠤ ᠠᠵᠤ ᠦᠢᠯᠡᠰ ᠢᠶᠠᠷ | ᠰᠠᠭᠤᠷᠢ ᠪᠣᠯᠭᠠᠵᠤ᠂ ᠠᠯᠬᠤᠮ ᠠᠯᠬᠤᠮ ᠢᠶᠠᠷ ᠰᠢᠨ᠎ᠡ ᠡᠨᠧᠷᠭᠢ ᠶᠢᠨ ᠠᠵᠤ ᠦᠢᠯᠡᠰ ᠪᠣᠯᠭᠠᠨ ᠬᠤᠪᠢᠷᠠᠭᠤᠯᠬᠤ ︽ | ᠨᠡᠭᠦᠷᠡᠰᠦᠲᠥ᠋ᠷᠥᠭᠴᠢ ᠦᠭᠡᠢ ᠠᠭᠤᠷᠬᠠᠢ · ᠪᠣᠬᠢᠷᠲᠤᠯ ᠦᠭᠡᠢ ᠤᠶᠤᠨ ᠤᠬᠠᠭᠠᠨ︾ ᠭᠡᠬᠦ ᠬᠠᠷᠠᠯᠲᠠᠲᠤ | ᠲᠥᠯᠥᠪᠵᠢᠭᠦᠯᠭᠡ ᠶᠢ ᠲᠣᠭᠲᠠᠭᠠᠪᠠ᠃ ᠰᠦᠭ ᠰᠦᠨᠡᠰᠦ ᠶᠢ ᠨᠢᠭᠲᠠᠷᠠᠭᠤᠯᠤᠨ ᠬᠦᠴᠦᠨ ᠢ ᠨᠢᠭᠲᠠᠷᠠᠭᠤᠯᠵᠤ᠂ | ᠪᠣᠳᠠᠲᠠᠶ ᠶᠢ ᠡᠷᠬᠢᠮᠯᠡᠨ ᠦᠨᠡᠨᠴᠢ ᠰᠢᠳᠤᠷᠭᠤ ᠪᠠᠷ ᠬᠡᠷᠡᠭᠵᠢᠭᠦᠯᠵᠦ᠂ 5G ᠶᠢᠨ ᠣᠶᠤᠨᠴᠢ ᠪᠣᠬᠢᠷᠲᠤᠯ ᠥᠬᠡᠶ | ᠠᠭᠤᠷᠬᠠᠶ ᠶᠢ ᠪᠥᠲᠥᠭᠡᠨ ᠪᠠᠶᠢᠭᠤᠯᠬᠤ ᠰᠢᠨ᠎ᠡ ᠬᠠᠭᠤᠳᠠᠰᠤ ᠶᠢ ᠪᠥᠬᠦ ᠲᠠᠯ᠎ᠠ ᠪᠠᠷ ᠨᠡᠭᠡᠭᠡᠨ᠎ᠡ︾ ᠭᠡᠵᠦ ᠲᠢᠶᠠᠨ ᠢᠦᠶ | ᠪᠦᠯᠦᠭᠯᠡᠯ ᠤᠨ ᠳᠡᠳ᠋ ᠶᠡᠷᠦᠩᠬᠡᠶ ᠳᠠᠭᠠᠭᠠᠮᠠᠯ ᠬᠥ᠋ ᠯᠢ ᠬᠡᠯᠡᠵᠡᠶ᠃ | ᠰᠤᠷᠪᠤᠯᠵᠢᠯᠠᠭᠴᠢ ᠬᠠᠶᠢᠷᠤᠪ ᠤᠨ ᠳᠤᠬᠤᠢ ᠲᠣᠭᠤᠷᠢᠭ ᠤᠨ ᠲᠢᠶᠠᠨ ᠢᠦᠢ ᠪᠦᠯᠦᠭᠯᠡᠯ ᠳᠤ ᠬᠦᠷᠴᠦ᠂ ᠲᠢᠶᠠᠨ | ᠢᠦᠶ ᠪᠦᠯᠦᠭᠯᠡᠯ ᠤᠨ ᠬᠠᠷᠢᠶᠠᠨ ᠳᠠᠬᠢ ᠰᠢᠨ ᠰᠢᠩ᠂ ᠾᠧᠩ ᠱᠢ ᠨᠡᠭᠦᠷᠡᠰᠦᠨ ᠠᠭᠤᠷᠬᠠᠶ ᠳᠤ ᠴᠠᠬᠢᠯᠭᠠᠨ | ᠬᠥᠳᠡᠯᠭᠡᠭᠦᠷᠲᠦ ᠬᠥᠪᠦᠮᠡᠯ ᠪᠦᠰᠡ ᠶᠢᠨ ᠵᠥᠭᠡᠭᠡᠪᠦᠷᠢ ᠶᠢᠨ ᠰᠢᠰᠲ᠋ᠧᠮ᠂ ᠴᠠᠬᠢᠯᠭᠠᠨ ᠬᠥᠳᠡᠯᠭᠡᠭᠦᠷᠲᠦ ᠠᠭᠤᠷᠬᠠᠶ ᠶᠢᠨ | ᠠᠴᠢᠶᠠᠨ ᠤ ᠮᠠᠰᠢᠨ᠂ ᠴᠠᠬᠢᠯᠭᠠᠨ ᠬᠥᠳᠡᠯᠭᠡᠭᠦᠷᠲᠦ ᠮᠠᠯᠲᠠᠯᠲᠠ ᠶᠢᠨ ᠮᠠᠰᠢᠨ ᠵᠡᠷᠭᠡ ᠲᠥᠬᠦᠭᠡᠷᠦᠮᠵᠢ ᠶᠢ | ᠠᠰᠢᠭᠯᠠᠯᠲᠠ ᠳᠤ ᠣᠷᠣᠭᠤᠯᠤᠭᠰᠠᠨ ᠢ ᠣᠯᠵᠤ ᠬᠠᠷᠠᠵᠠᠶ᠃ ᠠᠭᠤᠷᠬᠠᠶ ᠶᠢᠨ ᠣᠷᠴᠢᠨ ᠲᠣᠭᠤᠷᠢᠨ ᠤ | ᠶᠡᠷᠦᠩᠬᠡᠶᠢᠯᠡᠭᠰᠡᠨ ᠪᠠ ᠲᠣᠭᠤᠰᠣ ᠰᠢᠷᠣᠶ ᠶᠢᠨ ᠪᠣᠬᠢᠷᠲᠤᠯ ᠢ ᠵᠠᠰᠠᠬᠤ ᠠᠵᠢᠯ ᠢ ᠬᠢᠵᠦ᠂ ᠲᠡᠷᠡᠴᠢᠯᠡᠨ ᠪᠡᠭᠡᠵᠢᠩ ᠤᠨ | ᠤᠢ ᠰᠢᠭᠤᠢ ᠶᠢᠨ ᠶᠡᠭᠡ ᠰᠤᠷᠭᠠᠭᠤᠯᠢ ᠵᠡᠷᠭᠡ 10 ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠲᠠᠢ ᠬᠠᠮᠲᠤᠷᠠᠨ ᠬᠢᠭᠰᠡᠨ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ | ᠲᠥᠯᠥᠪᠯᠡᠭᠡ ︽ᠪᠠᠷᠠᠭᠤᠨ ᠬᠤᠶᠢᠲᠤ ᠶᠢᠨ ᠭᠠᠩ ᠬᠠᠭᠤᠷᠠᠢ ᠴᠦᠯ ᠤᠨ ᠣᠷᠣᠨ ᠤ ᠨᠡᠭᠦᠷᠡᠰᠦᠨ ᠤ ᠰᠠᠭᠤᠷᠢᠨ ᠤ ᠠᠮᠢ | ᠠᠬᠤᠢ ᠶᠢᠨ ᠠᠮᠤᠷ ᠲᠦᠪᠰᠢᠨ ᠢ ᠪᠠᠲᠤᠯᠠᠬᠤ ᠮᠡᠷᠭᠡᠵᠢᠯ︾ ᠨᠢ ᠠᠭᠤᠷᠬᠠᠢ ᠶᠢᠨ ᠣᠷᠣᠨ ᠤ ᠭᠠᠵᠠᠷ ᠤᠨ ᠭᠠᠳᠠᠷᠭᠤ ᠶᠢ | ᠳᠠᠬᠢᠨ ᠱᠤᠭᠤᠬᠤ᠂ ᠬᠥᠷᠥᠰᠥ ᠰᠢᠷᠣᠢ ᠶᠢ ᠳᠠᠬᠢᠨ ᠴᠣᠭᠴᠠᠯᠠᠬᠤ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ | ᠡᠯᠡᠰᠦ ᠲᠣᠭᠤᠰᠣ ᠶᠢ ᠡᠵᠡᠮᠳᠡᠬᠦ᠂ ᠬᠥᠷᠥᠰᠥ ᠰᠢᠷᠣᠢ ᠶᠢᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠵᠡᠷᠭᠡ | ᠮᠡᠷᠭᠡᠵᠢᠯ ᠤᠨ ᠭᠤᠭᠴᠤᠭ᠎ᠠ ᠶᠢᠨ ᠲᠣᠭᠤᠷᠢᠨ ᠳᠤ ᠶᠠᠪᠤᠭᠳᠠᠵᠠᠢ᠃ ᠨᠡᠭᠦᠷᠡᠰᠦᠨ ᠤ ᠰᠠᠭᠤᠷᠢᠨ ᠭᠠᠵᠠᠷ ᠤᠨ ᠠᠮᠢ | ᠠᠬᠤᠶ ᠶᠢ ᠵᠠᠰᠠᠨ ᠰᠡᠷᠭᠦᠭᠡᠬᠦ ᠠᠰᠠᠭᠤᠳᠠᠯ ᠢ ᠬᠦᠴᠦᠯᠡᠨ ᠰᠢᠢᠤᠡᠪᠤᠷᠢᠯᠡᠵᠤ᠂ ᠰᠢᠨ ᠰᠢᠩ᠂ ᠾᠧᠩ ᠱᠢ ᠨᠡᠭᠦᠷᠡᠰᠦᠨ | ᠠᠭᠤᠷᠬᠠᠶ ᠳᠤ ᠰᠤᠳᠤᠯᠭᠠᠨ ᠪᠠ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠤᠨ ᠵᠤᠶᠢᠯᠡᠰ ᠢ 2021 ᠣᠨ ᠤ 8 | ᠰᠠᠷ᠎ᠠ ᠳᠤ ᠨᠢᠭᠡᠨᠲᠡ ᠲᠤᠷᠰᠢᠯᠲᠠ ᠶᠢᠨ ᠴᠡᠭ ᠤᠨ ᠰᠢᠯᠭᠠᠨ ᠠᠪᠬᠤ ᠠᠵᠢᠯ ᠢ ᠳᠠᠭᠤᠰᠬᠠᠪᠠ᠃ ᠡᠭᠦᠨ ᠤ ᠬᠠᠮᠲᠤ | ᠠᠭᠤᠷᠬᠠᠶ ᠶᠢᠨ ᠣᠷᠣᠨ ᠵᠢᠴᠢ ᠵᠠᠮ ᠤᠨ ᠬᠤᠶᠠᠷ ᠬᠠᠵᠠᠭᠤ ᠪᠠᠷ ᠮᠣᠳᠣ ᠳᠠᠷᠢᠨ ᠣᠶᠢᠵᠢᠭᠤᠯᠵᠤ᠂ | ᠨᠣᠭᠤᠭᠠᠷᠠᠭᠤᠯᠤᠭᠰᠠᠨ ᠲᠠᠯᠠᠪᠠᠶ ᠨᠢ 25 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠶ᠃ ︽ᠪᠣᠬᠢᠷᠲᠤᠯ | ᠥᠬᠡᠶ ᠠᠵᠤ ᠤᠶᠢᠯᠡᠤᠡᠪᠤᠷᠢ ᠶᠢᠨ ᠲᠠᠯᠠᠪᠠᠶ︾ ᠶᠢ ᠪᠥᠲᠥᠭᠡᠨ ᠪᠠᠶᠢᠭᠤᠯᠵᠤ᠂ ᠠᠮᠤᠷ ᠲᠦᠪᠰᠢᠨ᠂ ᠠᠮᠢ ᠠᠬᠤᠶ ᠶᠢᠨ᠂ | ᠣᠷᠴᠢᠨ ᠲᠣᠭᠤᠷᠢᠨ ᠤ ᠬᠠᠮᠠᠭᠠᠯᠠᠯᠲᠠ᠂ ᠪᠣᠬᠢᠷᠲᠤᠯ ᠥᠬᠡᠶ᠂ ᠦᠷᠭᠦᠯᠵᠢᠯᠡᠬᠦ ᠠᠭᠤᠷᠬᠠᠶ ᠶᠢᠨ ᠣᠷᠣᠨ ᠤ ᠣᠷᠴᠢᠨ | ᠲᠣᠭᠤᠷᠢᠨ ᠢ ᠴᠢᠷᠮᠠᠶᠢᠨ ᠪᠣᠶ ᠪᠣᠯᠭᠠᠨ᠎ᠠ᠃ | ︽ᠰᠢᠨᠵᠢᠯᠡᠬᠦ ᠤᠬᠠᠭᠠᠨ ᠮᠡᠷᠭᠡᠵᠢᠯ ᠤᠨ ᠬᠥᠬᠡ︾ ᠨᠢ ᠠᠵᠤ ᠤᠶᠢᠯᠡᠰ ᠤᠨ ᠬᠡᠯᠪᠡᠷᠢ ᠪᠠᠨ ᠬᠤᠪᠢᠷᠠᠭᠤᠯᠬᠤ | ᠣᠨᠴᠠᠯᠢᠭ ᠢ ᠪᠣᠶ ᠪᠣᠯᠭᠠᠪᠠ | ᠠᠭᠤᠵᠢᠮ ᠰᠠᠷᠠᠭᠤᠯ ᠠᠯᠪᠠᠨ ᠭᠡᠷ ᠲᠤ ᠰᠠᠭᠤᠭᠠᠳ ᠠᠵᠢᠯᠲᠠᠳ ᠨᠢ ᠴᠠᠭᠠᠨ ᠬᠠᠨᠲᠠᠭᠠᠵᠠ ᠡᠮᠦᠰᠦᠨ᠂ | ᠬᠤᠷᠤᠭᠤ ᠪᠠᠨ ᠬᠥᠳᠡᠯᠭᠡᠪᠡᠯ ᠪᠣᠯᠴᠢᠬᠠᠨ᠎ᠠ᠃ ᠤᠨᠢᠨ ᠳᠡᠭᠡᠷ᠎ᠡ ᠨᠢ ᠡᠵᠡᠮᠳᠡᠵᠦ᠂ ᠠᠯᠤᠰ ᠠᠴᠠ ᠬᠢᠨᠠᠨ ᠬᠡᠮᠵᠢᠬᠦ᠂ | ᠠᠭᠤᠷᠬᠠᠢ ᠶᠢᠨ ᠺᠠᠷᠲ ᠤᠨ ᠲᠥᠬᠦᠭᠡᠷᠦᠮᠵᠢ ᠶᠢ ᠵᠢᠯᠣᠭᠤᠳᠬᠤ ᠠᠵᠢᠯᠯᠠᠭ᠎ᠠ ᠶᠢ ᠵᠠᠳᠠᠯᠬᠤ᠂ ᠮᠥᠷᠭᠦᠯᠳᠦᠬᠦ ᠠᠴᠠ | ᠰᠡᠷᠭᠡᠶᠢᠯᠡᠬᠦ ᠤᠷᠢᠳᠴᠢᠯᠠᠨ ᠰᠡᠷᠡᠮᠵᠢᠯᠡᠭᠦᠯᠬᠦ ᠵᠢᠴᠢ ᠠᠭᠤᠷᠬᠠᠢ ᠶᠢᠨ ᠬᠠᠮᠢᠶᠠᠷᠤᠯᠲᠠ ᠡᠵᠡᠮᠳᠡᠯ ᠤᠨ ᠰᠢᠰᠲ᠋ᠧᠮ ᠢ | ᠪᠠᠶᠢᠭᠤᠯᠬᠤ ᠶᠢ ᠪᠡᠶᠡᠯᠡᠭᠦᠯᠵᠦ ᠴᠢᠳᠠᠨ᠎ᠠ᠃ .... ᠭᠠᠷ ᠤᠲᠠᠰᠤᠨ ᠤ ᠲᠤᠰᠬᠠᠢ ᠬᠡᠷᠡᠭᠯᠡᠬᠦ App ᠢᠶᠠᠷ ᠠᠭᠤᠷᠬᠠᠢ ᠶᠢᠨ | ᠣᠷᠣᠨ ᠤ ᠪᠠᠶᠢᠳᠠᠯ ᠢ ᠴᠠᠭ ᠲᠤᠬᠠᠢ ᠳᠤᠨᠢ ᠪᠠᠶᠢᠴᠠᠭᠠᠨ ᠦᠵᠡᠵᠦ ᠴᠢᠳᠠᠨ᠎ᠠ᠂ ᠭᠠᠵᠠᠷ ᠳᠡᠭᠡᠷᠡᠬᠢ ᠡᠯ᠎ᠡ ᠥᠨᠴᠥᠭ | ᠪᠤᠯᠤᠩ᠂ ᠠᠭᠤᠷᠬᠠᠢ ᠶᠢᠨ ᠡᠯ᠎ᠡ ᠵᠦᠢᠯ ᠤᠨ ᠠᠵᠢᠯ ᠢ ᠪᠦᠷ ᠦᠵᠡᠵᠦ ᠭᠠᠷᠤᠨ᠎ᠠ ᠁ ᠡᠶᠢᠮᠦᠷᠬᠦ ᠦᠵᠡᠭᠳᠡᠯ ᠨᠢ | ᠶᠠᠭ ᠠᠭᠠᠵᠢᠮ ᠢᠶᠠᠷ ᠬᠠᠶᠢᠷᠤᠪ ᠤᠨ ᠲᠤᠬᠤᠢ ᠲᠣᠭᠤᠷᠢᠭ ᠤᠨ ᠨᠡᠭᠦᠷᠡᠰᠦᠨ ᠠᠭᠤᠷᠬᠠᠢ ᠶᠢᠨ ᠠᠵᠢᠯ ᠲᠦᠷᠦᠯ ᠤᠨ | ᠬᠡᠪ ᠤᠨ ᠪᠠᠶᠢᠳᠠᠯ ᠪᠤᠯᠵᠤ ᠪᠠᠶᠢᠨ᠎ᠠ᠃ ᠲᠢᠶᠠᠨ ᠢᠦᠢ ᠪᠦᠯᠦᠭᠯᠡᠯ ᠦᠬᠠᠢ ᠬᠤᠳᠠ ᠶᠢᠨ ᠠᠩᠬᠠᠳᠠᠭᠴᠢ 5G | ᠤᠶᠤᠨᠲᠤ ᠠᠭᠤᠷᠬᠠᠢ ᠶᠢᠨ ᠵᠠᠳᠠᠭᠠᠢ ᠨᠡᠭᠦᠷᠡᠰᠦᠨ ᠠᠭᠤᠷᠬᠠᠢ ᠶᠢ ᠪᠠᠶᠢᠭᠤᠯᠪᠠ᠃ ᠰᠢᠨ᠎ᠡ ᠨᠢᠭᠡ ᠦᠶ᠎ᠡ ᠶᠢᠨ ᠡᠳ᠋ | ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ᠂ 5G ᠶᠢᠨ | ᠮᠡᠳᠡᠭᠡ ᠬᠤᠯᠪᠣᠭ᠎ᠠ ᠵᠡᠷᠭᠡ ᠰᠢᠷᠢᠰ ᠬᠤᠰᠢᠭᠤᠷᠠᠯ ᠰᠢᠨᠵᠢᠯᠡᠬᠦ ᠤᠬᠠᠭᠠᠨ ᠮᠡᠷᠭᠡᠵᠢᠯ ᠢ ᠬᠡᠷᠡᠭᠯᠡᠨ᠂ ᠵᠢᠯᠣᠭᠤᠴᠢ ᠥᠬᠡᠶ | ᠨᠢᠰᠬᠡᠯ ᠤᠨ ᠬᠥᠳᠡᠯᠦᠩᠭᠦᠶ ᠪᠠᠷ ᠨᠠᠷᠢᠯᠢᠭ ᠵᠠᠭᠪᠤᠷ ᠪᠠᠶᠢᠭᠤᠯᠬᠤ᠂ ᠠᠴᠢᠶᠠᠯᠠᠨ ᠲᠡᠭᠡᠭᠡᠪᠦᠷᠢᠯᠡᠬᠦ ᠪᠠᠭᠤᠯᠭᠠᠬᠤ ᠪᠥᠬᠦ | ᠶᠠᠪᠤᠴᠠ ᠶᠢ ᠣᠶᠤᠨᠴᠢ ᠪᠠᠷ ᠲᠣᠬᠢᠷᠠᠭᠤᠯᠬᠤ᠂ ᠠᠭᠤᠷᠬᠠᠶ ᠶᠢᠨ ᠲᠡᠷᠭᠡᠨ ᠤ ᠮᠥᠷᠭᠦᠯᠳᠦᠬᠦ ᠶᠢ ᠰᠡᠷᠭᠡᠶᠢᠯᠡᠬᠦ ᠠᠮᠤᠷ | ᠲᠦᠪᠰᠢᠨ ᠤ ᠤᠷᠢᠳᠴᠢᠯᠠᠨ ᠰᠡᠷᠡᠮᠵᠢᠯᠡᠭᠦᠯᠬᠦ᠂ ᠠᠵᠢᠯᠯᠠᠬᠤ ᠲᠥᠬᠦᠭᠡᠷᠦᠮᠵᠢ ᠶᠢᠨ ᠲᠣᠰᠣᠨ ᠤ ᠬᠤᠷᠣᠭᠳᠠᠯ ᠤᠨ | ᠠᠵᠢᠯ ᠤᠨ ᠪᠦᠲᠦᠮᠵᠢ ᠶᠢᠨ ᠵᠠᠳᠠᠯᠤᠯᠲᠠ ᠵᠢᠴᠢ ᠤᠶᠢᠯᠡᠤᠡᠪᠤᠷᠢᠯᠡᠯ ᠤᠨ ᠲᠤᠭ᠎ᠠ ᠪᠠᠷᠢᠮᠲᠠ ᠶᠢᠨ ᠣᠶᠤᠨᠴᠢ ᠪᠠᠷ | ᠵᠠᠳᠠᠯᠤᠯᠲᠠ ᠬᠢᠬᠦ ᠪᠠ ᠬᠠᠮᠢᠶᠠᠷᠤᠯᠲᠠ ᠵᠡᠷᠭᠡ ᠶᠢ ᠨᠢᠭᠡ ᠴᠤᠭᠴᠠᠵᠢᠭᠤᠯᠤᠨ᠂ ᠤᠶᠢᠯᠡᠤᠡᠪᠤᠷᠢᠯᠡᠯ ᠤᠨ | ᠬᠠᠮᠢᠶᠠᠷᠤᠯᠲᠠ ᠶᠢᠨ ᠠᠵᠢᠯᠲᠠᠨ ᠤ ᠠᠭᠤᠷᠬᠠᠶ ᠶᠢᠨ ᠣᠷᠣᠨ ᠤ ᠶᠡᠷᠦᠩᠬᠡᠶ ᠤᠶᠢᠯᠡᠤᠡᠪᠤᠷᠢᠯᠡᠯ ᠪᠠ ᠠᠮᠤᠷ ᠲᠦᠪᠰᠢᠨ ᠤ | ᠪᠠᠶᠢᠳᠠᠯ ᠢ ᠡᠵᠡᠮᠰᠢᠬᠦ ᠶᠢᠨ ᠬᠠᠮᠲᠤ ᠰᠢᠨᠵᠢᠯᠡᠬᠦ ᠤᠬᠠᠭᠠᠨᠴᠢ ᠪᠠᠷ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠳᠤ | ᠦᠨᠳᠦᠰᠦᠯᠡᠯ ᠬᠠᠩᠭᠠᠭᠰᠠᠨ ᠪᠠᠶᠢᠨ᠎ᠠ᠃ ᠤᠶᠤᠨᠴᠢᠯᠠᠭᠰᠠᠨ ᠪᠤᠳᠤᠯᠭ᠎ᠠ ᠶᠢᠨ ᠵᠠᠳᠠᠯᠤᠯᠲᠠ᠂ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠵᠣᠬᠢᠴᠠᠭᠤᠯᠭ᠎ᠠ᠂ ᠲᠠᠪᠴᠠᠩ ᠤᠨ ᠲᠤᠭ᠎ᠠ ᠪᠠᠷᠢᠮᠲᠠ ᠶᠢᠨ ᠠᠭᠤᠰᠤᠯᠴᠠᠯ ᠵᠢᠴᠢ ᠤᠶᠤᠨᠲᠤ ᠲᠤᠮᠤ | ᠳᠡᠯᠭᠡᠴᠡ ᠶᠢᠨ ᠠᠯᠤᠰ ᠠᠴᠠ ᠵᠢᠯᠣᠭᠤᠳᠤᠨ ᠲᠤᠬᠢᠷᠠᠭᠤᠯᠬᠤ ᠶᠢ ᠬᠠᠮᠤᠷᠬᠤ ᠪᠠᠷ ᠲᠠᠮᠵᠢᠨ᠂ ᠬᠠᠶᠢᠷᠤᠪ ᠤᠨ ᠲᠤᠬᠤᠢ | ᠲᠤᠭᠤᠷᠢᠭ ᠤᠨ ᠪᠣᠬᠢᠷᠲᠤᠯ ᠦᠭᠡᠢ ᠠᠭᠤᠷᠬᠠᠢ ᠶᠢᠨ ᠪᠦᠳᠦᠬᠡᠨ ᠪᠠᠶᠢᠭᠤᠯᠤᠯᠲᠠ ᠶᠢᠨ ᠤᠶᠤᠨᠴᠢᠯᠠᠯᠲᠠ᠂ | ᠲᠣᠭᠠᠴᠢᠯᠠᠯᠲᠠ ᠲᠡᠰᠢ ᠵᠠᠩᠭᠢᠯᠠᠭ᠎ᠠ ᠶᠢᠨ ᠨᠢᠭᠡ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ᠃ | ᠬᠥᠪᠦᠮᠡᠯ ᠪᠦᠰᠡ᠂ ᠵᠠᠮ ᠤᠨ ᠲᠠᠪᠴᠠᠩ ᠤᠨ ᠮᠠᠨᠠᠨᠲᠤ ᠶᠡᠭᠡ ᠫᠤᠤ ᠶᠢᠨ ᠮᠠᠰᠢᠨ᠂ ᠣᠯᠠᠨ ᠴᠢᠳᠠᠪᠤᠷᠢᠲᠤ | ᠮᠠᠨᠠᠨᠲᠤ ᠶᠡᠭᠡ ᠫᠤᠤ ᠶᠢᠨ ᠲᠣᠭᠤᠰᠣ ᠬᠤᠷᠢᠭᠯᠠᠬᠤ ᠲᠡᠷᠭᠡ ᠵᠡᠷᠭᠡ ᠲᠥᠬᠦᠭᠡᠷᠦᠮᠵᠢ ᠶᠢ ᠤᠭᠰᠠᠷᠠᠪᠠᠯ᠂ ᠪᠠᠰᠠ | ᠠᠯᠤᠰ ᠠᠴᠠ ᠣᠶᠤᠨᠴᠢ ᠪᠠᠷ ᠡᠵᠡᠮᠳᠡᠬᠦ᠂ ᠲᠣᠭᠤᠰᠣ ᠪᠠᠭᠤᠷᠠᠭᠤᠯᠬᠤ ᠵᠢᠴᠢ ᠡᠨᠧᠷᠭᠢ ᠠᠷᠪᠢᠯᠠᠬᠤ ᠦᠷ᠎ᠡ | ᠪᠦᠲᠦᠮᠵᠢ ᠶᠢ ᠢᠯᠡᠳᠲᠡ ᠳᠡᠭᠡᠭᠰᠢᠯᠡᠭᠦᠯᠵᠦ᠂ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠥᠬᠡᠶ᠂ ᠲᠣᠭᠤᠰᠣ ᠥᠬᠡᠶ | ᠪᠠᠶᠢᠬᠤ ᠬᠠᠷᠠᠯᠲᠠ ᠶᠢ ᠵᠠᠳᠠᠭᠠᠶ ᠨᠡᠭᠡᠭᠡᠨ ᠮᠠᠯᠲᠠᠬᠤ ᠶᠢ ᠪᠡᠶᠡᠯᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ | ᠰᠠᠶᠢᠵᠢᠷᠠᠭᠤᠯᠵᠤ᠂ ᠬᠠᠶᠢᠷᠤᠪ ᠤᠨ ᠲᠤᠬᠤᠢ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ | ᠬᠤᠪᠢ ᠨᠡᠮᠡᠷᠢ ᠦᠵᠡᠭᠦᠯᠬᠦ ᠪᠣᠯᠤᠨ᠎ᠠ᠃ | ︽ᠨᠠᠮ ᠤᠨ ᠪᠠᠶᠢᠭᠤᠯᠤᠯᠲᠠ ᠶᠢᠨ ᠤᠯᠠᠭᠠᠨ︾ ᠨᠢ ᠠᠵᠤ ᠤᠶᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢᠨ ᠮᠥᠨ | ᠴᠢᠨᠠᠷ ᠢ ᠬᠠᠷᠠᠭᠤᠯᠪᠠ | ᠨᠠᠮ ᠤᠨ ᠡᠭᠦᠷ ᠭᠡᠳᠡᠭ ᠨᠢ ᠲᠠᠶᠢᠴᠢᠨ ᠪᠠᠬᠢᠯᠡᠯᠲᠡ ᠪᠣᠯᠤᠨ᠎ᠠ︔ ᠨᠢᠭᠡ ᠨᠠᠮ ᠤᠨ ᠭᠡᠰᠢᠭᠦᠨ ᠪᠣᠯ ᠳᠠᠷᠤᠢ ᠨᠢᠭᠡ | ᠲᠠᠯ᠎ᠠ ᠪᠠᠷ ᠲᠤᠭ ᠳᠠᠯᠪᠠᠭ᠎ᠠ ᠶᠢ ᠬᠦᠳᠦᠯᠦᠨ ᠳᠠᠭᠠᠭᠤᠯᠳᠠᠭ᠃ ᠤᠢᠢᠷ᠎ᠠ ᠶᠢᠨ ᠵᠢᠯ ᠠᠴᠠ᠂ ᠲᠢᠶᠠᠨ ᠢᠦᠢ ᠪᠦᠯᠦᠭᠯᠡᠯ | ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ | ᠳᠠᠭᠠᠭᠤᠯᠬᠤ᠂ ᠦᠨᠳᠦᠰᠦ ᠰᠠᠭᠤᠷᠢ ᠶᠢ ᠪᠠᠲᠤᠳᠬᠠᠨ ᠰᠦᠭ ᠰᠦᠨᠡᠰᠦ ᠶᠢ ᠴᠣᠭᠴᠠᠯᠠᠬᠤ ᠶᠢ ᠪᠠᠷᠢᠮᠲᠠᠯᠠᠭᠰᠠᠭᠠᠷ | ᠢᠷᠡᠵᠠᠢ᠃ ᠲᠢᠶᠠᠨ ᠢᠦᠢ ᠪᠦᠯᠦᠭᠯᠡᠯ ᠤᠨ ᠬᠢᠨ ᠭᠤᠤ ᠯᠢᠩ ᠰᠢᠷᠣᠢ ᠶᠢᠨ ᠦᠢᠯᠡᠳᠪᠦᠷᠢ ᠶᠢᠨ ︽ᠨᠠᠮ ᠤᠨ | ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ︾᠂ ᠰᠢᠨ ᠰᠢᠩ᠂ ᠡᡁᠧᠩ ᠱᠢ ᠨᠡᠭᠦᠷᠡᠰᠦᠨ ᠠᠭᠤᠷᠬᠠᠢ ᠶᠢᠨ ︽ | ᠨᠠᠮ ᠤᠨ ᠪᠠᠶᠢᠭᠤᠯᠤᠯᠲᠠ ᠶᠢᠨ ᠰᠣᠶᠣᠯ ᠤᠨ ᠤᠷᠳᠤ ᠬᠤᠩᠭᠢᠯ︾ ᠵᠢᠴᠢ ᠲᠢᠶᠠᠨ ᠢᠦᠢ ᠪᠦᠯᠦᠭᠯᠡᠯ ᠤᠨ ︽ᠨᠠᠮ ᠤᠨ | ᠪᠠᠶᠢᠭᠤᠯᠤᠯᠲᠠ ᠶᠢᠨ ᠦᠵᠡᠭᠦᠯᠦᠯᠭᠡ ᠶᠢᠨ ᠲᠢᠩᠬᠢᠮ︾ ᠢ ᠪᠠᠶᠢᠭᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠳᠤ ᠰᠢᠨ᠎ᠡ ᠠᠮᠢᠵᠢᠷᠠᠯ ᠤᠨ ᠬᠦᠴᠦᠨ ᠪᠠ ᠠᠮᠢᠵᠢᠷᠠᠯ ᠤᠨ | ᠬᠦᠴᠦᠨ ᠢ ᠨᠡᠮᠡᠷᠢᠯᠡᠵᠦ᠂ ᠬᠤᠪᠢᠰᠬᠠᠯ ᠤᠨ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠴᠢᠷᠮᠠᠶᠢᠨ ᠡᠭᠦᠳᠴᠦ᠂ | ᠨᠠᠮ ᠤᠨ ᠪᠠᠶᠢᠭᠤᠯᠤᠯᠲᠠ ᠶᠢᠨ ᠬᠤᠪᠢᠰᠬᠠᠯ ᠤᠨ ᠬᠥᠳᠡᠯᠭᠡᠭᠦᠷ ᠤᠨ ᠦᠢᠯᠡᠳᠦᠯ ᠢ ᠲᠠᠰᠤᠷᠠᠯᠲᠠ ᠦᠭᠡᠢ ᠬᠥᠭᠵᠢᠭᠡᠵᠦ᠂ | ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠵᠤ | ᠪᠠᠲᠤᠯᠠᠪᠠ᠃ | ᠰᠢᠨ᠎ᠡ ᠪᠦᠷᠢᠶ᠎ᠡ ᠶᠢ ᠨᠢᠭᠡᠨᠲᠡ ᠬᠠᠩᠭᠢᠨᠠᠭᠤᠯᠪᠠ᠃ ᠰᠢᠨ᠎ᠡ ᠬᠠᠭᠤᠴᠢᠨ ᠬᠥᠳᠡᠯᠭᠡᠬᠦ ᠬᠦᠴᠦᠨ ᠤ ᠰᠣᠯᠢᠭᠳᠠᠯ ᠤᠨ | ᠲᠠᠰᠤᠷᠠᠯᠲᠠ ᠦᠭᠡᠶ ᠲᠦᠷᠭᠡᠳᠬᠦ ᠶᠢ ᠳᠠᠭᠠᠯᠳᠤᠨ᠂ ᠬᠠᠶᠢᠷᠤᠪ ᠤᠨ ᠲᠤᠬᠤᠢ ᠲᠤᠭᠤᠷᠢᠭ ᠤᠨ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠢᠲᠡᠭᠡᠯ ᠵᠣᠷᠢᠭ ᠪᠠ ᠢᠳᠡ ᠬᠦᠴᠦᠨ ᠨᠡᠩ ᠲᠡᠭᠦᠯᠳᠡᠷ ᠪᠤᠯᠵᠤ᠂ | ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠤᠰᠤ ᠠᠷᠪᠢᠯᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ | ᠥᠷᠭᠡᠳᠬᠡᠬᠦ᠂ ᠨᠡᠮᠡᠭᠳᠡᠯ ᠢ ᠪᠦᠬᠦ ᠲᠠᠯ᠎ᠠ ᠪᠠᠷ ᠬᠠᠮᠵᠢᠯᠴᠠᠨ ᠠᠬᠢᠭᠤᠯᠵᠤ᠂ ᠡᠬᠢ ᠪᠠᠶᠠᠯᠢᠭ ᠤᠨ ᠠᠮᠢ ᠠᠬᠤᠢ ᠶᠢᠨ | ᠰᠢᠰᠲ᠋ᠧᠮ ᠤᠨ ᠲᠣᠭᠲᠠᠪᠤᠷᠢᠲᠤ ᠴᠢᠨᠠᠷ ᠪᠠ ᠠᠮᠢ ᠠᠬᠤᠢ ᠶᠢᠨ ᠦᠢᠯᠡᠴᠢᠯᠡᠭᠡᠨ ᠤ ᠴᠢᠳᠠᠪᠬᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠶᠠᠰᠤ ᠴᠢᠨᠠᠷ ᠢ ᠲᠣᠭᠲᠠᠭᠤᠨ ᠤ ᠳᠤᠮᠳᠠ ᠰᠠᠶᠢᠵᠢᠷᠠᠬᠤ᠂ ᠰᠠᠶᠢᠨ ᠤ | ᠳᠤᠮᠳᠠ ᠰᠢᠯᠢᠳᠡᠭᠵᠢᠬᠦ ᠶᠢ ᠪᠡᠶᠡᠯᠡᠭᠦᠯᠵᠦ᠂ ᠴᠡᠪᠡᠷ ᠠᠭᠠᠷ᠂ ᠴᠡᠪᠡᠷ ᠤᠰᠤ᠂ ᠴᠡᠪᠡᠷ ᠬᠥᠷᠥᠰᠥ ᠰᠢᠷᠣᠢ ᠶᠢ | ᠬᠠᠶᠢᠷᠤᠪ ᠤᠨ ᠲᠤᠬᠤᠢ ᠲᠤᠭᠤᠷᠢᠭ ᠤᠨ ᠠᠷᠠᠳ ᠲᠦᠮᠡᠨ ᠤ ᠬᠠᠮᠤᠭ ᠤᠨ ᠲᠦᠭᠡᠮᠡᠯ ᠬᠠᠷᠠᠭᠠᠯᠵᠠᠯ ᠤᠨ ᠪᠤᠶᠠᠨ | ᠵᠢᠷᠭᠠᠯ ᠪᠣᠯᠭᠠᠨ᠎ᠠ᠃ | |