ᠠᠭᠤᠷ ᠠᠮᠢᠰᠬᠤᠯ ᠥᠳᠬᠡᠨ︕ ᠬᠠᠶᠢᠷᠤᠪ ᠤᠨ ᠲᠤᠬᠤᠢ ᠶᠢᠨ ᠪᠠᠰᠠ ᠨᠢᠭᠡᠨ ᠲᠤᠰᠬᠠᠢ ᠰᠡᠳᠦᠪᠲᠦ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2022/8/5
     ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠠᠵᠢᠯ ᠤᠨ ᠤᠬᠠᠭᠤᠯᠭ᠎ᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠤᠯᠠᠨ ᠲᠦᠮᠡᠨ ᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠡᠷᠡᠭᠦᠯ ᠥᠭᠡᠳᠡᠷᠬᠡᠭ ᠪᠥᠭᠡᠳ ᠵᠢᠷᠤᠮᠵᠢᠯ ᠲᠠᠢ ᠡᠮᠬᠢ ᠵᠢᠷᠤᠮ ᠲᠠᠢ ᠰᠣᠶᠣᠯ ᠤᠨ ᠣᠷᠴᠢᠨ ᠨᠥᠬᠦᠴᠡᠯ ᠢ ᠪᠤᠢ ᠪᠤᠯᠭᠠᠬᠤ ᠶᠢᠨ ᠲᠦᠯᠤᠭᠡ᠂ ᠤᠢᠢᠷ᠎ᠠ ᠶᠢᠨ ᠡᠳᠦᠷ ᠤᠳ ᠲᠤ᠂ ᠦᠬᠠᠢ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠦᠬᠠᠢ ᠬᠤᠳᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶ᠎ᠠ ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ  ᠬᠤᠷᠢᠶᠠᠨ ᠤ ᠤᠬᠠᠭᠤᠯᠬᠤ ᠬᠡᠯᠲᠡᠰ ᠠᠴᠠ ᠭᠤᠣᠯᠯᠠᠨ ᠡᠷᠬᠢᠯᠡᠭᠰᠡᠨ᠂ ᠴᠡᠭᠡᠯ ᠠᠭᠤᠯᠠ ᠪᠠᠯᠭᠠᠰᠤ᠂ ᠹᠧᠩ ᠬᠤᠸᠠᠩ ᠯᠢᠩ ᠵᠡᠭᠡᠯᠢ ᠭᠤᠳᠤᠮᠵᠢ᠂ ᠬᠠᠶ ᠪᠸᠢ ᠵᠡᠭᠡᠯᠢ ᠭᠤᠳᠤᠮᠵᠢ ᠵᠡᠷᠭᠡ 6 ᠬᠡᠷᠡᠭ ᠡᠷᠬᠢᠯᠡᠬᠦ ᠭᠠᠵᠠᠷ ᠳᠠᠭᠠᠭᠠᠨ ᠡᠷᠬᠢᠯᠡᠵᠦ᠂ ᠰᠢᠨ  ᠹᠧᠩ ᠲᠣᠰᠬᠤᠨ᠂ ᠯᠠᠨ ᠲᠢᠶᠠᠨ ᠨᠡᠶᠢᠭᠡᠮ ᠲᠣᠭᠤᠷᠢᠭ᠂ ᠱᠢ ᠴᠧᠩ ᠨᠡᠶᠢᠭᠡᠮ ᠲᠣᠭᠤᠷᠢᠭ᠂ ᠢ ᠯᠢᠨ ᠨᠡᠶᠢᠭᠡᠮ ᠲᠣᠭᠤᠷᠢᠭ ᠵᠡᠷᠭᠡ 6 ᠲᠣᠰᠬᠤᠨ ︵ᠨᠡᠶᠢᠭᠡᠮ ᠲᠣᠭᠤᠷᠢᠭ︶᠎ ᠤ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠦᠨᠳᠦᠰᠦᠨ ᠱᠠᠲᠤᠨ ᠤ ᠠᠵᠢᠯ ᠤᠨ ᠥᠷᠲᠡᠭᠡᠨ ᠤ ᠬᠠᠮᠵᠢᠯᠴᠠᠨ ᠡᠷᠬᠢᠯᠡᠭᠰᠡᠨ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠲᠠᠷᠢᠶᠠᠯᠠᠬᠤ ᠣᠷᠣᠨ ᠳᠤ ᠣᠴᠢᠬᠤ᠂ ᠨᠡᠶᠢᠭᠡᠮ ᠲᠣᠭᠤᠷᠢᠭ ᠲᠤ ᠣᠴᠢᠬᠤ ᠰᠢᠷᠢᠰ ᠰᠤᠷᠲᠠᠯ ᠤᠬᠠᠭᠤᠯᠭ᠎ᠠ ᠰᠣᠶᠣᠯ ᠤᠷᠠᠯᠢᠭ ᠤᠨ ᠠᠵᠢᠯᠯᠠᠭ᠎ᠠ ᠡᠮᠬᠢ ᠵᠢᠷᠤᠮ ᠲᠠᠢ ᠪᠠᠷ ᠡᠬᠢᠯᠡᠪᠡ᠃
微信图片_20220805101458.jpg   
    8 ᠰᠠᠷ᠎ᠠ ᠶᠢᠨ 1᠎ ᠤ ᠡᠳᠦᠷ ᠤᠨ ᠦᠳᠡ ᠶᠢᠨ ᠬᠤᠶᠢᠨ᠎ᠠ᠂ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠩᠬᠠᠳᠠᠭᠴᠢ ᠲᠠᠯᠠᠪᠤᠷ ᠨᠡᠶᠢᠭᠡᠮ ᠲᠣᠭᠤᠷᠢᠭ ᠤᠨ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠭᠤᠣᠯ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ 8 ᠤᠷᠠᠨ ᠰᠠᠶᠢᠬᠠᠨ ᠤ ᠡᠩᠨᠡᠭᠡ ᠤᠯᠠᠨ ᠲᠦᠮᠡᠨ ᠤ ᠳᠡᠷᠭᠡᠳᠡ ᠢᠷᠡᠵᠦ᠂ ᠲᠦᠷᠦᠯ ᠰᠠᠳᠤᠨ ᠤ ᠬᠠᠶᠢᠷ᠎ᠠ ᠰᠡᠳᠬᠢᠯᠭᠡ ᠪᠠᠷ ︽ᠨᠤᠲᠤᠭ ᠤᠨ ᠳᠠᠭᠤᠤ ᠶᠢ ᠳᠠᠭᠤᠯᠠᠵᠤ ᠨᠠᠮ ᠳᠠᠭᠠᠨ ᠰᠣᠨᠣᠰᠬᠠᠨ᠎ᠠ︾᠂ ︽ᠬᠤᠷᠢᠳᠤᠭᠠᠷ ᠶᠡᠭᠡ ᠬᠤᠷᠠᠯ ᠤᠨ ᠳᠠᠭᠤᠤ︾᠂ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠠᠵᠢᠯᠯᠠᠭ᠎ᠠ ᠳᠤ ᠬᠥᠮᠦᠨ ᠪᠦᠬᠦᠨ ᠣᠷᠣᠯᠴᠠᠨ᠎ᠠ︾᠂ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ︿ᠠᠷᠠᠳ ᠤᠨ ᠠᠮᠤᠷ ᠠᠮᠤᠭᠤᠯᠠᠩ﹀ ᠵᠡᠷᠭᠡ ᠭᠤᠶᠢᠳᠠ ᠰᠠᠶᠢᠬᠠᠨ ᠳᠠᠭᠤᠤ᠂ ᠪᠥᠵᠢᠭ᠂ ᠤᠶᠠᠩᠭᠠᠯᠠᠨ ᠤᠩᠰᠢᠬᠤ ᠵᠢᠴᠢ ᠭᠤᠷᠪᠠᠨ ᠥᠭᠦᠯᠡᠪᠦᠷᠢ ᠬᠠᠭᠠᠰ ᠵᠡᠷᠭᠡ ᠲᠣᠭᠯᠠᠯᠲᠠ ᠶᠢ ᠲᠣᠭᠯᠠᠵᠤ᠂ ᠤᠯᠠᠨ ᠲᠦᠮᠡᠨ ᠤ ᠬᠠᠯᠠᠭᠤᠨ ᠠᠯᠠᠭ᠎ᠠ ᠲᠠᠰᠢᠯᠳᠠ ᠶᠢ ᠤᠯᠪᠠ᠃
微信图片_20220805101502.jpg   
     ᠲᠣᠭᠯᠠᠯᠲᠠ ᠶᠢᠨ ᠠᠵᠢᠯᠯᠠᠭ᠎ᠠ ᠳᠤᠮᠳᠠ᠂ ᠬᠤᠲᠠ ᠶᠢᠨ ᠰᠣᠶᠣᠯ ᠤᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠠᠰᠠ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢ ᠲᠣᠭᠯᠠᠯᠲᠠ ᠶᠢᠨ ᠠᠵᠢᠯᠯᠠᠭ᠎ᠠ ᠳᠤ ᠣᠷᠣᠭᠤᠯᠵᠤ᠂ ᠲᠤᠬᠠᠶ ᠶᠢᠨ ᠲᠠᠯᠠᠪᠠᠶ ᠶᠢᠨ ᠲᠣᠭᠯᠠᠭᠴᠢᠳ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ᠂ ᠢᠯᠠᠩᠭᠤᠶ᠎ᠠ ᠵᠠᠯᠠᠭᠤ ᠪᠠᠭᠠᠴᠤᠳ ᠬᠡᠦᠬᠡᠳ ᠤᠨ ᠪᠤᠯᠢᠶᠠᠯᠳᠤᠨ ᠬᠠᠷᠢᠭᠤᠯᠬᠤ ᠶᠢ ᠲᠠᠲᠠᠵᠤ᠂ ᠣᠯᠠᠨ ᠢᠶᠠᠷ ᠢᠶᠠᠨ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾᠎ ᠶᠢᠨ ᠴᠢᠬᠤᠯᠠ ᠠᠴᠢ ᠬᠤᠯᠪᠣᠭᠳᠠᠯ ᠢ ᠤᠯᠠᠮ ᠨᠢᠭᠡ ᠠᠯᠬᠤᠮ ᠣᠶᠢᠯᠠᠭᠠᠵᠤ᠂ ᠬᠠᠤᠯᠢ ᠪᠤᠰᠤ ᠬᠡᠪᠯᠡᠭᠳᠡᠬᠦᠨ ᠠᠴᠠ ᠬᠤᠯᠠᠳᠠᠬᠤ᠂ ᠬᠤᠣᠷ ᠬᠥᠨᠥᠭᠡᠯ ᠲᠠᠢ ᠨᠣᠮ ᠪᠢᠴᠢᠭ ᠢ ᠤᠬᠠᠮᠰᠠᠷ ᠠᠴᠠ ᠪᠠᠨ ᠬᠤᠷᠢᠭᠯᠠᠬᠤ ᠡᠷᠡᠰ ᠵᠣᠷᠢᠭ ᠢ ᠪᠠᠲᠤᠳᠬᠠᠵᠠᠶ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ᠂ ᠬᠤᠶᠢᠰᠢᠳᠠ ᠬᠡᠪᠯᠡᠭᠳᠡᠬᠦᠨ ᠤ ᠵᠠᠬ᠎ᠠ ᠳᠡᠯᠭᠡᠭᠦᠷ ᠢ ᠦᠷᠭᠦᠯᠵᠢᠯᠡᠨ ᠠᠩᠬᠠᠷᠴᠤ᠂ ᠰᠦᠯᠵᠢᠶᠡᠨ ᠤ ᠠᠮᠤᠷ ᠲᠦᠪᠰᠢᠨ ᠤ ᠣᠷᠴᠢᠨ ᠲᠣᠭᠤᠷᠢᠨ ᠢ ᠭᠤᠣᠯᠳᠠᠯᠭ᠎ᠠ ᠲᠠᠢ ᠠᠩᠬᠠᠷᠴᠤ᠂ ᠲᠦᠷᠦᠭᠦᠯᠡᠨ ᠪᠣᠯᠪᠠᠰᠤᠨ ᠢᠶᠠᠷ ᠰᠦᠯᠵᠢᠶᠡᠨ ᠳᠤ ᠭᠠᠷᠴᠤ᠂ ᠡᠷᠡᠭᠦᠯ ᠥᠭᠡᠳᠡᠷᠬᠡᠭ ᠰᠣᠶᠣᠯ ᠤᠨ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠨ᠎ᠠ ᠭᠡᠵᠦ ᠢᠯᠡᠳᠬᠡᠵᠡᠭᠡᠪᠡ᠃ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ ᠢᠳᠡᠪᠬᠢᠲᠡᠢ ᠢᠯᠡᠳᠬᠡᠬᠦ ᠳᠡᠭᠡᠨ᠂ ᠬᠤᠶᠢᠰᠢᠳᠠ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠳ ᠲᠠᠢ ᠬᠠᠮᠵᠢᠯᠴᠠᠨ ᠬᠠᠤᠯᠢ ᠪᠤᠰᠤ ᠬᠡᠪᠯᠡᠭᠳᠡᠬᠦᠨ ᠳᠤ ᠬᠢᠨᠠᠯᠲᠠ ᠲᠠᠯᠪᠢᠬᠤ᠂ ᠵᠢᠭᠰᠠᠭᠠᠨ ᠪᠠᠶᠢᠴᠠᠭᠠᠬᠤ ᠠᠵᠢᠯ ᠢ ᠬᠠᠮᠲᠤᠪᠠᠷ ᠰᠠᠶᠢᠲᠤᠷ ᠬᠢᠵᠦ᠂ ᠥᠪᠡᠷ ᠤᠨ ᠲᠦᠷᠦᠯ ᠰᠠᠳᠤᠨ ᠨᠠᠶᠢᠵᠠ ᠨᠥᠬᠦᠳ ᠢᠶᠠᠨ ᠱᠠᠯᠠᠪᠳᠠᠭᠤᠯᠵᠤ ᠪᠠᠶᠢᠭᠠᠳ ᠬᠡᠪᠯᠡᠯ ᠬᠤᠯᠠᠭᠠᠶᠢᠯᠠᠭᠰᠠᠨ ᠨᠣᠮ ᠪᠢᠴᠢᠭ ᠵᠢᠴᠢ ᠲᠠᠭᠤ ᠳᠦᠷᠰᠦ ᠰᠢᠩᠭᠡᠭᠡᠯᠲᠡ ᠶᠢᠨ ᠪᠦᠲᠦᠭᠡᠭᠳᠡᠬᠦᠨ ᠢ ᠬᠠᠮᠲᠤᠪᠠᠷ ᠬᠤᠷᠢᠭᠯᠠᠵᠤ᠂ ᠪᠣᠬᠢᠷᠲᠤᠯ ᠦᠭᠡᠢ᠂ ᠡᠷᠡᠭᠦᠯ ᠮᠡᠨᠳᠦ᠂ ᠠᠮᠤᠷ ᠲᠦᠪᠰᠢᠨ᠂ ᠡᠮᠬᠢ ᠳᠢᠭᠯᠢᠮ ᠲᠠᠢ ᠰᠦᠯᠵᠢᠶᠡᠨ ᠤ ᠣᠷᠴᠢᠨ ᠲᠣᠭᠤᠷᠢᠨ ᠢ ᠬᠠᠮᠲᠤᠪᠠᠷ ᠪᠠᠶᠢᠭᠤᠯᠵᠤ᠂ ᠬᠡᠪᠯᠡᠭᠳᠡᠬᠦᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠪᠣᠯᠤᠨ ᠬᠡᠪᠯᠡᠯ ᠤᠨ ᠡᠷᠬᠡ ᠶᠢ ᠬᠠᠮᠠᠭᠠᠯᠠᠬᠤ ᠦᠢᠯᠡᠰ ᠢ ᠴᠡᠪᠡᠷᠰᠢᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠪᠡ᠃      ᠲᠤᠰ ᠤᠳᠠᠭ᠎ᠠ ᠶᠢᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠳᠤ᠂ ᠦᠬᠠᠢ ᠬᠤᠳᠠ ᠶᠢᠨ ᠨᠠᠮ ᠤᠨ ᠬᠤᠷᠢᠶᠠᠨ ᠎ ᠤ ᠤᠬᠠᠭᠤᠯᠬᠤ ᠬᠡᠯᠲᠡᠰ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠳᠠ ᠶᠢᠨ ᠰᠣᠶᠣᠯ ᠤᠨ ᠬᠠᠤᠯᠢ ᠬᠡᠷᠡᠭᠵᠢᠭᠦᠯᠬᠦ ᠲᠤᠪᠴᠢᠶ᠎ᠠ ᠪᠣᠯᠤᠨ ᠡᠯ᠎ᠡ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶᠎ ᠨᠢ ᠲᠠᠷᠢᠶᠠᠯᠠᠬᠤ ᠣᠷᠣᠨ᠂ ᠨᠡᠶᠢᠭᠡᠮ ᠲᠣᠭᠤᠷᠢᠭ᠂ ᠴᠡᠴᠡᠷᠯᠢᠭ ᠵᠢᠴᠢ ᠡᠯ᠎ᠡ ᠲᠦᠷᠦᠯ ᠤᠨ ᠵᠠᠬ᠎ᠠ ᠳᠡᠯᠭᠡᠭᠦᠷ ᠲᠤ ᠭᠦᠨᠵᠡᠭᠡᠶᠢᠷᠡᠵᠦ᠂ ᠡᠯ᠎ᠡ ᠲᠦᠷᠦᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠳᠡ 1800 ᠭᠠᠷᠤᠢ ᠬᠤᠪᠢ ᠲᠠᠷᠬᠠᠭᠠᠵᠤ᠂ ᠤᠬᠠᠭᠤᠯᠭ᠎ᠠ ᠶᠢᠨ ᠮᠠᠲ᠋ᠧᠷᠢᠶᠠᠯ ᠢ 600 ᠭᠠᠷᠤᠢ ᠲᠠᠷᠬᠠᠭᠠᠵᠤ᠂ ᠪᠦᠬᠦ ᠠᠷᠠᠳ ᠢᠶᠠᠷ ᠢᠶᠠᠨ ︽ᠱᠠᠯᠢᠭ ᠵᠠᠪᠠᠭ᠋ᠠᠢ ᠵᠦᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾᠎ ᠳᠤ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号