ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷᠴᠤᠳ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠳᠤ ᠲᠠᠯᠪᠢᠭᠰᠠᠨ ᠴᠢᠬᠤᠯᠠ ᠶᠠᠷᠢᠶ᠎ᠠ ᠬᠠᠶᠢᠷᠤᠪ ᠤᠨ ᠲᠤᠬᠤᠢ ᠲᠣᠭᠤᠷᠢᠭ ᠤᠨ ᠺᠠᠳ᠋ᠷᠴᠤᠳ ᠤᠯᠠᠨ ᠲᠦᠮᠡᠨ ᠤ ᠳᠤᠮᠳᠠ ᠴᠢᠩᠭ᠎ᠠ ᠲᠤᠰᠬᠠᠯ ᠭᠠᠷᠪᠠ
ᠨᠡᠶᠢᠲᠡᠯᠡᠭᠰᠡᠨ ᠴᠠᠭ᠄
2022/8/5
      ᠶᠡᠷᠦᠩᠬᠡᠶ ᠱᠦᠵᠢ ᠰᠢ ᠶᠢᠨ ᠫᠢᠩ ᠮᠤᠵᠢ ᠶᠠᠮᠤᠨ ᠤ ᠳᠡᠰ ᠤᠨ ᠭᠤᠣᠯ ᠤᠳᠤᠷᠢᠳᠬᠤ ᠺᠠᠳ᠋ᠷᠴᠤᠳ ᠤᠨ ︽ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ︾ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠴᠢᠬᠤᠯᠠ ᠶᠠᠷᠢᠶ᠎ᠠ ᠲᠠᠯᠪᠢᠵᠤ᠂ ᠬᠠᠶᠢᠷᠤᠪ ᠤᠨ ᠲᠤᠬᠤᠢ ᠲᠣᠭᠤᠷᠢᠭ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠯᠠᠨ ᠲᠦᠮᠡᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠷᠡᠯᠬᠡᠭᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠪᠦᠯᠬᠦᠮᠳᠡᠨ ᠲᠡᠮᠡᠴᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠴᠣ᠋ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠲᠦᠢᠯ ᠤᠨ ᠶᠡᠬᠡᠪᠡᠷ ᠵᠣᠷᠢᠭᠵᠢᠭᠤᠯᠪᠠ᠃ ᠥᠩᠭᠡᠷᠡᠭᠰᠡᠨ ᠢᠶᠠᠨ ᠳ᠋ᠦᠩᠨᠡᠵᠦ᠂ ᠤᠳᠤ ᠪᠠᠨ ᠡᠵᠡᠮᠳᠡᠵᠦ᠂ ᠢᠷᠡᠭᠡᠳᠦᠢ ᠪᠠᠨ ᠪᠠᠷᠠᠯᠠᠬᠤᠶ᠎ᠠ᠂ ᠶᠡᠷᠦᠩᠬᠡᠢ ᠱᠦᠵᠢ ᠰᠢ ᠶᠢᠨ ᠫᠢᠩ ᠤᠨ ᠶᠠᠷᠢᠶ᠎ᠠ ᠴᠢᠩᠭ᠎ᠠ ᠬᠦᠴᠦᠲᠡᠢ ᠪᠠᠶᠢᠵᠤ᠂ ᠬᠠᠶᠢᠷᠤᠪ ᠤᠨ ᠲᠤᠬᠤᠢ ᠲᠣᠭᠤᠷᠢᠭ ᠤᠨ ᠥᠷᠭᠡᠨ ᠤᠯᠠᠨ ᠺᠠᠳ᠋ᠷᠴᠤᠳ ᠤᠯᠠᠨ ᠲᠦᠮᠡᠨ ᠤ ᠳᠤᠮᠳᠠ ᠴᠢᠩᠭ᠎ᠠ ᠲᠤᠰᠬᠠᠯ ᠭᠠᠷᠪᠠ᠃     ᠤᠯᠠᠨ ᠢᠶᠠᠷ ᠢᠶᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ᠠᠵᠢᠯ ᠤᠨ ᠴᠢᠬᠤᠯᠠ ᠬᠦᠴᠦᠯᠡᠬᠦ ᠴᠡᠭ ᠢᠶᠠᠨ ᠣᠨᠣᠪᠴᠢᠲᠠᠢ ᠡᠵᠡᠮᠳᠡᠵᠦ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃   ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠨᠠᠮ ᠤᠨ ᠠᠵᠢᠯᠯᠠᠬᠤ  ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠵᠠᠩ ᠴᠦᠨ ᠫᠢᠩ
微信图片_20220805094219.jpg   
      ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠢᠷᠡᠭᠡᠳᠦᠢ ᠶᠢᠨ ᠨᠢᠭᠡ ᠬᠤᠭᠤᠴᠠᠭᠠᠨ ᠤ ᠨᠠᠮ ᠪᠣᠯᠤᠨ ᠤᠯᠤᠰ ᠤᠨ ᠬᠥᠭᠵᠢᠯᠲᠡ ᠶᠢᠨ ᠦᠨᠳᠦᠰᠦᠨ ᠪᠤᠳᠤᠯᠭ᠎ᠠ ᠴᠢᠭᠯᠡᠯᠲᠡ ᠪᠣᠯᠤᠨ ᠠᠵᠢᠯᠯᠠᠭᠠᠨ ᠤ ᠬᠥᠲᠥᠯᠪᠦᠷᠢ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠵᠠᠭᠤᠨ ᠵᠢᠯ ᠤᠨ ᠶᠡᠭᠡ ᠨᠠᠮ ᠤᠨ ᠤᠬ ᠰᠠᠨᠠᠭ᠎ᠠ ᠪᠠᠨ ᠦᠯᠦ ᠬᠤᠪᠢᠷᠠᠭᠤᠯᠬᠤ᠂ ᠭᠤᠶᠢᠪᠢᠰᠢ ᠦᠭᠡᠢ ᠡᠷᠡᠰ ᠪᠠᠲᠤ ᠪᠠᠷᠢᠮᠲᠠᠯᠠᠯ ᠢ ᠢᠯᠡᠷᠡᠭᠦᠯᠵᠡᠢ᠃ ᠪᠢᠳᠡ ᠵᠠᠪᠠᠯ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠰᠤᠷᠤᠯᠴᠠᠵᠤ ᠤᠬᠠᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠶ᠃ ᠰᠤᠷᠭᠠᠨ ᠬᠥᠮᠦᠵᠢᠯ ᠤᠨ ᠰᠢᠰᠲ᠋ᠧᠮ ᠤᠨ ᠥᠷᠭᠡᠨ ᠤᠯᠠᠨ ᠨᠠᠮ ᠤᠨ ᠭᠡᠰᠢᠭᠦᠨ ᠪᠠᠭᠰᠢ ᠨᠠᠷ ᠢ ᠬᠦᠳᠦᠯᠦᠨ ᠵᠢᠯᠣᠭᠤᠳᠴᠤ ᠪᠠᠶᠢᠭᠠᠳ ᠤᠯᠤᠰ ᠤᠨ ᠰᠢᠨ᠎ᠡ ᠬᠤᠪᠢᠷᠠᠯᠲᠠ᠂ ᠰᠢᠨ᠎ᠡ ᠳᠦᠷᠰᠦ ᠪᠠᠶᠢᠳᠠᠯ ᠢ ᠭᠦᠨᠵᠡᠭᠡᠢ ᠣᠶᠢᠯᠠᠭᠠᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠰᠠᠶᠢᠲᠤᠷ ᠰᠤᠷᠤᠯᠴᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠠᠶᠢᠲᠤᠷ ᠰᠤᠷᠤᠯᠴᠠᠨ ᠤᠬᠠᠭᠤᠯᠵᠤ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠥᠷᠭᠡᠨ ᠤᠯᠠᠨ ᠪᠠᠭᠰᠢ ᠰᠤᠷᠤᠭᠴᠢᠳ ᠢ ᠤᠯᠤᠰ ᠤᠨ ᠪᠠᠶᠢᠳᠠᠯ ᠢᠶᠠᠨ ᠬᠠᠶᠢᠷᠠᠯᠠᠬᠤ᠂ ᠤᠯᠤᠰ ᠢᠶᠠᠨ ᠬᠦᠴᠦᠷᠬᠡᠭᠵᠢᠭᠦᠯᠬᠦ ᠵᠣᠷᠢᠭ ᠰᠠᠨᠠᠭ᠎ᠠ᠂ ᠤᠯᠤᠰ ᠲᠠᠭᠠᠨ ᠵᠢᠳᠬᠦᠬᠦ ᠠᠶᠠᠯᠠᠯ ᠢᠶᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠲᠡᠮᠡᠴᠡᠯ ᠳᠤ ᠤᠬᠠᠮᠰᠠᠷ ᠠᠴᠠ ᠪᠠᠨ ᠠᠭᠤᠰᠤᠯᠴᠠᠭᠤᠯᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠴᠤᠭ ᠰᠦᠯᠳᠡ ᠪᠠᠨ ᠪᠠᠳᠠᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠷᠠᠯᠳᠤᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠵᠣᠷᠢᠭᠵᠢᠭᠤᠯᠪᠠ᠃     ᠬᠠᠶᠢᠷᠤᠪ ᠤᠨ ᠲᠤᠬᠤᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠳ᠋ᠢᠩ ᠢ ᠢ
微信图片_20220805094224.jpg  
                ᠶᠡᠷᠦᠩᠬᠡᠶ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠣᠳᠣᠬᠠᠨ ᠤ ᠤᠯᠤᠰ ᠤᠨ ᠭᠠᠳᠠᠭᠠᠳᠤ ᠳᠣᠲᠣᠭᠠᠳᠤ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠨᠠᠮ ᠪᠠ ᠤᠯᠤᠰ ᠤᠨ ᠠᠵᠢᠯ ᠦᠢᠯᠡᠰ ᠲᠤ ᠡᠭᠦᠰᠦᠭᠰᠡᠨ ᠲᠡᠦᠬᠡᠲᠦ ᠴᠢᠨᠠᠷᠲᠠᠢ ᠬᠤᠪᠢᠰᠤᠯᠲᠠ ᠪᠠ ᠲᠡᠦᠬᠡᠲᠦ ᠴᠢᠨᠠᠷᠲᠠᠢ ᠠᠮᠵᠢᠯᠲᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠰᠢᠨ᠎ᠡ ᠲᠡᠦᠬᠡᠨ ᠨᠥᠬᠦᠴᠡᠯ ᠳᠣᠣᠷ᠎ᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠠᠯᠢ ᠤᠯᠠᠨ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠢᠷᠡᠭᠡᠳᠦᠢ ᠶᠢᠨ ᠨᠢᠭᠡ ᠬᠤᠭᠤᠴᠠᠭᠠᠨ ᠳᠠᠬᠢ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠦᠨᠳᠦᠰᠦᠨ ᠪᠤᠳᠤᠯᠭ᠎ᠠ ᠴᠢᠭᠯᠡᠯᠲᠡ ᠪᠠ ᠠᠵᠢᠯᠯᠠᠭᠠᠨ ᠤ ᠬᠥᠲᠥᠯᠪᠦᠷᠢ ᠶᠢ ᠭᠦᠨᠵᠡᠭᠡᠢ ᠲᠣᠳᠣᠷᠬᠠᠶᠢᠯᠠᠨ ᠥᠭᠦᠯᠡᠪᠡ᠃     ᠰᠤᠷᠤᠯᠴᠠᠯᠭ᠎ᠠ ᠪᠠᠷ ᠲᠠᠮᠵᠢᠨ ᠪᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠬᠡᠵᠢᠶᠡᠳᠡ ᠳᠠᠭᠤᠰᠤᠰᠢ ᠦᠭᠡᠢ ᠪᠠᠶᠢᠵᠤ᠂ ᠨᠢᠭᠡ ᠮᠥᠴᠡ ᠴᠦ ᠰᠤᠯᠠᠷᠠᠭᠤᠯᠵᠤ ᠪᠣᠯᠬᠤ ᠦᠭᠡᠢ ᠭᠡᠳᠡᠭ ᠢ ᠭᠦᠨᠵᠡᠭᠡᠢ ᠤᠢᠢᠯᠠᠭᠠᠭᠰᠠᠨ ᠶᠤᠮ᠂ ᠲᠡᠮᠤᠷ ᠳᠡᠭᠡᠷ᠎ᠡ ᠤᠷᠤᠮ ᠦᠯᠡᠳᠡᠭᠡᠬᠦ᠂ ᠴᠢᠯᠠᠭᠤᠨ ᠳᠡᠭᠡᠷ᠎ᠡ ᠮᠥᠷ ᠦᠯᠡᠳᠡᠭᠡᠬᠦ ᠬᠠᠳᠠᠨ ᠵᠣᠷᠢᠭ ᠪᠠ ᠡᠷᠡᠰ ᠪᠠᠷᠢᠮᠲᠠᠯᠠᠯ ᠢᠶᠠᠷ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠭᠡᠬᠦ ᠡᠨᠡ ᠬᠦ ᠪᠡᠷᠬᠡ ᠰᠡᠳᠦᠪ ᠢ ᠰᠢᠢᠳᠪᠦᠷᠢᠯᠡᠬᠦ ᠲᠠᠶᠢᠨ᠂ ᠤᠳᠠᠭᠠᠨ ᠳᠠᠭᠠᠭᠠᠮᠠᠭᠠᠢ ᠲᠠᠶᠢᠨ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠨᠠᠮ ᠤᠨ ᠳᠣᠲᠣᠭᠠᠳᠤ ᠶᠢᠨ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠲᠠᠰᠤᠷᠠᠯᠳᠠ ᠦᠭᠡᠢ ᠪᠦᠷᠢᠯᠳᠦᠭᠦᠯᠦᠨ ᠬᠥᠭᠵᠢᠭᠦᠯᠵᠦ᠂ ᠨᠠᠮ ᠪᠠ ᠤᠯᠤᠰ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ᠃    ᠬᠠᠶᠢᠷᠤᠪ ᠤᠨ ᠲᠤᠬᠤᠢ ᠲᠣᠭᠤᠷᠢᠭ ᠤᠨ ᠯᠢᠨ ᠶᠢᠨ ᠵᠡᠭᠡᠯᠢ ᠭᠤᠳᠤᠮᠵᠢ ᠶᠢᠨ ᠸᠧᠨ ᠰᠢᠨ ᠨᠡᠶᠢᠭᠡᠮ ᠲᠣᠭᠤᠷᠢᠭ ᠤᠨ ᠠᠵᠢᠯᠲᠠᠨ ᠳ᠋ᠦᠩ ᠼᠠᠢ ᠯᠠᠨ
微信图片_20220805094228.jpg  
      ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠠᠵᠢᠯᠳᠠᠨ ᠪᠣᠯᠤᠭᠰᠠᠨ ᠤ ᠬᠤᠪᠢ ᠳᠤ᠂ ᠪᠢ ᠶᠠᠷᠢᠶᠠᠨ ᠤ ᠪᠠᠶᠠᠯᠢᠭ ᠠᠭᠤᠯᠤᠭᠳᠠᠬᠤᠨ᠂ ᠵᠣᠷᠢᠭ ᠰᠠᠨᠠᠭᠠᠨ ᠤ ᠮᠥᠨ ᠴᠢᠨᠠᠷ ᠪᠣᠯᠤᠨ ᠦᠨᠳᠦᠰᠦᠨ ᠱᠠᠭᠠᠷᠳᠠᠯᠭ᠎ᠠ ᠶᠢ ᠭᠦᠨᠵᠡᠭᠡᠢ ᠡᠵᠡᠮᠰᠢᠬᠦ ᠶᠢᠨ ᠬᠠᠮᠲᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠪᠦᠯᠬᠦᠮᠳᠡᠨ ᠲᠡᠮᠡᠴᠡᠬᠦ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠵᠤ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠡᠷᠡᠯᠬᠡᠭᠯᠡᠨ ᠲᠡᠮᠡᠴᠡᠵᠦ᠂ ᠡᠯ᠎ᠡ ᠵᠦᠢᠯ ᠤᠨ ᠠᠵᠢᠯ ᠢᠶᠠᠨ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠰᠠᠶᠢᠲᠤᠷ ᠬᠢᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号