ᠬᠠᠶᠢᠷᠤᠪ ᠤᠨ ᠲᠤᠬᠤᠢ ᠲᠣᠭᠤᠷᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2022/8/6
     8 ᠰᠠᠷ᠎ᠠ ᠶᠢᠨ 5᠎ ᠤ ᠡᠳᠦᠷ ᠤᠨ 23 ᠴᠠᠭ ᠤᠨ ᠦᠶ᠎ᠡ ᠪᠠᠷ᠂ 1 ᠴᠥᠮ᠎ᠡ ᠶᠢᠨ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠨᠢ ᠠᠷᠭ᠎ᠠ ᠴᠢᠨᠠᠷᠲᠠᠢ ᠬᠥᠮᠦᠨ ᠪᠠᠶᠢᠬᠤ ᠶᠢ ᠣᠯᠵᠤ ᠮᠡᠳᠡᠪᠡ᠂ ᠬᠤᠳᠠ ᠶᠢᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠠᠴᠠ ᠲᠠᠬᠢᠨ ᠬᠢᠨᠠᠵᠤ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠠᠴᠠ ᠬᠠᠮᠲᠤᠷᠠᠨ ᠣᠨᠣᠰᠢᠯᠠᠵᠤ ᠰᠤᠳᠤᠯᠤᠨ ᠮᠠᠭᠠᠳᠯᠠᠭᠰᠠᠨ ᠢᠶᠠᠷ᠂ ᠤᠳᠤ ᠪᠣᠯᠲᠠᠯ᠎ᠠ᠂ ᠬᠠᠶᠢᠷᠤᠪ ᠤᠨ ᠲᠤᠬᠤᠢ ᠲᠣᠭᠤᠷᠢᠭ ᠲᠤ 1 ᠡᠪᠡᠳᠴᠢᠨ ᠤ ᠵᠢᠱᠢᠶ᠎ᠡ ᠶᠢ ᠣᠨᠣᠰᠢᠯᠠᠵᠤ᠂ ᠨᠢᠭᠡᠨᠲᠡ ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶᠠᠨ ᠳᠤ ᠬᠦᠯᠢᠶᠡᠨ ᠠᠪᠴᠤ ᠡᠮᠨᠡᠭᠦᠯᠦᠭᠰᠡᠨ ᠪᠠᠶᠢᠨ᠎ᠠ᠃
20220806185538410.jpg   
     ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠠᠶᠢᠷᠤᠪ ᠤᠨ ᠲᠤᠬᠤᠢ ᠲᠣᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃      ᠠᠰᠠᠭᠤᠯᠲᠠ ᠨᠢᠭᠡ᠄ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠬᠤᠲᠠ ᠶᠢᠨ ᠠᠷᠠᠳ ᠡᠮᠨᠡᠯᠭᠡ ᠳᠤ ᠣᠴᠢᠵᠤ ᠡᠮᠨᠡᠭᠦᠯᠬᠦ ᠳᠤ ᠶᠠᠮᠠᠷ ᠬᠤᠯᠪᠣᠭᠳᠠᠯ ᠪᠥᠬᠦᠶ ᠲᠣᠭᠲᠠᠭᠠᠯ ᠵᠢᠴᠢ ᠠᠩᠬᠠᠷᠬᠤ  ᠵᠤᠶᠢᠯ ᠪᠠᠶᠢᠬᠤ ᠪᠣᠶ︖ ᠲᠦᠷᠭᠡᠨ ᠬᠦᠨᠳᠦ ᠡᠪᠡᠳᠴᠢᠲᠡᠨ ᠳᠤ ᠬᠠᠨᠳᠤᠭᠤᠯᠤᠨ ᠡᠪᠡᠳᠴᠢᠨ ᠦᠵᠡᠭᠦᠯᠬᠦ ᠳᠤ ᠰᠠᠭᠠᠳ ᠥᠬᠡᠶ ᠨᠡᠪᠲᠡᠷᠡᠬᠦ ᠵᠠᠮ ᠪᠠᠶᠢᠨ᠎ᠠ ᠤᠤ ᠥᠬᠡᠶ ᠤᠤ︖      ᠬᠠᠶᠢᠷᠤᠪ ᠤᠨ ᠲᠤᠬᠤᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠲᠠᠩ ᠸᠧᠨ ᠲᠤᠤ ᠶᠢᠨ ᠲᠠᠨᠢᠯᠴᠠᠭᠤᠯᠤᠭᠰᠠᠨ ᠢᠶᠠᠷ᠂ ᠨᠢᠭᠡ ᠳᠤ᠂ ᠬᠠᠷᠢᠶ᠎ᠠ ᠲᠣᠭᠤᠷᠢᠭ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠬᠡᠪ ᠤᠨ ᠪᠠᠶᠢᠳᠠᠯ ᠢᠶᠠᠷ ᠬᠦᠯᠢᠶᠡᠨ ᠠᠪᠴᠤ ᠡᠮᠴᠢᠯᠡᠨ᠎ᠡ᠂ ᠪᠠᠴᠢᠮ ᠪᠤᠰᠤ ᠡᠮᠨᠡᠯᠭᠡ ᠶᠢᠨ ᠡᠪᠡᠳᠴᠢᠲᠡᠨ ᠤᠷᠢᠳᠴᠢᠯᠠᠨ ᠠᠰᠠᠭᠤᠨ ᠯᠠᠪᠯᠠᠬᠤ ᠤᠲᠠᠰᠤ ᠠᠪᠬᠤ ᠪᠤᠶᠤ ᠡᠮᠨᠡᠯᠭᠡ ᠶᠢᠨ ᠬᠤᠷᠢᠶᠠᠨ ᠤ ᠨᠡᠶᠢᠲᠡ ᠶᠢᠨ ᠳ᠋ᠤᠭᠠᠷ ᠢᠶᠠᠷ ᠰᠦᠯᠵᠢᠶᠡᠨ ᠳᠡᠭᠡᠷ᠎ᠡ ᠤᠷᠢᠳᠴᠢᠯᠠᠨ ᠳ᠋ᠤᠭᠠᠷᠯᠠᠵᠤ᠂ ᠤᠷᠢᠳᠴᠢᠯᠠᠨ ᠪᠣᠯᠵᠣᠵᠤ ᠡᠮᠨᠡᠭᠦᠯᠬᠦ ᠴᠠᠭ ᠢᠶᠠᠷ ᠡᠮᠴᠢᠯᠡᠭᠦᠯᠵᠦ᠂ ᠬᠦᠯᠢᠶᠡᠬᠦ ᠴᠠᠭ ᠢ ᠪᠠᠭᠠᠰᠬᠠᠵᠤ ᠪᠣᠯᠤᠨ᠎ᠠ᠃ ᠬᠠᠯᠠᠭᠤᠷᠠᠵᠤ ᠪᠠᠶᠢᠭ᠎ᠠ ᠡᠪᠡᠳᠴᠢᠲᠡᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠶᠢᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠦᠭᠡᠷᠡᠢ᠃ ᠲᠦᠷᠭᠡᠨ ᠡᠪᠡᠳᠴᠢᠲᠡᠨ ᠰᠢᠭᠤᠳ 120 ᠲᠦᠷᠭᠡᠨ ᠠᠪᠤᠷᠠᠯᠲᠠ ᠶᠢᠨ ᠤᠲᠠᠰᠤ ᠠᠪᠴᠤ ᠪᠣᠯᠤᠨ᠎ᠠ᠃    ᠬᠤᠶᠠᠷ ᠲᠤ᠂ ᠪᠢᠲᠡᠭᠦᠮᠵᠢᠯᠡᠨ ᠡᠵᠡᠮᠳᠡᠬᠦ ᠲᠣᠭᠤᠷᠢᠭ᠂ ᠬᠠᠮᠢᠶᠠᠷᠤᠨ ᠡᠵᠡᠮᠳᠡᠬᠦ ᠲᠣᠭᠤᠷᠢᠭ᠂ ᠲᠥᠪᠯᠡᠷᠡᠭᠦᠯᠦᠨ ᠲᠤᠰᠠᠭᠠᠷᠯᠠᠬᠤ ᠴᠡᠭ ᠵᠢᠴᠢ ᠪᠤᠰᠤᠳ ᠲᠤᠰᠠᠭᠠᠷᠯᠠᠬᠤ ᠲᠠᠯᠠᠪᠤᠷ ᠤᠨ ᠬᠥᠮᠦᠰ ᠡᠮ ᠬᠡᠷᠡᠭᠯᠡᠬᠦ ᠱᠠᠭᠠᠷᠳᠠᠯᠭ᠎ᠠ ᠲᠠᠢ ᠪᠠᠶᠢᠪᠠᠯ᠂ ᠪᠠᠯᠭᠠᠰᠤ᠂ ᠵᠡᠭᠡᠯᠢ ᠭᠤᠳᠤᠮᠵᠢ ︵ᠲᠣᠰᠬᠤᠨ᠂ ᠨᠡᠶᠢᠭᠡᠮ ᠲᠣᠭᠤᠷᠢᠭ︶᠎ ᠶᠢᠨ ᠰᠡᠷᠭᠡᠶᠢᠯᠡᠨ ᠡᠵᠡᠮᠳᠡᠬᠦ ᠠᠯᠪᠠᠨ ᠬᠡᠷ ᠤᠨ ᠠᠵᠢᠯᠲᠠᠨ ᠪᠤᠶᠤ ᠲᠤᠰᠠᠭᠠᠷᠯᠠᠬᠤ ᠲᠠᠯᠠᠪᠤᠷ ᠤᠨ ᠬᠠᠮᠢᠶᠠᠷᠤᠯᠲᠠ ᠶᠢᠨ ᠠᠵᠢᠯᠲᠠᠨ ᠳᠤ ᠡᠮ ᠬᠡᠷᠡᠭᠯᠡᠬᠦ ᠱᠠᠭᠠᠷᠳᠠᠯᠭ᠎ᠠ ᠪᠠᠨ ᠤᠷᠢᠳᠴᠢᠯᠠᠨ ᠮᠡᠳᠡᠭᠦᠯᠵᠦ᠂ ᠬᠠᠮᠢᠶ᠎ᠠ ᠪᠥᠬᠦᠶ ᠬᠥᠮᠦᠰ ᠠᠴᠠ ᠡᠮ ᠢ ᠲᠥᠪᠯᠡᠷᠡᠭᠦᠯᠦᠨ ᠣᠷᠣᠯᠠᠨ ᠨᠡᠭᠡᠭᠡᠵᠦ ᠥᠭᠬᠦ ᠶᠢᠨ ᠬᠠᠮᠲᠤ ᠡᠮ ᠢ ᠬᠡᠷ ᠲᠤᠨᠢ ᠬᠦᠷᠭᠡᠬᠦ ᠶᠢ ᠬᠠᠷᠢᠭᠤᠴᠠᠨ᠎ᠠ︔ ᠬᠠᠯᠠᠭᠤᠷᠠᠭᠰᠠᠨ ᠡᠪᠡᠳᠴᠢᠲᠡᠨ᠂ ᠵᠢᠷᠮᠦᠰᠦᠨ ᠡᠮᠡᠭᠲᠡᠶ ᠬᠥᠩᠭᠡᠵᠢᠭᠰᠡᠨ ᠡᠮᠡᠭᠲᠡᠶ᠂ ᠪᠠᠴᠢᠮ ᠲᠦᠭᠰᠢᠭᠦᠷᠢᠲᠡᠶ ᠬᠦᠨᠳᠦ ᠡᠪᠡᠳᠴᠢᠨ᠂ ᠰᠠᠴᠤᠷᠠᠭ ᠬᠢᠮᠢ ᠶᠢᠨ ᠵᠠᠰᠠᠯᠭ᠎ᠠ ᠶᠢᠨ ᠪᠡᠲᠡᠭᠢᠲᠦ ᠬᠠᠪᠤᠳᠠᠷ ᠵᠡᠷᠭᠡ ᠡᠪᠡᠳᠴᠢᠲᠡᠨ ᠭᠠᠳᠠᠭᠰᠢ ᠭᠠᠷᠴᠤ ᠡᠮᠨᠡᠭᠦᠯᠬᠦ ᠴᠢᠬᠤᠯᠠᠲᠠᠶ ᠪᠠᠶᠢᠪᠠᠯ᠂ ᠪᠠᠯᠭᠠᠰᠤ᠂ ᠵᠡᠭᠡᠯᠢ ᠭᠤᠳᠤᠮᠵᠢ ︵ᠲᠣᠰᠬᠤᠨ᠂ ᠨᠡᠶᠢᠭᠡᠮ ᠲᠣᠭᠤᠷᠢᠭ︶ ᠪᠤᠶᠤ ᠲᠤᠰᠠᠭᠠᠷᠯᠠᠬᠤ ᠲᠠᠯᠠᠪᠤᠷ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠳᠤᠭᠤᠶᠢᠯᠠᠩ ᠠᠴᠠ ᠲᠡᠷᠡ ᠳᠠᠷᠤᠶ ᠳᠤᠨᠢ ᠡᠪᠡᠳᠴᠢᠲᠡᠨ ᠳᠤ ᠦᠨᠡᠯᠡᠨ ᠵᠢᠱᠢᠯᠲᠡ ᠬᠢᠬᠦ ᠶᠢᠨ ᠬᠠᠮᠲᠤ ᠰᠢᠯᠵᠢᠭᠦᠯᠦᠨ ᠵᠥᠭᠡᠭᠡᠪᠦᠷᠢᠯᠡᠬᠦ ᠲᠡᠷᠭᠡ ᠬᠥᠰᠬᠡ ᠲᠠᠢ ᠨᠢ ᠬᠤᠯᠪᠣᠭᠳᠠᠭᠤᠯᠤᠨ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠬᠦᠷᠭᠡᠵᠦ ᠡᠮᠨᠡᠭᠦᠯᠦᠨ᠎ᠡ᠃ ᠡᠯ᠎ᠡ ᠪᠠᠯᠭᠠᠰᠤ᠂ ᠵᠡᠭᠡᠯᠢ ᠭᠤᠳᠤᠮᠵᠢ ︵ᠲᠣᠰᠬᠤᠨ᠂ ᠨᠡᠶᠢᠭᠡᠮ ᠲᠣᠭᠤᠷᠢᠭ︶᠎ ᠨᠢ ᠲᠡᠳᠡᠨ ᠳᠤ ︽  ᠴᠡᠭ ᠠᠴᠠ ᠴᠡᠭ ᠲᠤ ᠬᠥᠷᠬᠦ︾ ᠲᠤᠰᠴᠤ ᠬᠦᠷᠭᠡᠬᠦ ᠤᠶᠢᠯᠡᠴᠢᠯᠡᠭᠡ ᠬᠠᠩᠭᠠᠨ᠎ᠠ᠃ ᠬᠠᠮᠢᠶ᠎ᠠ ᠪᠥᠬᠦᠶ ᠬᠥᠮᠦᠰ ᠲᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠥᠪᠡᠷᠲᠡᠭᠡᠨ ᠭᠠᠳᠠᠭᠰᠢ ᠭᠠᠷᠴᠤ ᠡᠮᠴᠢᠯᠡᠭᠦᠯᠬᠦ ᠶᠢ ᠵᠥᠪᠰᠢᠶᠡᠷᠡᠬᠦ ᠥᠬᠡᠶ᠃     ᠭᠤᠷᠪᠠ ᠳᠤ ᠬᠠᠷᠢᠶᠠᠲᠤ ᠣᠷᠣᠨ ᠤ ᠳᠣᠲᠣᠷᠠᠬᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠲᠥᠪ ᠨᠢ ᠪᠢᠲᠡᠭᠦᠮᠵᠢᠯᠡᠨ ᠡᠵᠡᠮᠳᠡᠬᠦ ᠲᠣᠭᠤᠷᠢᠭ ᠂ ᠬᠠᠮᠢᠶᠠᠷᠤᠨ ᠡᠵᠡᠮᠳᠡᠬᠦ ᠲᠣᠭᠤᠷᠢᠭ᠂ ᠲᠤᠰᠠᠭᠠᠷᠯᠠᠬᠤ ᠲᠠᠯᠠᠪᠤᠷ ᠤᠨ ᠡᠮᠴᠢᠯᠡᠭᠦᠯᠦᠭᠴᠢ ᠳᠤ ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠵᠦ᠂ ᠣᠯᠠᠨ ᠲᠦᠮᠡᠨ ᠤ ᠠᠮᠤᠷ ᠲᠦᠪᠰᠢᠨ ᠪᠦᠲᠦᠮᠵᠢᠲᠡᠶ ᠡᠮᠨᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃         ᠠᠰᠠᠭᠤᠳᠠᠯ ᠬᠤᠶᠠᠷ᠄ ᠳᠤᠮᠳᠠ ᠦᠨᠳᠤᠷ ᠲᠦᠭᠰᠢᠭᠦᠷᠢ ᠶᠡᠬᠡᠲᠡᠶ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠢ ᠪᠠᠲᠤᠯᠠᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠤᠭᠤᠷᠢᠭ ᠤᠨ ᠡᠳ᠋ ᠪᠣᠳᠠᠰ ᠤᠨ ᠪᠠᠲᠤᠯᠠᠭ᠎ᠠ ᠶᠢᠨ ᠲᠠᠯ᠎ᠠ ᠪᠠᠷ᠂ ᠡᠳ᠋ ᠪᠣᠳᠠᠰ ᠤᠨ ᠬᠠᠩᠭᠠᠯᠭ᠎ᠠ ᠶᠢᠨ ᠲᠠᠯ᠎ᠠ ᠪᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ     ᠬᠠᠶᠢᠷᠤᠪ ᠤᠨ ᠲᠤᠬᠤᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠶᠢᠨ ᠳᠠᠷᠤᠭ᠎ᠠ ᠰᠢᠨ ᠶᠤᠸᠠᠢ ᠶᠢᠩ ᠤᠨ ᠲᠠᠨᠢᠯᠴᠠᠭᠤᠯᠤᠭᠰᠠᠨ ᠢᠶᠠᠷ᠂ ᠬᠠᠶᠢᠷᠤᠪ ᠤᠨ ᠲᠤᠬᠤᠢ ᠲᠣᠭᠤᠷᠢᠭ ᠨᠢ ᠪᠦᠬᠦ  ᠲᠤᠭᠤᠷᠢᠭ ᠤᠨ 11 ᠲᠤᠮᠤ ᠬᠡᠯᠪᠡᠷᠢ ᠶᠢᠨ ᠬᠡᠳᠦ ᠳᠡᠯᠭᠡᠭᠦᠷ ᠲᠠᠢ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠪᠤᠷᠢ ᠶᠢᠨ ᠵᠥᠪᠯᠡᠯᠴᠡᠭᠡᠷ ᠲᠣᠭᠲᠠᠵᠤ᠂ ᠪᠦᠬᠦ ᠲᠤᠭᠤᠷᠢᠭ ᠤᠨ ᠠᠮᠤ ᠪᠤᠳᠠᠭᠠᠨ ᠤ ᠭᠤᠯᠢᠷ ᠤᠨ ᠲᠤᠰᠤ᠂ ᠮᠢᠬ᠎ᠠ ᠥᠨᠳᠡᠭᠡ ᠰᠦ᠂ ᠢᠳᠡᠰᠢᠨ ᠨᠣᠭᠤᠭ᠎ᠠ ᠪᠣᠯᠤᠨ ᠲᠦᠭᠦᠮ ᠢᠳᠡᠭᠡᠨ ᠤ ᠵᠦᠢᠯ ᠵᠡᠷᠭᠡ ᠠᠷᠪᠠᠨ ᠨᠢᠭᠡᠨ ᠶᠡᠭᠡ ᠲᠦᠷᠦᠯ ᠤᠨ ᠴᠢᠬᠤᠯᠠ ᠬᠡᠷᠡᠭᠯᠡᠭᠡᠨ ᠤ ᠵᠦᠢᠯ ᠤᠨ ᠬᠠᠩᠭᠠᠯᠭ᠎ᠠ ᠶᠢᠨ ᠪᠠᠶᠢᠳᠠᠯ ᠳᠤ ᠡᠳᠦᠷ ᠤᠨ ᠲᠤᠬᠢᠷᠠᠭᠤᠯᠤᠯᠳᠠ᠂ ᠡᠳᠦᠷ ᠤᠨ ᠬᠢᠨᠠᠨ ᠬᠡᠮᠵᠢᠯᠲᠡ ᠬᠢᠵᠡᠢ᠃ ᠡᠭᠦᠨ ᠤ ᠬᠠᠮᠲᠤ ᠬᠤᠯᠪᠣᠯᠳᠤᠭᠰᠠᠨ ᠬᠡᠲᠦ ᠳᠡᠯᠭᠡᠭᠦᠷ᠂ ᠲᠥᠬᠦᠮ ᠳᠡᠯᠭᠡᠭᠦᠷ᠂ ᠲᠦᠷᠭᠡᠨ ᠳᠡᠯᠭᠡᠭᠦᠷ ᠵᠡᠷᠭᠡ ᠰᠦᠯᠵᠢᠶᠡᠨ ᠠᠴᠠ ᠭᠠᠳᠠᠭᠤᠷᠬᠢ ᠪᠣᠳᠠᠲᠤ ᠴᠣᠭᠴᠠ ᠶᠢᠨ ᠬᠤᠳᠠᠯᠳᠤᠭᠠᠨ ᠤ ᠲᠣᠤᠷ ᠴᠡᠭ ᠢ ᠵᠢᠯᠣᠭᠤᠳᠴᠤ ᠪᠠᠶᠢᠭᠠᠳ ᠸᠢᠴᠠᠲ ᠤᠨ ᠵᠢᠵᠢᠭ ᠫᠷᠤᠭ᠍ᠷᠠᠮ᠂ ᠨᠡᠶᠢᠲᠡ ᠶᠢᠨ ᠳ᠋ᠤᠭᠠᠷ᠂ ᠬᠡᠷᠡᠭᠯᠡᠭᠴᠢᠳ ᠤᠨ ᠰᠦᠷᠦᠭ ᠢ ᠪᠠᠶᠢᠭᠤᠯᠬᠤ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠸᠢᠴᠠᠲ ᠤᠨ ᠵᠢᠵᠢᠭ ᠫᠷᠤᠭ᠍ᠷᠠᠮ᠂ ᠨᠡᠶᠢᠲᠡ ᠶᠢᠨ ᠳ᠋ᠤᠭᠠᠷ ᠨᠡᠶᠢᠲᠡᠯᠡᠬᠦ᠂ ᠬᠡᠷᠡᠭᠯᠡᠭᠴᠢᠳ ᠤᠨ ᠰᠦᠷᠦᠭ ᠢ ᠪᠠᠶᠢᠭᠤᠯᠬᠤ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠰᠠᠭᠤᠭᠠᠯᠢ ᠠᠷᠠᠳ ᠤᠨ ᠬᠡᠷ ᠲᠡᠭᠡᠨ ᠪᠦᠯᠦᠭ ᠪᠦᠯᠦᠭ ᠪᠠᠶᠢᠭᠤᠯᠵᠤ ᠰᠦᠯᠵᠢᠶᠡᠨ ᠳᠡᠭᠡᠷ᠎ᠡ ᠠᠴᠠ ᠪᠠᠷᠠᠭ᠎ᠠ ᠬᠤᠳᠠᠯᠳᠤᠨ ᠠᠪᠴᠤ ᠵᠠᠬᠢᠶᠠᠯᠠᠬᠤ ᠶᠢ ᠳᠡᠮᠵᠢᠵᠦ᠂ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ ᠢ ᠪᠠᠯᠭᠠᠰᠤ᠂ ᠵᠡᠭᠡᠯᠢ ᠭᠤᠳᠤᠮᠵᠢ ᠪᠠ ᠨᠡᠶᠢᠭᠡᠮ ᠲᠣᠭᠤᠷᠢᠭ ᠤᠨ ᠴᠡᠭ ᠯᠤᠭ᠎ᠠ ᠵᠣᠯᠭᠠᠭᠤᠯᠵᠤ᠂ ᠭᠡᠨᠡᠳᠲᠡ ᠶᠢᠨ ᠪᠠᠶᠢᠳᠠᠯ ᠢ ᠴᠠᠭ ᠲᠤᠬᠠᠶ ᠳᠤᠨᠢ ᠠᠷᠭᠠᠴᠠᠵᠤ᠂ ᠴᠠᠭ ᠲᠤᠬᠠᠶ ᠳᠤᠨᠢ ᠳᠣᠭᠢᠷᠠᠭᠤᠯᠤᠨ ᠬᠦᠷᠭᠡᠬᠦ ᠶᠢ ᠪᠡᠶᠡᠯᠡᠭᠦᠯᠵᠦ᠂ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠤᠨ ᠡᠳ᠋ ᠪᠠᠷᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃    ᠬᠠᠶᠢᠷᠤᠪ ᠤᠨ ᠳᠤᠬᠤᠢ ᠲᠣᠭᠤᠷᠢᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠠᠴᠠ ᠬᠠᠶᠢᠷᠤᠪ ᠤᠨ ᠳᠤᠬᠤᠢ ᠲᠣᠭᠤᠷᠢᠭ ᠤᠨ ᠯᠢᠨ ᠶᠢᠨ ᠵᠡᠭᠡᠯᠢ ᠭᠤᠳᠤᠮᠵᠢ ᠶᠢᠨ ᠸᠧᠨ ᠰᠢᠨ ᠾᠧᠩ ᠳ᠋ᠡ ᠨᠣᠭᠤᠭᠠᠨ ᠪᠦᠷᠢᠳᠦ ᠶᠢᠨ ᠪᠠᠭ᠎ᠠ ᠲᠣᠭᠤᠷᠢᠭ ᠢ ᠳᠤᠮᠳᠠ ᠥᠨᠳᠥᠷ ᠲᠦᠭᠰᠢᠭᠦᠷᠢ ᠲᠠᠢ ᠣᠷᠣᠨ ᠪᠣᠯᠭᠠᠨ ᠲᠣᠭᠲᠠᠭᠠᠭᠰᠠᠨ ᠤ ᠳᠠᠷᠠᠭ᠎ᠠ᠂ ᠨᠢᠭᠡᠨᠲᠡ ᠴᠠᠭ ᠲᠤᠬᠠᠢ ᠳᠤᠨᠢ ᠸᠧᠨ ᠰᠢᠨ ᠾᠧᠩ ᠳ᠋ᠡ ᠨᠣᠭᠤᠭᠠᠨ ᠪᠦᠷᠢᠳᠦ ᠶᠢᠨ ᠪᠠᠭ᠎ᠠ ᠲᠣᠭᠤᠷᠢᠭ ᠤᠨ ᠠᠮᠢᠳᠤᠷᠠᠯ ᠤᠨ ᠡᠳ᠋ ᠪᠣᠳᠠᠰ ᠤᠨ ᠪᠠᠲᠤᠯᠠᠪᠤᠷᠢ ᠶᠢᠨ ᠠᠵᠢᠯ ᠳᠤ ᠳᠤᠬᠢᠷᠠᠭᠤᠯᠤᠯᠲᠠ ᠬᠢᠵᠦ᠂ ᠠᠮᠢᠳᠤᠷᠠᠯ ᠤᠨ ᠡᠳ᠋ ᠪᠣᠳᠠᠰ ᠤᠨ ︽ᠪᠠᠷᠢᠮᠵᠢᠶᠠᠲᠤ ᠪᠣᠭᠤᠳᠠᠯ︾᠎ ᠢ ᠲᠣᠭᠲᠠᠭᠠᠨ ᠲᠤᠬᠢᠷᠠᠭᠤᠯᠤᠨ ᠬᠦᠷᠭᠡᠵᠦ᠂ ᠲᠦᠷᠦᠯ ᠵᠦᠢᠯ᠂ ᠶᠠᠰᠤ ᠴᠢᠨᠠᠷ᠂ ᠦᠨ᠎ᠡ ᠬᠠᠩᠰᠢ ᠶᠢ ᠬᠢᠨᠠᠨ ᠬᠠᠮᠢᠶᠠᠷᠤᠭᠰᠠᠨ ᠪᠠᠶᠢᠨ᠎ᠠ᠃ ᠡᠭᠦᠨ ᠤ ᠳᠠᠷᠠᠭ᠎ᠠ ᠪᠠᠷ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠡᠮᠬᠢ ᠵᠢᠷᠤᠮ ᠢ ᠲᠠᠰᠤᠷᠠᠯᠲᠠ ᠥᠬᠡᠶ ᠲᠣᠭᠤᠷᠢᠨ ᠪᠠᠶᠢᠴᠠᠭᠠᠵᠤ᠂ ᠭᠤᠤᠯᠳᠠᠯᠭ᠎ᠠ ᠲᠠᠢ ᠬᠡᠲᠦ ᠳᠡᠯᠭᠡᠭᠦᠷ ᠪᠠ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠤᠶᠢᠯ᠂ ᠪᠣᠷᠣᠯᠠᠭᠤᠯᠤᠯᠲᠠ ᠶᠢᠨ ᠬᠡᠮᠵᠢᠶ᠎ᠡ ᠪᠠ ᠬᠠᠳᠠᠭᠠᠯᠠᠯᠲᠠ ᠶᠢᠨ ᠬᠡᠮᠵᠢᠶ᠎ᠡ ᠶᠢᠨ ᠮᠡᠳᠡᠭᠡ ᠵᠠᠩᠭᠢ ᠶᠢ ᠡᠳᠦᠷ ᠪᠦᠷᠢ ᠬᠢᠨᠠᠨ ᠰᠢᠯᠭᠠᠵᠤ᠂ ᠬᠡᠷᠪᠡ ᠬᠡᠪ ᠤᠨ ᠪᠤᠰᠤ ᠪᠠᠶᠢᠳᠠᠯ ᠭᠠᠷᠪᠠᠯ ᠴᠠᠭ ᠲᠤᠬᠠᠶ ᠳᠤᠨᠢ ᠤᠷᠢᠳᠴᠢᠯᠠᠨ ᠰᠡᠷᠡᠮᠵᠢᠯᠡᠭᠦᠯᠦᠨ᠎ᠡ᠃      ᠣᠳᠣᠬᠠᠨ ᠳᠤ᠂ ᠪᠥᠬᠦ ᠲᠣᠭᠤᠷᠢᠭ ᠤᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠤᠶᠢᠯ ᠤᠨ ᠵᠠᠬ᠎ᠠ ᠳᠡᠯᠭᠡᠭᠦᠷ ᠤᠨ ᠪᠠᠷᠠᠭᠠᠨ ᠤ ᠢᠷᠡᠯᠲᠡ ᠭᠦᠢᠴᠡᠤᠡ᠂ ᠵᠠᠮ ᠮᠥᠷ ᠰᠠᠭᠠᠳ ᠥᠬᠡᠶ᠂ ᠲᠥᠷᠥᠯ ᠵᠤᠶᠢᠯ ᠡᠯᠪᠡᠭ ᠪᠠᠶᠠᠯᠢᠭ᠂ ᠦᠨ᠎ᠡ ᠬᠠᠩᠰᠢ ᠲᠣᠭᠲᠠᠭᠤᠨ ᠪᠠᠶᠢᠨ᠎ᠠ᠃     ᠠᠰᠠᠭᠤᠯᠲᠠ ᠭᠤᠷᠪᠠ᠄ ᠥᠨᠥᠳᠦᠷ ᠬᠠᠶᠢᠷᠤᠪ ᠤᠨ ᠲᠤᠬᠤᠢ ᠲᠣᠭᠤᠷᠢᠭ ᠲᠤ ᠶᠡᠭᠡ ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ ᠪᠠᠶᠢᠨ᠎ᠠ᠂ ᠪᠢᠳᠡ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠲᠠᠯ᠎ᠠ ᠪᠠᠷ ᠶᠠᠮᠠᠷ ᠪᠣᠳᠣᠯᠬᠢᠯᠠᠯ ᠪᠠ ᠲᠥᠯᠥᠪᠯᠡᠭᠡ ᠲᠠᠢ ᠪᠤᠢ︖     ᠬᠠᠶᠢᠷᠤᠪ ᠤᠨ ᠲᠤᠬᠤᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠲᠠᠩ ᠸᠧᠨ ᠲᠤᠤ ᠶᠢᠨ ᠲᠠᠨᠢᠯᠴᠠᠭᠤᠯᠤᠭᠰᠠᠨ ᠢᠶᠠᠷ᠂ ᠬᠠᠶᠢᠷᠤᠪ ᠤᠨ ᠲᠤᠬᠤᠢ  ᠲᠣᠭᠤᠷᠢᠭ ᠤᠨ ᠬᠢᠨ ︽ᠬᠠᠶᠢᠷᠤᠪ ᠤᠨ ᠲᠤᠬᠤᠢ ᠶᠢᠨ ᠲᠣᠭᠤᠷᠢᠭ ᠤᠨ ᠣᠷᠣᠨ ᠪᠦᠰᠡ ᠶᠢᠨ ᠪᠥᠭᠡᠮ ᠬᠦᠴᠢᠯ ᠢ ᠰᠢᠯᠭᠠᠨ ᠪᠠᠶᠢᠴᠠᠭᠠᠬᠤ ᠲᠥᠰᠦᠯ︾᠎ ᠤᠨ ᠱᠠᠭᠠᠷᠳᠠᠯᠭ᠎ᠠ ᠶᠣᠰᠣᠭᠠᠷ ᠦᠯᠢᠭᠡᠷ ᠠᠪᠬᠤ ᠴᠡᠭ ᠢ ᠵᠣᠬᠢᠰᠲᠠᠢ ᠪᠠᠶᠢᠷᠢᠰᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ 33.9 ᠲᠦᠮᠡᠨ ᠬᠥᠮᠦᠨ ᠤ ᠲᠤᠭ᠎ᠠ ᠶᠢ ᠦᠨᠳᠦᠰᠦᠯᠡᠵᠦ᠂ ᠰᠠᠭᠤᠭᠠᠯᠢ ᠠᠷᠠᠳ ᠤᠨ ᠲᠣᠭᠤᠷᠢᠭ ᠢᠶᠠᠷ ᠨᠢᠭᠡᠴᠢ ᠪᠣᠯᠭᠠᠨ ᠨᠡᠶᠢᠲᠡ 166᠂ ᠦᠯᠢᠭᠡᠷ ᠠᠪᠬᠤ ᠲᠠᠪᠴᠠᠩ ᠢ 524 ᠲᠤᠬᠢᠷᠠᠭᠤᠯᠵᠤ᠂ ᠲᠤᠰᠬᠠᠢ ᠮᠡᠷᠭᠡᠵᠢᠯ ᠤᠨ ᠦᠯᠢᠭᠡᠷ ᠠᠪᠬᠤ ᠠᠵᠢᠯᠳᠠᠨ ᠢ 710 ᠲᠤᠬᠢᠷᠠᠭᠤᠯᠵᠤ᠂ ᠠᠷᠠᠳ ᠢᠷᠭᠡᠳ ᠤᠨ ᠤᠢᠢᠷ᠎ᠠ ᠬᠠᠪᠢ ᠠᠴᠠ ᠦᠯᠢᠭᠡᠷ ᠠᠪᠬᠤ ᠳᠤ ᠲᠦᠬᠦᠮ ᠦᠵᠡᠭᠦᠯᠪᠡ᠃    ᠲᠥᠪᠯᠡᠷᠡᠭᠦᠯᠦᠨ ᠲᠤᠰᠠᠭᠠᠷᠯᠠᠬᠤ ᠣᠷᠣᠨ᠂ ᠬᠡᠷ ᠲᠡᠭᠡᠨ ᠲᠤᠰᠠᠭᠠᠷᠯᠠᠵᠤ ᠪᠠᠶᠢᠭ᠎ᠠ ᠬᠥᠮᠦᠰ᠂ ᠲᠦᠭᠰᠢᠭᠦᠷᠢ ᠶᠡᠬᠡᠲᠡᠶ ᠂ ᠳᠤᠮᠳᠠ ᠲᠦᠭᠰᠢᠭᠦᠷᠢ᠂ ᠲᠦᠭᠰᠢᠭᠦᠷᠢ ᠪᠠᠭᠠᠲᠠᠶ ᠵᠡᠷᠭᠡ ᠬᠡᠳᠦᠨ ᠲᠠᠰ ᠳᠠᠪᠬᠤᠷᠭ᠎ᠠ ᠪᠠᠷ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠵᠤ᠂ ᠳᠠᠯᠳᠠ ᠬᠠᠯᠳᠠᠪᠤᠷᠢᠯᠠᠭᠰᠠᠳ ᠢ ᠲᠦᠷᠭᠡᠨ ᠵᠢᠭᠰᠠᠭᠠᠨ ᠪᠠᠶᠢᠴᠠᠭᠠᠵᠤ᠂ ︽ᠥᠯᠢᠭᠡᠷ ᠠᠪᠬᠤ᠂ ᠥᠯᠢᠭᠡᠷ ᠡᠳ᠋ ᠬᠦᠷᠭᠡᠬᠦ᠂ ᠪᠠᠶᠢᠴᠠᠭᠠᠨ ᠬᠡᠮᠵᠢᠬᠦ᠂ ᠮᠡᠳᠡᠭᠦᠯᠬᠦ︾ ᠭᠤᠭᠴᠤᠭ᠎ᠠ ᠶᠢ ᠪᠦᠲᠦᠮᠵᠢᠲᠡᠶ ᠵᠣᠯᠭᠠᠭᠤᠯᠤᠨ᠂ ᠪᠠᠶᠢᠴᠠᠭᠠᠨ ᠬᠡᠮᠵᠢᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠳᠠᠭᠠᠰᠢᠷᠠᠭᠤᠯᠤᠨ ᠬᠦᠷᠭᠡᠬᠦ᠂ ᠤᠳᠠᠭᠠᠰᠢᠷᠠᠭᠤᠯᠤᠨ ᠪᠠᠶᠢᠴᠠᠭᠠᠬᠤ᠂ ᠤᠳᠠᠭᠠᠰᠢᠷᠠᠭᠤᠯᠤᠨ ᠮᠡᠳᠡᠭᠦᠯᠬᠦ ᠦᠵᠡᠭᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃    ᠰᠣᠯᠪᠢᠴᠠᠨ ᠬᠠᠯᠳᠠᠪᠤᠷᠢᠯᠠᠬᠤ ᠠᠴᠠ ᠰᠡᠷᠭᠡᠶᠢᠯᠡᠬᠦ ᠶᠢᠨ ᠲᠥᠯᠥᠭᠡ᠂ ᠠᠵᠢᠯᠲᠠᠨ ᠢ ᠰᠠᠯᠭᠠᠨ ᠲᠣᠬᠢᠷᠠᠭᠤᠯᠬᠤ ᠶᠢ ᠪᠠᠲᠤᠯᠠᠵᠤ᠂ ᠨᠢᠭᠡᠨᠲᠡ ᠠᠵᠢᠯᠲᠠᠨ ᠢ ᠴᠠᠭ ᠬᠤᠪᠢᠶᠠᠨ᠂ ᠠᠰᠠᠷ ᠬᠤᠪᠢᠶᠠᠨ᠂ ᠪᠦᠯᠦᠭ ᠬᠤᠪᠢᠶᠠᠨ ᠣᠯᠠᠨ ᠲᠦᠮᠡᠨ ᠢ ᠵᠣᠬᠢᠶᠠᠨ ᠪᠠᠶᠢᠭᠤᠯᠵᠤ ᠡᠮᠬᠢ ᠵᠢᠷᠤᠮ ᠲᠠᠢ ᠪᠠᠷ ᠪᠥᠭᠡᠮ ᠬᠦᠴᠢᠯ ᠤᠨ ᠦᠯᠢᠭᠡᠷ ᠠᠪᠬᠤ ᠴᠡᠭ ᠲᠤ ᠣᠴᠢᠭᠤᠯᠵᠤ᠂ ᠨᠡᠯᠢᠶᠡᠳ ᠶᠡᠭᠡ ᠬᠡᠪᠴᠢᠶᠡᠨ ᠤ ᠬᠥᠮᠦᠰ ᠢ ᠴᠤᠭᠯᠠᠭᠤᠯᠬᠤ ᠠᠴᠠ ᠪᠣᠯᠤᠭᠰᠠᠨ ᠠᠶᠤᠯ ᠲᠦᠭᠰᠢᠭᠦᠷᠢ ᠠᠴᠠ ᠵᠠᠶᠢᠯᠠᠰᠬᠢᠵᠦ ᠂ ᠡᠭᠦᠨ ᠤ ᠬᠠᠮᠲᠤ᠂ ᠬᠥᠭᠰᠢᠨ ᠪᠠᠭᠤᠷᠠᠶ ᠡᠪᠡᠳᠴᠢᠨ ᠲᠠᠢ ᠵᠡᠮᠳᠡᠭ ᠵᠡᠷᠭᠡ ᠬᠥᠳᠡᠯᠵᠦ ᠪᠠᠷᠢᠬᠤ ᠳᠤ ᠳᠥᠭᠦᠮ ᠦᠭᠡᠢ ᠣᠨᠴᠠᠭᠠᠶ ᠬᠥᠮᠦᠰ ᠲᠤ ︽ᠬᠡᠷ ᠲᠤᠨᠢ ᠣᠴᠢᠵᠤ  ᠤᠶᠢᠯᠡᠴᠢᠯᠡᠬᠦ︾  ᠤᠶᠢᠯᠡᠴᠢᠯᠡᠭᠡ ᠬᠠᠩᠭᠠᠵᠤ᠂ ᠠᠵᠢᠯᠲᠠᠨ ᠲᠣᠬᠢᠷᠠᠭᠤᠯᠬᠤ ᠶᠢ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂  ᠭᠦᠢᠴᠡᠤᠡ ᠲᠣᠭᠠᠨ ᠤ ᠡᠳ᠋ ᠪᠣᠳᠠᠰ ᠳᠣᠭᠢᠷᠠᠭᠤᠯᠵᠤ ᠂ ᠥᠷᠭᠡᠨ ᠣᠯᠠᠨ ᠰᠠᠭᠤᠭᠠᠯᠢ ᠠᠷᠠᠳ ᠭᠠᠷ ᠤᠲᠠᠰᠤ ᠪᠠ ᠪᠡᠶ᠎ᠡ ᠶᠢᠨ ᠦᠨᠡᠮᠯᠡᠯ ᠢᠶᠠᠨ ᠠᠪᠴᠤ᠂ ᠪᠠᠶᠢᠴᠠᠭᠠᠨ ᠰᠢᠯᠭᠠᠬᠤ ᠴᠠᠭ ᠤᠨ ᠳᠣᠲᠣᠷ᠎ᠠ ᠴᠠᠭ ᠬᠤᠪᠢᠶᠠᠨ ᠡᠮᠬᠢ ᠵᠢᠷᠤᠮ ᠲᠠᠢ ᠪᠠᠷ ᠣᠶᠢᠷ᠎ᠠ ᠬᠠᠪᠢ ᠶᠢᠨ ᠥᠯᠢᠭᠡᠷ ᠠᠪᠬᠤ ᠴᠡᠭ ᠲᠤ ᠬᠦᠷᠴᠦ ᠪᠥᠭᠡᠮ ᠬᠦᠴᠢᠯ ᠤᠨ ᠥᠯᠢᠭᠡᠷ ᠠᠪᠬᠤ ᠶᠢᠨ ᠬᠠᠮᠲᠤ ᠲᠤᠬᠠᠶ ᠶᠢᠨ ᠲᠠᠯᠠᠪᠤᠷ ᠤᠨ ᠠᠵᠢᠯᠲᠠᠨ ᠤ ᠵᠢᠯᠣᠭᠤᠳᠣᠯᠭ᠎ᠠ ᠶᠣᠰᠣᠭᠠᠷ᠂ ᠪᠥᠭᠡᠮ ᠬᠦᠴᠢᠯ ᠤᠨ ᠥᠯᠢᠭᠡᠷ ᠠᠪᠬᠤ ᠳᠤ ᠢᠳᠡᠪᠬᠢᠲᠡᠶ ᠬᠠᠮᠵᠢᠯᠴᠠᠨ᠎ᠠ᠃      ᠲᠣᠰ ᠡᠭᠡᠯᠵᠢ ᠶᠢᠨ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠦᠷ᠎ᠡ ᠳ᠋ᠦᠩ ᠢ ᠰᠠᠭᠤᠭᠠᠯᠢ ᠠᠷᠠᠳ ︽ᠡᠷᠡᠭᠦᠯ ᠡᠩᠬᠡ ᠦᠬᠠᠶ︾᠎ ᠶᠢᠨ ᠨᠡᠶᠢᠲᠡ ᠶᠢᠨ ᠳ᠋ᠤᠭᠠᠷ ᠲᠤ ᠶᠡᠭᠡ ᠬᠡᠪᠴᠢᠶ᠎ᠡ ᠪᠠᠷ ᠪᠠᠶᠢᠴᠠᠭᠠᠨ ᠯᠠᠪᠯᠠᠵᠤ ᠪᠣᠯᠤᠨ᠎ᠠ᠃ ᠲᠤᠬᠠᠶ ᠶᠢᠨ ᠦᠶ᠎ᠡ ᠳᠤ ᠲᠣᠰ ᠡᠭᠡᠯᠵᠢ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠲᠠᠷᠠᠭᠠᠴᠢ ᠶᠢᠨ ᠡᠭᠡᠯᠵᠢ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠬᠡᠪᠴᠢᠶ᠎ᠡ ᠵᠢᠴᠢ ᠴᠠᠭ ᠬᠤᠭᠤᠴᠠᠭ᠎ᠠ ᠶᠢ ᠲᠣᠬᠢᠷᠠᠭᠤᠯᠵᠤ᠂ ᠥᠷᠭᠡᠨ ᠣᠯᠠᠨ ᠬᠤᠲᠠ ᠶᠢᠨ ᠠᠷᠠᠳ ᠠᠯᠪᠠᠨ ᠤ ᠲᠠᠯ᠎ᠠ ᠶᠢᠨ ᠨᠡᠶᠢᠲᠡᠯᠡᠭᠰᠡᠨ ᠠᠯᠪᠠᠨ ᠵᠠᠷ ᠢ ᠴᠠᠭ ᠲᠤᠬᠠᠶ ᠳᠤᠨᠢ ᠠᠩᠬᠠᠷᠴᠤ ᠪᠤᠢ᠃ ᠥᠷᠭᠡᠨ ᠤᠯᠠᠨ ᠬᠤᠳᠠ ᠶᠢᠨ ᠠᠷᠠᠳ ᠨᠠᠶᠢᠵᠠ ᠨᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ  ᠬᠡᠮᠵᠢᠶ᠎ᠡ ᠶᠢ ᠪᠦᠬᠦ ᠬᠦᠴᠦᠨ ᠢᠶᠠᠷ ᠢᠶᠠᠨ ᠲᠡᠮᠵᠢᠨ ᠬᠠᠮᠵᠢᠯᠴᠠᠨ ᠨᠠᠶᠢᠳᠠᠪᠤᠷᠢᠵᠢᠭᠤᠯᠵᠤ᠂ ᠬᠤᠪᠢ ᠬᠥᠮᠦᠨ ᠤ ᠬᠢᠵᠢᠭ ᠢ ᠰᠡᠷᠭᠡᠶᠢᠯᠡᠬᠦ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠴᠠᠭ ᠲᠤᠬᠠᠢ ᠳᠤᠨᠢ ᠤᠢᠢᠷ᠎ᠠ ᠬᠠᠪᠢ ᠳᠠᠭᠠᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠬᠥᠮᠦᠨ ᠪᠦᠬᠦᠨ ᠴᠤᠤᠷᠢᠶᠠᠲᠤᠨ ᠳᠠᠭᠠᠵᠤ᠂ ᠬᠥᠮᠦᠨ ᠪᠦᠬᠦᠨ ᠣᠷᠣᠯᠴᠠᠵᠤ᠂ ᠬᠥᠮᠦᠨ ᠪᠦᠬᠦᠨ ᠪᠡᠶ᠎ᠡ ᠪᠠᠨ ᠱᠠᠭᠠᠷᠳᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠬᠠᠮᠲᠤᠪᠠᠷ ᠪᠠᠲᠤ ᠴᠣᠭᠴᠠᠯᠠᠬᠤ ᠶᠢ ᠬᠦᠰᠡᠵᠦ ᠪᠠᠶᠢᠨ᠎ᠠ︕    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号