ᠬᠠᠶᠢᠷᠤᠪ ᠤᠨ ᠲᠤᠬᠤᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠰᠢᠨ᠎ᠡ ᠮᠡᠳᠡᠭᠡ
ᠨᠡᠶᠢᠲᠡᠯᠡᠭᠰᠡᠨ ᠴᠠᠭ᠄
2022/8/9
      8 ᠰᠠᠷ᠎ᠠ ᠶᠢᠨ 8᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠭᠤᠷᠪᠠᠳᠤᠭᠠᠷ ᠲᠠᠯᠠᠪᠤᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠬᠠᠶᠢᠷᠤᠪ ᠤᠨ ᠲᠤᠬᠤᠢ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠤᠭ ᠤᠨ ᠰᠢᠨ᠎ᠡ ᠠᠬᠢᠴᠠ ᠶᠢᠨ ᠪᠠᠶᠢᠳᠠᠯ ᠪᠣᠯᠤᠨ ᠠᠷᠭ᠎ᠠ  ᠬᠡᠮᠵᠢᠶ᠎ᠡ ᠶᠢ ᠨᠡᠶᠢᠲᠡᠯᠡᠵᠡᠢ᠃ ᠬᠠᠶᠢᠷᠤᠪ ᠤᠨ ᠲᠤᠬᠤᠢ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠵᠠᠭᠤᠴᠢᠯᠠᠭᠤᠷ ᠤᠨ ᠬᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃
微信图片_20220809111515.jpg     
      8 ᠰᠠᠷ᠎ᠠ ᠶᠢᠨ 7᠎ ᠤ ᠡᠳᠦᠷ ᠤᠨ 12 ᠴᠠᠭ ᠠᠴᠠ 8 ᠰᠠᠷ᠎ᠠ ᠶᠢᠨ 8᠎ ᠤ ᠡᠳᠦᠷ ᠤᠨ 12 ᠴᠠᠭ ᠪᠣᠯᠲᠠᠯ᠎ᠠ᠂ ᠬᠠᠶᠢᠷᠤᠪ ᠤᠨ ᠲᠤᠬᠤᠢ ᠲᠣᠭᠤᠷᠢᠭ ᠲᠤ ᠣᠨᠣᠰᠢᠯᠠᠭᠰᠠᠨ ᠡᠪᠡᠳᠴᠢᠨ ᠤ ᠵᠢᠱᠢᠶ᠎ᠡ ᠰᠢᠨ᠎ᠡ ᠪᠠᠷ ᠨᠡᠮᠡᠭᠳᠡᠭᠰᠡᠨ ᠥᠬᠡᠶ᠃ ᠣᠳᠣᠬᠠᠨ ᠪᠣᠯᠲᠠᠯ᠎ᠠ᠂ ᠬᠠᠶᠢᠷᠤᠪ ᠤᠨ ᠳᠤᠬᠤᠢ ᠲᠣᠭᠤᠷᠢᠭ ᠲᠤ ᠲᠤᠰ ᠨᠤᠲᠤᠭ ᠤᠨ ᠡᠪᠡᠳᠴᠢᠨ ᠢᠶᠠᠷ ᠣᠨᠣᠰᠢᠯᠠᠭᠰᠠᠨ ᠡᠪᠡᠳᠴᠢᠨ ᠤ ᠵᠢᠱᠢᠶ᠎ᠡ 1 ᠪᠤᠢ᠂ ᠡᠮᠴᠢᠯᠡᠭᠡᠨ ᠤ ᠣᠨᠣᠰᠢᠯᠠᠯ ᠳᠤ ᠬᠦᠩᠭᠡᠨ ᠬᠡᠯᠪᠡᠷᠢ ᠶᠢᠨ ᠪᠠᠶᠢᠵᠤ᠂ ᠶᠠᠭ ᠦᠬᠠᠢ ᠬᠤᠳᠠ ᠶᠢᠨ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ  ᠬᠤᠷᠢᠶ᠎ᠠ ᠳᠤ ᠲᠤᠰᠠᠭᠠᠷᠯᠠᠨ ᠡᠮᠨᠡᠭᠦᠯᠵᠦ ᠪᠤᠢ ᠂ ᠣᠳᠣᠬᠠᠨ ᠳᠤ ᠪᠡᠶ᠎ᠡ ᠶᠢᠨ ᠳᠤᠯᠠᠭᠠᠨ ᠬᠡᠪ ᠤᠨ ᠪᠠᠶᠢᠳᠠᠯ ᠲᠠᠢ᠂ ᠪᠠᠶᠢᠳᠠᠯ ᠲᠣᠭᠲᠠᠭᠤᠨ ᠪᠠᠶᠢᠨ᠎ᠠ᠃ 8 ᠰᠠᠷ᠎ᠠ ᠶᠢᠨ 8᠎ ᠤ ᠡᠳᠦᠷ ᠤᠨ 13 ᠴᠠᠭ ᠪᠣᠯᠲᠠᠯ᠎ᠠ᠂ ᠨᠡᠶᠢᠲᠡ 23 ᠬᠥᠮᠦᠨ ᠪᠠ 248 ᠬᠥᠮᠦᠨ ᠢ ᠳᠠᠷᠠᠭᠠᠯᠠᠨ ᠪᠠᠶᠢᠴᠠᠭᠠᠵᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠪᠦᠬᠦᠨ ᠢ ᠨᠠᠶᠢᠳᠠᠪᠤᠷᠢᠵᠢᠯᠠᠭᠤᠯᠵᠤ᠂ ᠪᠥᠭᠡᠮ ᠬᠦᠴᠢᠯ ᠤᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠴᠥᠮ ᠪᠢᠯᠢᠭ ᠴᠢᠨᠠᠷᠲᠠᠶ ᠪᠣᠯᠵᠠᠶ᠃     8 ᠰᠠᠷ᠎ᠠ ᠶᠢᠨ 7᠎ ᠤ ᠡᠳᠦᠷ ᠤᠨ 6 ᠴᠠᠭ ᠠᠴᠠ ᠡᠬᠢᠯᠡᠨ᠂ ᠬᠠᠶᠢᠷᠤᠪ ᠤᠨ ᠲᠤᠬᠤᠢ ᠲᠣᠭᠤᠷᠢᠭ ᠲᠤ ᠬᠤᠶᠠᠳᠤᠭᠠᠷ ᠡᠭᠡᠯᠵᠢ ᠶᠢᠨ ᠶᠡᠭᠡ ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠥᠷᠨᠢᠭᠦᠯᠵᠦ᠂ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠨᠢ ᠴᠥᠮ ᠪᠢᠯᠢᠭ ᠴᠢᠨᠠᠷᠲᠠᠶ ᠪᠣᠯᠵᠠᠶ᠃ 8 ᠰᠠᠷ᠎ᠠ ᠶᠢᠨ 8᠎ ᠤ ᠡᠳᠦᠷ ᠤᠨ 5᠄ 30 ᠮᠢᠨᠦ᠋ᠲ ᠲᠤ ᠭᠤᠷᠪᠠᠳᠤᠭᠠᠷ ᠡᠭᠡᠯᠵᠢ ᠶᠢᠨ ᠶᠡᠭᠡ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠯᠲᠠ ᠶᠢ ᠡᠬᠢᠯᠡᠭᠦᠯᠪᠡ᠃ ᠡᠭᠦᠨ ᠤ ᠬᠠᠮᠲᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠪᠡᠶᠡᠯᠡᠭᠦᠯᠦᠭᠰᠡᠨ ᠰᠠᠭᠤᠭᠠᠯᠢ ᠠᠷᠠᠳ ᠲᠤ ᠨᠢᠭᠡᠨᠲᠡ ᠪᠠᠶᠢᠴᠠᠭᠠᠭᠰᠠᠨ ᠲᠡᠮᠳᠡᠭ ᠢ ᠲᠠᠷᠬᠠᠭᠠᠨ ᠥᠭᠴᠦ᠂ ᠰᠠᠭᠤᠭᠠᠯᠢ ᠠᠷᠠᠳ ᠲᠡᠮᠳᠡᠭ ᠢᠶᠠᠷ ᠢᠶᠠᠨ ᠡᠮᠬᠢ ᠵᠢᠷᠤᠮ ᠲᠠᠢ ᠪᠠᠷ ᠰᠢᠯᠵᠢᠵᠦ᠂ ᠤᠴᠢᠷ ᠰᠢᠯᠲᠠᠭᠠᠨ ᠥᠬᠡᠶ ᠪᠠᠷ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠣᠷᠣᠯᠴᠠᠬᠤ ᠥᠬᠡᠶ ᠬᠥᠮᠦᠰ ᠤᠨ ᠣᠯᠠᠨ ᠨᠡᠶᠢᠲᠡ ᠶᠢᠨ ᠲᠠᠯᠠᠪᠤᠷ ᠲᠤ ᠣᠷᠣᠵᠤ ᠭᠠᠷᠬᠤ ᠶᠢ ᠬᠢᠵᠠᠭᠠᠷᠯᠠᠨ᠎ᠠ᠃    ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠠᠶᠢᠷᠤᠪ ᠤᠨ ᠲᠤᠬᠤᠢ ᠲᠣᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃     ᠠᠰᠠᠭᠤᠳᠠᠯ ᠨᠢᠭᠡ᠄ ᠪᠢᠳᠡ ᠶᠡᠭᠡ ᠬᠡᠪᠴᠢᠶᠡᠨ ᠤ ᠣᠷᠣᠨ ᠪᠦᠰᠡ ᠶᠢᠨ ᠪᠥᠭᠡᠮ ᠬᠦᠴᠢᠯ ᠢ ᠪᠠᠶᠢᠴᠠᠭᠠᠨ ᠰᠢᠯᠭᠠᠬᠤ ᠶᠠᠪᠤᠴᠠ ᠳᠤ᠂ ᠶᠠᠮᠠᠷ ᠠᠷᠭ᠎ᠠ ᠬᠡᠮᠵᠢᠶ᠎ᠡ ᠠᠪᠴᠤ ᠪᠠᠶᠢᠴᠠᠭᠠᠨ ᠰᠢᠯᠭᠠᠭᠰᠠᠨ ᠥᠬᠡᠶ ᠬᠥᠮᠦᠰ ᠤᠨ ᠪᠠᠶᠢᠴᠠᠭᠠᠨ ᠰᠢᠯᠭᠠᠬᠤ ᠶᠣᠰᠣᠲᠠᠶ ᠶᠢ ᠨᠢ ᠴᠥᠮ ᠪᠠᠶᠢᠴᠠᠭᠠᠨ ᠰᠢᠯᠭᠠᠬᠤ ᠶᠢ ᠳᠥᠯᠭᠢᠨ ᠠᠬᠢᠭᠤᠯᠬᠤ ᠪᠣᠶ︖      ᠬᠠᠶᠢᠷᠤᠪ ᠤᠨ ᠲᠤᠬᠤᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠲᠠᠩ ᠸᠧᠨ ᠲᠤᠤ᠄ ᠴᠥᠮ᠎ᠡ ᠶᠢᠨ ᠬᠦᠴᠢᠯ ᠤᠨ ᠰᠢᠭᠰᠢᠨ ᠪᠠᠶᠢᠴᠠᠭᠠᠯᠲᠠ ᠶᠢᠨ ᠬᠢᠵᠢᠭ ᠤᠨ ᠪᠠᠶᠢᠳᠠᠯ ᠤᠨ ᠳᠡᠯᠭᠡᠷᠡᠬᠦ ᠶᠢ ᠬᠤᠷᠢᠭᠯᠠᠬᠤ ᠳᠤ ᠦᠵᠡᠭᠦᠯᠬᠦ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠲᠡᠬᠡᠨ ᠤᠯᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠶᠡᠭᠡ ᠬᠡᠪᠴᠢᠶᠡᠨ ᠤ ᠣᠷᠣᠨ ᠪᠦᠰᠡ ᠶᠢᠨ ᠴᠥᠮ᠎ᠡ ᠶᠢᠨ ᠬᠦᠴᠢᠯ ᠤᠨ ᠪᠠᠶᠢᠴᠠᠭᠠᠨ ᠬᠡᠮᠵᠢᠬᠦ ᠠᠵᠢᠯ ᠢ ᠦᠷᠭᠦᠯᠵᠢᠯᠡᠨ ᠠᠬᠢᠭᠤᠯᠵᠤ ᠪᠠᠶᠢᠨ᠎ᠠ ᠭᠡᠵᠦ ᠲᠠᠨᠢᠯᠴᠠᠭᠤᠯᠪᠠ᠃ ᠭᠤᠣᠯᠳᠠᠭᠤ ᠳᠣᠣᠷᠠᠬᠢ ᠠᠷᠭ᠎ᠠ ᠬᠡᠮᠵᠢᠶ᠎ᠡ ᠨᠦᠭᠦᠳ ᠢ ᠠᠪᠤᠨ᠎ᠠ᠃      ᠨᠢᠭᠡ ᠳᠤ᠂ ᠲᠣᠮᠣ ᠳ᠋ᠠᠶᠢᠲ᠋ᠠ ᠶᠢᠨ ᠮᠡᠳᠡᠭᠡ ᠵᠠᠩᠭᠢ ᠶᠢ ᠵᠢᠭᠰᠠᠭᠠᠨ ᠪᠠᠶᠢᠴᠠᠭᠠᠬᠤ᠂ ᠠᠵᠢᠯᠲᠠᠨ ᠤ ᠮᠡᠳᠡᠭᠡ ᠵᠠᠩᠭᠢ ᠶᠢ ᠬᠠᠷᠢᠴᠠᠭᠤᠯᠤᠨ ᠬᠠᠷᠭᠤᠭᠤᠯᠬᠤ ᠶᠢ ᠠᠰᠢᠭᠯᠠᠨ᠂ ᠪᠠᠶᠢᠴᠠᠭᠠᠨ ᠰᠢᠯᠭᠠᠭᠰᠠᠨ ᠥᠬᠡᠶ ᠠᠵᠢᠯᠲᠠᠨ ᠢ ᠴᠠᠭ ᠲᠤᠬᠠᠶ ᠳᠤᠨᠢ ᠣᠯᠵᠤ ᠮᠡᠳᠡᠬᠦ ᠶᠢᠨ ᠬᠠᠮᠲᠤ ᠣᠬᠤᠷ ᠮᠡᠳᠡᠭᠡ ᠪᠠᠷ ᠮᠡᠳᠡᠭᠳᠡᠨ᠎ᠡ᠃    ᠬᠤᠶᠠᠷ ᠲᠤ᠂ ᠸᠢᠴᠠᠲ ᠤᠨ ᠨᠡᠶᠢᠲᠡ ᠶᠢᠨ ᠳ᠋ᠤᠭᠠᠷ᠂ ᠷᠠᠳᠢᠣ᠋ ᠨᠡᠪᠲᠡᠷᠡᠭᠦᠯᠭᠡ᠂ ᠪᠦᠷᠢᠶ᠎ᠡ ᠪᠠᠷ ᠬᠠᠰᠬᠢᠷᠬᠤ᠂ ᠡᠯᠭᠦᠭᠡ ᠪᠢᠴᠢᠭᠡᠰᠦ ᠡᠯᠭᠦᠬᠦ ᠵᠡᠷᠭᠡ ᠤᠬᠠᠭᠤᠯᠭ᠎ᠠ ᠶᠢᠨ ᠠᠷᠭ᠎ᠠ ᠬᠡᠯᠪᠡᠷᠢ ᠶᠢ ᠠᠰᠢᠭᠯᠠᠨ᠂ ᠪᠠᠶᠢᠴᠠᠭᠠᠭᠳᠠᠭᠰᠠᠨ ᠥᠬᠡᠶ ᠬᠥᠮᠦᠰ ᠲᠤ ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠬᠤ ᠶᠢ ᠮᠡᠳᠡᠭᠳᠡᠨ᠎ᠡ᠃     ᠭᠤᠷᠪᠠ ᠳᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ ︽ᠡᠭᠦᠳᠡ ᠲᠣᠭᠰᠢᠬᠤ ᠠᠵᠢᠯᠯᠠᠭ᠎ᠠ︾ ᠥᠷᠨᠢᠭᠦᠯᠦᠨ ᠡᠷᠦᠭᠡ ᠳᠤ ᠣᠷᠣᠭᠤᠯᠬᠤ ᠶᠢᠨ ᠬᠠᠮᠲᠤ ᠰᠠᠭᠤᠭᠠᠯᠢ ᠠᠷᠠᠳ ᠤᠨ ᠲᠣᠭᠤᠷᠢᠭ ᠢᠶᠠᠷ ᠣᠷᠣᠵᠤ ᠭᠠᠷᠬᠤ ᠬᠥᠮᠦᠰ ᠲᠤ ᠪᠠᠶᠢᠴᠠᠭᠠᠨ ᠰᠢᠯᠭᠠᠬᠤ ᠲᠡᠮᠳᠡᠭ ᠲᠠᠯᠪᠢᠬᠤ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠠᠷᠭ᠎ᠠ ᠬᠡᠯᠪᠡᠷᠢ ᠪᠠᠷ ᠲᠤᠬᠠᠢ ᠶᠢᠨ ᠭᠠᠵᠠᠷ ᠤᠨ ᠰᠡᠷᠭᠡᠶᠢᠯᠡᠨ ᠡᠵᠡᠮᠳᠡᠬᠦ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠤᠬᠠᠭᠤᠯᠵᠤ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠰᠠᠭᠤᠭᠠᠯᠢ ᠠᠷᠠᠳ ᠢ ᠲᠠᠶᠢᠴᠢᠯᠠᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠯᠭᠡᠨ᠎ᠡ᠃    ᠳᠥᠷᠪᠡ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠤᠳᠠᠯᠳᠤᠭᠠᠨ ᠤ ᠶᠠᠪᠤᠳᠠᠯ ᠵᠡᠷᠭᠡ ᠰᠠᠯᠠᠭ᠎ᠠ ᠮᠥᠴᠢᠷ ᠤᠳ ᠬᠤᠳᠠᠯᠳᠤᠭᠠᠨ ᠤ ᠡᠷᠦᠬᠡ ᠶᠢ ᠰᠢᠮᠳᠠᠭᠤᠯᠵᠤ ᠪᠠᠶᠢᠭᠠᠳ ᠪᠥᠭᠡᠮ ᠬᠦᠴᠢᠯ ᠤᠨ ᠨᠢᠭᠡᠨᠲᠡ ᠪᠠᠶᠢᠴᠠᠭᠠᠭᠰᠠᠨ ᠲᠡᠮᠳᠡᠭ ᠢ ᠪᠠᠶᠢᠴᠠᠭᠠᠨ ᠰᠢᠯᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠢᠰᠲ᠋ᠧᠮ ᠨᠢ ᠬᠠᠷᠢᠶ᠎ᠠ ᠣᠷᠣᠨ ᠤ ᠡᠯ᠎ᠡ ᠪᠠᠷᠢᠯᠭ᠎ᠠ ᠶᠢᠨ ᠠᠵᠢᠯ ᠤᠨ ᠭᠠᠵᠠᠷ ᠢ ᠰᠢᠮᠳᠠᠭᠤᠯᠵᠤ ᠪᠠᠶᠢᠭᠠᠳ ᠪᠠᠷᠢᠯᠭ᠎ᠠ ᠶᠢᠨ ᠠᠵᠢᠯᠴᠢᠨ ᠢ ᠳᠠᠶᠢᠴᠢᠯᠠᠨ ᠪᠠᠶᠢᠴᠠᠭᠠᠨ ᠰᠢᠯᠭᠠᠵᠤ᠂ ᠠᠵᠤ ᠤᠶᠢᠯᠡᠤᠡᠪᠤᠷᠢ ᠶᠢᠨ ᠬᠦᠷᠢᠶᠡᠯᠡᠩ ᠲᠣᠭᠤᠷᠢᠭ ᠨᠢ ᠡᠯ᠎ᠡ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠵᠠᠢ᠃
微信图片_20220809111522.jpg   
      ᠲᠠᠪᠤ ᠳᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠳᠠ  ᠲᠣᠭᠤᠷᠢᠭ ᠬᠤᠶᠠᠷ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠢ ᠲᠠᠶᠢᠴᠢᠯᠠᠨ ᠨᠠᠮ ᠤᠨ ᠵᠣᠬᠢᠶᠠᠨ ᠪᠠᠶᠢᠭᠤᠯᠤᠯᠲᠠ ᠶᠢᠨ ᠰᠠᠨᠠᠭᠠᠴᠢᠯᠠᠭ᠎ᠠ ᠤᠷᠢᠶᠠᠯᠠᠭ᠎ᠠ ᠶᠢ ᠡᠷᠡᠰ ᠴᠤᠤᠷᠢᠶᠠᠲᠤᠭᠤᠯᠵᠤ᠂ ᠬᠢᠵᠢᠭ ᠢ ᠰᠡᠷᠭᠡᠶᠢᠯᠡᠬᠦ ᠨᠢᠭᠡᠳᠦᠭᠡᠷ ᠹᠷᠣᠨᠲ ᠲᠤ ᠣᠷᠣᠯᠴᠠᠵᠤ᠂ ᠨᠢᠭᠡᠳᠦᠭᠡᠷ ᠪᠠᠯᠭᠠᠰᠤᠨ ᠤ ᠵᠢᠷᠭᠤᠳᠤᠭᠠᠷ ᠠᠯᠪᠠᠨ ᠭᠡᠷ᠂ 42 ︵ᠲᠣᠰᠬᠤᠨ᠂ ᠨᠡᠶᠢᠭᠡᠮ ᠲᠣᠭᠤᠷᠢᠭ︶᠎ ᠲᠤ ᠳᠣᠷᠣᠭᠰᠢ ᠪᠠᠭᠤᠯᠭᠠᠵᠠᠶ᠃ ᠶᠡᠭᠡ ᠬᠡᠪᠴᠢᠶᠡᠨ ᠤ ᠪᠥᠭᠡᠮ ᠬᠦᠴᠢᠯ ᠤᠨ ᠵᠣᠬᠢᠶᠠᠨ ᠪᠠᠶᠢᠭᠤᠯᠬᠤ᠂ ᠵᠣᠬᠢᠴᠠᠭᠤᠯᠤᠨ ᠪᠠᠲᠤᠯᠠᠬᠤ ᠵᠡᠷᠭᠡ ᠠᠵᠢᠯ ᠢ ᠡᠭᠦᠷᠭᠡᠯᠡᠨ᠎ᠡ᠃ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠠᠵᠢᠯ ᠤᠨ ᠤᠷᠤᠭᠰᠢᠲᠠᠶ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃     ᠣᠳᠣᠬᠠᠨ ᠳᠤ ᠬᠠᠶᠢᠷᠤᠪ ᠤᠨ ᠲᠤᠬᠤᠢ ᠲᠤᠭᠤᠷᠢᠭ ᠤᠨ ᠨᠢᠭᠡᠳᠦᠭᠡᠷ ᠡᠭᠡᠯᠵᠢ᠂ ᠬᠤᠶᠠᠳᠤᠭᠠᠷ ᠡᠭᠡᠯᠵᠢ ᠶᠢᠨ ᠶᠡᠭᠡ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠨᠢ ᠪᠦᠬᠦᠨ ᠢᠶᠠᠷ ᠢᠶᠠᠨ ᠪᠢᠯᠢᠭ ᠴᠢᠨᠠᠷᠲᠠᠢ ᠪᠠᠶᠢᠳᠠᠭ᠃ ᠭᠤᠷᠪᠠᠳᠤᠭᠠᠷ ᠡᠭᠡᠯᠵᠢ ᠶᠠᠭ ᠶᠠᠪᠤᠭᠳᠠᠵᠤ ᠪᠠᠢᠨ᠎ᠠ᠃     ᠠᠰᠠᠭᠤᠳᠠᠯ ᠬᠤᠶᠠᠷ᠄ ᠶᠡᠭᠡ ᠬᠡᠪᠴᠢᠶᠡᠨ ᠤ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ᠂ ᠢᠯᠠᠩᠭᠤᠶ᠎ᠠ ᠳᠠᠭᠠᠭᠠᠨ ᠬᠤᠯᠪᠣᠭᠠᠯᠠᠭᠰᠠᠨ ᠺᠠᠳ᠋ᠷᠴᠤᠳ ᠤᠨ ᠤᠶᠢᠯᠡᠳᠤᠯ ᠢᠶᠠᠨ ᠪᠠᠳᠠᠷᠠᠭᠤᠯᠤᠭᠰᠠᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ  ᠤᠤ︖      ᠬᠠᠶᠢᠷᠤᠪ ᠤᠨ ᠲᠤᠬᠤᠢ ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠶᠦᠨ ᠬᠤᠢ ᠳ᠋ᠦᠩ ᠤᠨ ᠲᠠᠨᠢᠯᠴᠠᠭᠤᠯᠤᠭᠰᠠᠨ ᠢᠶᠠᠷ᠂ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠬᠠᠶᠢᠷᠤᠪ ᠤᠨ ᠲᠤᠬᠤᠢ  ᠲᠣᠭᠤᠷᠢᠭ ᠤᠨ ᠬᠢᠨ ᠲᠡᠷᠡ ᠳᠠᠷᠤᠢ ᠳᠤᠨᠢ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠳᠤ ᠨᠠᠮ ᠤᠨ ᠭᠡᠰᠢᠭᠦᠨ ᠺᠠᠳ᠋ᠷᠴᠤᠳ ᠲᠦᠷᠦᠭᠦᠯᠡᠨ ᠶᠡᠭᠡ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠣᠷᠣᠯᠴᠠᠬᠤ ᠪᠠ ᠠᠬᠢᠭᠤᠯᠬᠤ ᠰᠠᠨᠠᠭᠠᠴᠢᠯᠠᠭ᠎ᠠ ᠶᠢᠨ ᠪᠢᠴᠢᠭ ᠢ ᠲᠠᠷᠬᠠᠭᠠᠪᠠ᠃ ᠡᠯ᠎ᠡ ᠱᠠᠲᠤᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ ᠺᠠᠳ᠋ᠷᠴᠤᠳ ᠤᠷᠢᠶᠠᠯᠠᠭ᠎ᠠ ᠶᠢ ᠳᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠶᠢᠨ᠎ᠠ ᠬᠤᠶᠢᠨ᠎ᠠ ᠠᠴᠠ ᠪᠠᠨ ᠳᠠᠭᠠᠭᠠᠨ ᠬᠤᠯᠪᠣᠭᠠᠯᠠᠭᠰᠠᠨ ᠭᠠᠵᠠᠷ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠨᠢᠭᠡᠳᠦᠭᠡᠷ ᠹᠷᠣᠨᠲ ᠲᠤ ᠪᠠᠭᠤᠵᠤ᠂ ᠬᠤᠲᠠ᠂ ᠲᠣᠭᠤᠷᠢᠭ ᠤᠨ ᠬᠤᠶᠠᠷ ᠱᠠᠲᠤᠨ ᠤ 288 ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠲᠡ 5905 ᠨᠠᠮ ᠤᠨ ᠭᠡᠰᠢᠭᠦᠨ ᠺᠠᠳ᠋ᠷᠴᠤᠳ ᠳᠣᠷᠣᠭᠰᠢ ᠰᠠᠭᠤᠭᠳᠠᠭᠰᠠᠨ ᠬᠠᠶᠢᠷᠤᠪ ᠤᠨ ᠲᠤᠬᠤᠢ ᠲᠣᠭᠤᠷᠢᠭ ᠤᠨ ᠳᠠᠭᠠᠭᠠᠨ ᠬᠤᠯᠪᠣᠭᠠᠯᠠᠭᠰᠠᠨ ᠲᠣᠭᠤᠷᠢᠭ ᠲᠤ ᠣᠷᠣᠯᠴᠠᠵᠤ᠂ ᠲᠡᠳᠡ ︽ᠨᠠᠮ ᠤᠨ ᠪᠠᠶᠢᠭᠤᠯᠤᠯᠲᠠ +︾ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ︽ᠬᠤᠣᠰ ᠨᠡᠷ᠎ᠡ ᠮᠡᠳᠡᠭᠦᠯᠬᠦ︾ ᠠᠵᠢᠯᠯᠠᠭ᠎ᠠ ᠪᠠᠨ ᠭᠦᠨᠵᠡᠭᠡᠶᠢᠷᠡᠭᠦᠯᠵᠦ᠂ ᠪᠡᠶ᠎ᠡ ᠶᠢᠨ ᠭᠠᠷᠤᠯ ᠢᠶᠠᠨ ᠲᠣᠳᠣᠷᠠᠭᠤᠯᠵᠤ᠂ ᠳᠦᠷᠢ ᠲᠥᠷᠬᠦ ᠪᠠᠨ ᠱᠤᠭᠤᠵᠤ᠂ ᠪᠠᠯᠭᠠᠰᠤ ᠵᠡᠭᠡᠯᠢ ᠭᠤᠳᠤᠮᠵᠢ ᠪᠠ ᠲᠣᠰᠬᠤᠨ ᠨᠡᠶᠢᠭᠡᠮ ᠲᠣᠭᠤᠷᠢᠭ ᠤᠨ ᠨᠢᠭᠡᠳᠦᠯᠲᠡᠶ ᠲᠣᠬᠢᠷᠠᠭᠤᠯᠤᠯᠲᠠ ᠶᠢ ᠳᠠᠭᠠᠵᠤ ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠣᠯᠠᠨ ᠲᠦᠮᠡᠨ ᠢ ᠳᠠᠶᠢᠴᠢᠯᠠᠬᠤ᠂ ᠡᠮᠬᠢ ᠳᠢᠭᠯᠢᠮ ᠢ ᠬᠠᠮᠠᠭᠠᠯᠠᠬᠤ᠂ ᠭᠠᠷ ᠤᠲᠠᠰᠤᠨ ᠤ ᠺᠣᠳ᠋ ᠰᠢᠷᠪᠢᠬᠦ ᠶᠢ ᠬᠥᠲᠥᠯᠦᠨ ᠵᠢᠯᠣᠭᠤᠳᠬᠤ᠂ ᠵᠢᠵᠢᠭ ᠲᠣᠭᠤᠷᠢᠭ ᠲᠤ ᠵᠢᠵᠢᠭᠦᠷᠯᠡᠨ ᠰᠠᠬᠢᠬᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠠᠶᠢᠳᠠᠯ ᠢ ᠪᠠᠶᠢᠴᠠᠭᠠᠨ ᠰᠢᠯᠭᠠᠬᠤ ᠵᠡᠷᠭᠡ ᠠᠵᠢᠯ ᠢ ᠥᠷᠨᠢᠭᠦᠯᠵᠦ᠂ ᠲᠣᠰᠬᠤᠨ᠂ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠤᠨ ᠳᠠᠷᠤᠭᠠᠰᠤ ᠶᠢ ᠲᠦᠢᠯ ᠤᠨ ᠶᠡᠭᠡ ᠪᠠᠷ ᠬᠥᠩᠭᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠶᠡᠭᠡ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠠᠵᠢᠯ ᠢ ᠪᠡᠶᠡᠯᠡᠭᠦᠯᠬᠦ ᠳᠤ ᠬᠦᠴᠦᠨ ᠨᠡᠮᠡᠷᠢᠯᠡᠪᠡ᠃      ᠡᠭᠦᠨ ᠠᠴᠠ ᠭᠠᠳᠠᠨ᠎ᠠ᠂ ᠪᠥᠬᠦ  ᠲᠤᠭᠤᠷᠢᠭ ᠤᠨ ︽ᠬᠤᠶᠠᠷ ᠰᠢᠨ᠎ᠡ ᠵᠣᠬᠢᠶᠠᠨ ᠪᠠᠶᠢᠭᠤᠯᠤᠯᠲᠠ︾᠎ ᠶᠢᠨ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠳ ᠴᠦ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠷᠢᠶᠠᠯᠠᠭ᠎ᠠ ᠶᠢ ᠬᠤᠶᠢᠨ᠎ᠠ ᠬᠤᠶᠢᠨ᠎ᠠ ᠠᠴᠠ ᠪᠠᠨ ᠳᠠᠭᠠᠵᠤ᠂ ᠱᠠᠭᠠᠷᠳᠠᠯᠭ᠎ᠠ ᠶᠣᠰᠣᠭᠠᠷ ᠠᠵᠢᠯ ᠳᠤ ᠭᠠᠷᠤᠭᠰᠠᠨ ᠠᠵᠢᠯᠲᠠᠨ ᠠᠵᠢᠯᠴᠢᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠠᠵᠢᠯ ᠢ ᠡᠬᠢᠯᠡᠭᠦᠯᠬᠦ ᠶᠢᠨ ᠬᠠᠮᠲᠤ ᠪᠠᠶᠢᠴᠠᠭᠠᠨ ᠰᠢᠯᠭᠠᠬᠤ ᠨᠢᠭᠡᠳᠦᠭᠡᠷ ᠹᠷᠣᠨᠲ ᠲᠤ ᠢᠳᠡᠪᠬᠢᠲᠡᠶ ᠪᠠᠷ ᠵᠣᠭᠤᠰ ᠮᠥᠩᠭᠦ ᠡᠳ᠋ ᠪᠣᠳᠠᠰ ᠬᠠᠨᠳᠢᠪᠯᠠᠵᠤ ᠬᠤᠭᠤᠯᠠ ᠤᠮᠳᠠ ᠬᠦᠷᠭᠡᠨ᠂ ᠰᠠᠶᠢᠨ ᠳᠤᠷ᠎ᠠ ᠶᠢᠨ  ᠤᠶᠢᠯᠡᠴᠢᠯᠡᠭᠡ ᠳᠤ ᠣᠷᠣᠯᠴᠠᠵᠤ᠂ ᠨᠠᠮ ᠤᠨ ᠲᠤᠭ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠥᠨᠳᠥᠷ ᠨᠠᠮᠢᠷᠠᠭᠤᠯᠵᠤ᠂ ᠨᠡᠶᠢᠭᠡᠮ ᠤᠨ ᠬᠠᠷᠢᠭᠤᠴᠠᠯᠭ᠎ᠠ ᠶᠢ ᠤᠶᠢᠯᠡᠳᠤᠯᠭᠡᠵᠢᠭᠦᠯᠵᠤ᠂ ᠨᠡᠶᠢᠭᠡᠮ ᠤᠨ ᠬᠦᠴᠦᠨ ᠢ ᠭᠦᠢᠴᠡᠤᠡ ᠬᠠᠷᠠᠭᠤᠯᠪᠠ᠃     ᠠᠰᠠᠭᠤᠯᠲᠠ ᠭᠤᠷᠪᠠ᠄ ᠡᠮᠴᠢᠯᠡᠭᠡᠨ ᠤ ᠡᠳ᠋ ᠪᠣᠳᠠᠰ ᠵᠢᠴᠢ ᠲᠤᠰᠠᠭᠠᠷᠯᠠᠬᠤ ᠲᠠᠯᠠᠪᠤᠷ ᠤᠨ ᠨᠥᠭᠡᠴᠡ ᠶᠢᠨ ᠪᠠᠲᠤᠯᠠᠭ᠎ᠠ ᠶᠢᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠤᠤ︖        ᠬᠠᠶᠢᠷᠤᠪ ᠤᠨ ᠲᠤᠬᠤᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠲᠠᠩ ᠸᠧᠨ ᠲᠤᠤ ᠶᠢᠨ ᠲᠠᠨᠢᠯᠴᠠᠭᠤᠯᠤᠭᠰᠠᠨ ᠢᠶᠠᠷ᠂ ᠲᠤᠰ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠠᠴᠠ ᠡᠬᠢᠯᠡᠨ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠨᠢᠭᠡᠨᠲᠡ ᠲᠠᠪᠤᠨ ᠡᠭᠡᠯᠵᠢ ᠶᠢᠨ ᠡᠮ ᠡᠮᠨᠡᠯᠭᠡ ᠶᠢᠨ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠨᠥᠭᠡᠴᠡᠯᠡᠵᠦ᠂ ᠲᠤᠰ ᠡᠭᠡᠯᠵᠢ ᠶᠢᠨ ᠬᠢᠵᠢᠭ ᠤᠨ ᠪᠠᠶᠢᠳᠠᠯ ᠤᠨ ᠶᠡᠭᠡ ᠬᠡᠪᠴᠢᠶᠡᠨ ᠤ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠵᠡᠷᠭᠡ ᠬᠤᠯᠪᠣᠭᠳᠠᠯ ᠪᠦᠬᠦᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠭᠦᠢᠴᠡᠳ ᠠᠷᠭᠠᠴᠠᠨ᠎ᠠ᠃ ᠵᠠᠯᠭᠠᠭᠠᠳ ᠡᠭᠦᠰᠴᠦ ᠮᠡᠳᠡᠬᠦ ᠬᠢᠵᠢᠭ ᠤᠨ ᠪᠠᠶᠢᠳᠠᠯ ᠢ ᠠᠷᠭᠠᠴᠠᠬᠤ ᠶᠢᠨ ᠲᠥᠯᠥᠭᠡ᠂ ᠬᠠᠶᠢᠷᠤᠪ ᠤᠨ ᠲᠤᠬᠤᠢ ᠶᠢᠨ ᠲᠣᠭᠤᠷᠢᠭ ᠤᠨ ᠬᠢᠨ ᠪᠠᠰᠠ ᠲᠦᠷᠪᠡᠨ ᠡᠭᠡᠯᠵᠢ ᠶᠢᠨ ᠡᠮ ᠡᠮᠨᠡᠯᠭᠡ ᠶᠢᠨ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠪᠠᠴᠢᠮ ᠲᠦᠷᠭᠡᠨ ᠬᠤᠳᠠᠯᠳᠤᠨ ᠠᠪᠴᠠᠢ᠃ ᠡᠭᠦᠨ ᠤ ᠬᠠᠮᠲᠤ ᠲᠣᠭᠲᠠᠭᠠᠭᠰᠠᠨ ᠲᠤᠭ᠎ᠠ ᠬᠡᠮᠵᠢᠶ᠎ᠡ ᠪᠠᠷ ᠡᠯ᠎ᠡ ᠴᠡᠭ ᠲᠤ ᠬᠤᠪᠢᠶᠠᠷᠢᠯᠠᠵᠤ᠂ ︽ᠳᠥᠷᠪᠡᠨ ᠱᠠᠲᠤᠨ ᠤ ᠬᠥᠮᠥᠷᠭᠡ︾᠎ ᠪᠠᠷ ᠠᠴᠢᠶᠠᠯᠠᠪᠤᠷᠢ ᠪᠣᠯᠭᠠᠨ ᠳᠥᠷᠪᠡᠨ ᠱᠠᠲᠤᠨ ᠤ ᠨᠥᠭᠡᠴᠡᠯᠡᠬᠦ ᠬᠠᠮᠢᠶᠠᠷᠤᠯᠲᠠ ᠶᠢ ᠬᠡᠷᠡᠭᠵᠢᠭᠦᠯᠦᠨ᠎ᠡ᠂ ᠲᠤᠬᠠᠶᠢᠯᠠᠪᠠᠯ ᠲᠤᠭᠤᠷᠢᠭ ᠤᠨ ᠱᠠᠲᠤᠨ ᠤ ᠡᠳ᠋ ᠪᠣᠳᠠᠰ ᠤᠨ ᠬᠥᠮᠥᠷᠭᠡ᠂ ᠡᠯ᠎ᠡ ᠡᠮᠨᠡᠯᠭᠡ ᠶᠢᠨ ᠬᠤᠷᠢᠶ᠎ᠠ᠂ ᠡᠯ᠎ᠡ ᠵᠡᠭᠡᠯᠢ ᠭᠤᠳᠤᠮᠵᠢ᠂ ᠭᠤᠷᠪᠠᠳᠠᠬᠢ ᠡᠲᠡᠭᠡᠳ ᠠᠴᠠ ᠲᠣᠰ ᠲᠣᠰ ᠡᠳ᠋ ᠪᠣᠳᠠᠰ ᠢ ᠨᠥᠭᠡᠴᠡᠯᠡᠵᠦ᠂ ᠣᠳᠣᠬᠠᠨ ᠳᠤ ᠡᠮᠴᠢᠯᠡᠭᠡᠨ ᠤ ᠡᠳ᠋ ᠪᠣᠳᠠᠰ ᠤᠨ ᠨᠥᠭᠡᠴᠡ ᠭᠦᠢᠴᠡᠤᠡ ᠪᠠᠶᠢᠵᠤ᠂ ᠣᠳᠣᠬᠠᠨ ᠤ ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠢ ᠠᠷᠭᠠᠴᠠᠵᠤ ᠪᠣᠯᠤᠨ᠎ᠠ᠃       ᠬᠠᠶᠢᠷᠤᠪ ᠤᠨ ᠲᠤᠬᠤᠢ ᠲᠣᠭᠤᠷᠢᠭ ᠲᠤ ᠨᠠᠶᠢᠳᠠ 33 ᠲᠤᠰᠠᠭᠠᠷᠯᠠᠬᠤ ᠲᠠᠯᠠᠪᠤᠷ᠂ ᠨᠠᠶᠢᠳᠠ 2859 ᠦᠷᠦᠭᠡ ᠶᠢ ᠬᠠᠳᠠᠭᠠᠯᠠᠵᠤ ᠪᠤᠢ᠃ ᠣᠲᠣ ᠨᠢᠭᠡᠨᠲᠡ 4 ᠲᠤᠰᠠᠭᠠᠷᠯᠠᠬᠤ ᠲᠠᠯᠠᠪᠤᠷ᠂ 267 ᠲᠠᠰᠤᠯᠭ᠎ᠠ ᠲᠤᠰᠠᠭᠠᠷᠯᠠᠬᠤ ᠥᠷᠥᠭᠡ ᠶᠢ ᠡᠬᠢᠯᠡᠭᠦᠯᠦᠭᠰᠡᠨ ᠪᠠᠶᠢᠨ᠎ᠠ᠃ ᠮᠠᠨ ᠤ  ᠲᠤᠭᠤᠷᠢᠭ ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠬᠡᠷᠡᠭᠴᠡᠭᠡ ᠶᠣᠰᠣᠭᠠᠷ ᠲᠤᠰᠠᠭᠠᠷᠯᠠᠬᠤ ᠲᠠᠯᠠᠪᠤᠷ ᠢ ᠪᠦᠯᠦᠭ ᠬᠤᠪᠢᠶᠠᠨ ᠡᠬᠢᠯᠡᠭᠦᠯᠬᠦ ᠪᠠᠷ ᠴᠠᠭ ᠲᠤᠬᠠᠶ ᠳᠤᠨᠢ ᠰᠤᠳᠤᠯᠤᠨ ᠮᠠᠭᠠᠳᠯᠠᠬᠤ ᠪᠠᠷ ᠪᠣᠶ᠃ ᠵᠥᠪᠬᠡᠨ ᠣᠳᠣᠬᠠᠨ ᠤ ᠬᠢᠵᠢᠭ ᠤᠨ ᠪᠠᠶᠢᠳᠠᠯ ᠭᠠᠷᠤᠭᠰᠠᠨ ᠪᠠᠶᠢᠳᠠᠯ ᠠᠴᠠ ᠦᠵᠡᠪᠡᠯ᠂ ᠮᠠᠨ ᠤ ᠲᠤᠭᠤᠷᠢᠭ ᠤᠨ ᠲᠤᠰᠠᠭᠠᠷᠯᠠᠬᠤ ᠲᠠᠯᠠᠪᠤᠷ ᠤᠨ ᠨᠥᠭᠡᠴᠡ ᠭᠦᠢᠴᠡᠳ᠂ ᠲᠥᠬᠦᠭᠡᠷᠦᠮᠵᠢ ᠪᠦᠷᠢᠨ ᠭᠦᠢᠴᠡᠳ ᠪᠠᠶᠢᠬᠤ ᠨᠢ ᠣᠳᠣᠬᠠᠨ ᠤ ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠢ ᠠᠷᠭᠠᠴᠠᠵᠤ ᠳᠡᠶᠢᠯᠬᠦ ᠶᠤᠮ᠃        
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号