ᠬᠠᠶᠢᠷᠤᠪ ᠤᠨ ᠲᠤᠬᠤᠢ ᠶᠢᠨ ᠬᠦᠮᠤᠰ᠂ ᠰᠠᠨᠠᠭ᠎ᠠ ᠠᠮᠤᠷ ᠪᠠᠶᠢᠭᠠᠷᠠᠢ︕ ᠪᠢ ᠪᠣᠯ ᠨᠠᠮ ᠤᠨ ᠭᠡᠰᠢᠭᠦᠨ᠂ ᠪᠢ ᠪᠠᠶᠢᠨ᠎ᠠ︕︕︕
ᠨᠡᠶᠢᠲᠡᠯᠡᠭᠰᠡᠨ ᠴᠠᠭ᠄
2022/8/9
      8 ᠰᠠᠷ᠎ᠠ ᠶᠢᠨ 5᠎ ᠤ ᠡᠳᠦᠷ᠂ ᠬᠠᠶᠢᠷᠤᠪ ᠤᠨ ᠲᠤᠬᠤᠢ  ᠲᠣᠭᠤᠷᠢᠭ ᠲᠤ ᠨᠢᠭᠡ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠨᠢ ᠠᠷᠭ᠎ᠠ ᠴᠢᠨᠠᠷᠲᠠᠢ ᠬᠥᠮᠦᠨ ᠪᠠᠶᠢᠬᠤ ᠶᠢ ᠢᠯᠡᠷᠡᠭᠦᠯᠵᠦ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠷᠤᠢ ᠲᠦᠷᠭᠡᠨ ᠲᠤᠬᠢᠷᠠᠭᠤᠯᠤᠨ ᠪᠠᠶᠢᠷᠢᠯᠠᠭᠤᠯᠵᠤ᠂ ᠪᠦᠬᠦ ᠲᠤᠭᠤᠷᠢᠭ ᠢᠶᠠᠷ ᠢᠶᠠᠨ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠤ ᠣᠷᠣᠪᠠ᠃ ᠪᠦᠬᠦ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠪᠠᠲᠤᠯᠠᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ  ᠺᠠᠲᠡᠷᠴᠤᠤᠡ ᠦᠳᠲᠡᠷ ᠲᠦᠷᠭᠡᠨ ᠬᠥᠳᠡᠯᠦᠯᠴᠡᠵᠦ᠂ ᠵᠢᠯᠤᠭᠤᠳᠤᠯᠭ᠎ᠠ ᠶᠢ ᠳᠠᠭᠠᠵᠤ᠂ ᠲᠤᠬᠢᠷᠠᠭᠤᠯᠤᠯᠳᠠ ᠶᠢ ᠳᠠᠭᠠᠵᠤ᠂ ᠰᠠᠨᠠᠭᠠᠴᠢᠯᠠᠭ᠎ᠠ ᠠᠴᠠ ᠪᠠᠨ ᠲᠠᠭᠠᠷᠢᠯᠳᠡ ᠬᠢᠵᠦ᠂ ᠡᠭᠦᠷᠭᠡᠯᠡᠨ ᠠᠵᠢᠯᠯᠠᠵᠤ᠂ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠪᠦᠬᠦ ᠬᠦᠴᠦᠨ ᠢᠶᠠᠷ ᠢᠶᠠᠨ ᠣᠷᠣᠯᠴᠠᠵᠤ᠂ ᠡᠷᠡᠰ ᠪᠠᠲᠤ ᠲᠠᠩᠭᠠᠷᠢᠭ ᠢᠶᠠᠨ ᠦᠢᠯᠡᠳᠦᠯᠭᠡᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃
微信图片_20220809110020.jpg
微信图片_20220809110023.jpg
          ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠭᠰᠠᠭᠠᠨ ᠪᠠᠶᠢᠴᠠᠭᠠᠬᠤ ᠳᠠᠶᠢᠴᠢᠯᠠᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠵᠢᠵᠢᠭ ᠲᠣᠭᠤᠷᠢᠭ ᠢ ᠳᠠᠭᠠᠭᠠᠴᠢᠯᠠᠨ ᠬᠤᠯᠪᠣᠵᠤ᠂ ᠲᠣᠭᠤᠷᠢᠭ ᠤᠨ ᠰᠢᠭᠤᠳ ᠬᠠᠷᠢᠶ᠎ᠠ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠠᠴᠠ ᠠᠵᠢᠯ ᠳᠤ ᠪᠠᠶᠢᠭ᠎ᠠ ᠨᠠᠮ ᠤᠨ ᠰᠠᠭᠤᠭᠠᠯᠢ ᠠᠷᠠᠳ ᠤᠨ ᠲᠣᠭᠤᠷᠢᠭ᠂ ᠪᠠᠶᠢᠰᠢᠩ ᠭᠡᠷ ᠤᠨ ᠵᠠᠯᠭᠠᠯᠳᠤᠭᠰᠠᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠳᠣᠷᠣᠭᠰᠢ ᠰᠠᠭᠤᠭᠳᠠᠨ ᠣᠷᠣᠯᠴᠠᠵᠤ᠂ ︽ᠨᠠᠮ ᠤᠨ ᠪᠠᠶᠢᠭᠤᠯᠤᠯᠲᠠ +︾ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ︽ᠬᠤᠣᠰ ᠨᠡᠷ᠎ᠡ ᠮᠡᠳᠡᠭᠦᠯᠬᠦ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠬᠤᠰᠢᠭᠤᠴᠢ ᠵᠢᠱᠢᠶᠡᠴᠢ ᠶᠢᠨ ᠤᠶᠢᠯᠡᠳᠤᠯ ᠢ ᠪᠠᠳᠠᠷᠠᠭᠤᠯᠵᠤ᠂ ᠺᠠᠷᠲ ᠬᠡᠷᠡᠭᠯᠡᠬᠦ ᠴᠡᠭ ᠢ ᠵᠢᠵᠢᠭᠦᠷᠯᠡᠨ ᠰᠠᠬᠢᠬᠤ᠂ ᠪᠥᠬᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠬᠡᠮᠵᠢᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠲᠣᠤᠷ ᠲᠠᠲᠠᠬᠤ ᠮᠠᠶ᠋ᠢᠭ ᠤᠨ᠂ ᠬᠡᠪᠢᠰ ᠮᠠᠶ᠋ᠢᠭ ᠤᠨ ︽ᠡᠭᠦᠳᠡ ᠲᠣᠭᠰᠢᠵᠤ ᠡᠷᠦᠬᠡ ᠳᠤ ᠣᠷᠣᠬᠤ︾ ᠠᠵᠢᠯᠯᠠᠭ᠎ᠠ ᠶᠢ ᠬᠡᠷᠡᠭᠵᠢᠭᠦᠯᠦᠨ᠂ ︽ᠴᠠᠭ ᠲᠤᠬᠠᠶ ᠳᠤᠨᠢ ᠵᠢᠭᠰᠠᠭᠠᠵᠤ ᠴᠠᠭ ᠲᠤᠬᠠᠶ ᠳᠤᠨᠢ ᠳᠡᠩᠰᠡᠯᠡᠨ ᠲᠡᠮᠳᠡᠭᠯᠡᠬᠦ᠂ ᠴᠠᠭ ᠲᠤᠬᠠᠶ ᠳᠤᠨᠢ ᠢᠯᠡᠷᠡᠭᠦᠯᠵᠦ ᠴᠠᠭ ᠲᠤᠬᠠᠶ ᠳᠤᠨᠢ ᠳᠠᠶᠢᠴᠢᠯᠠᠬᠤ︾ ᠵᠠᠷᠴᠢᠮ ᠶᠣᠰᠣᠭᠠᠷ᠂ ᠲᠤᠬᠠᠶ ᠶᠢᠨ ᠲᠠᠯᠠᠪᠤᠷ ᠲᠤᠨᠢ ᠵᠢᠭᠰᠠᠭᠠᠵᠤ ᠳᠡᠩᠰᠡᠯᠡᠨ ᠲᠡᠮᠳᠡᠭᠯᠡᠵᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠭᠡᠳᠦᠶ ᠬᠥᠮᠦᠰ ᠢ ᠴᠠᠭ ᠲᠤᠬᠠᠶ ᠳᠤᠨᠢ ᠳᠠᠶᠢᠴᠢᠯᠠᠨ ᠠᠬᠢᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃     ᠨᠠᠮ ᠤᠨ ᠪᠠᠶᠢᠭᠤᠯᠤᠯᠲᠠ ᠶᠢᠨ ᠵᠢᠯᠣᠭᠤᠳᠣᠯᠭ᠎ᠠ ᠪᠠᠷ ᠳᠡᠮᠵᠢᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ᠂ ᠪᠠᠭ᠎ᠠ ᠲᠣᠭᠤᠷᠢᠭ ᠤᠨ ᠨᠠᠮ ᠤᠨ ᠡᠭᠦᠷ᠂ ᠠᠳᠠᠯ ᠠᠬᠤᠶ ᠶᠢᠨ ᠬᠠᠮᠢᠶᠠᠷᠤᠯᠲᠠ ᠶᠢᠨ ᠲᠠᠯ᠎ᠠ᠂ ᠥᠮᠴᠢᠲᠡᠨ ᠤ ᠵᠥᠪᠯᠡᠯ᠂ᠠᠰᠠᠷ ᠤᠨ ᠳᠠᠷᠤᠭ᠎ᠠ ᠵᠡᠷᠭᠡ ᠣᠯᠠᠨ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠪᠠᠭ᠎ᠠ ᠲᠣᠭᠤᠷᠢᠭ ᠤᠨ ᠲᠦᠷ ᠴᠠᠭ ᠤᠨ ᠨᠠᠮ ᠤᠨ ᠡᠭᠦᠷ ᠠᠭᠤᠯᠵᠠᠨ ᠶᠠᠷᠢᠯᠴᠠᠬᠤ ᠬᠤᠷᠠᠯ ᠬᠤᠷᠠᠯᠳᠤᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠬᠠᠷᠢᠭᠤᠯᠬᠤ᠂ ᠦᠨᠳᠦᠰᠦᠨ ᠪᠠᠲᠤᠯᠠᠭ᠎ᠠ ᠶᠢ ᠪᠥᠬᠦ ᠲᠠᠯ᠎ᠠ ᠪᠠᠷ ᠬᠠᠩᠭᠠᠬᠤ᠂ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠶᠡᠷᠦᠩᠬᠡᠶᠢᠯᠡᠨ ᠤᠶᠢᠯᠡᠴᠢᠯᠡᠬᠦ ᠵᠡᠷᠭᠡ ᠡᠯ᠎ᠡ ᠵᠤᠶᠢᠯ ᠤᠨ ᠠᠵᠢᠯ ᠢ ᠵᠢᠷᠤᠮᠵᠢᠯ ᠲᠠᠢ ᠡᠮᠬᠢ ᠵᠢᠷᠤᠮ ᠲᠠᠢ ᠥᠨᠳᠥᠷ ᠪᠦᠲᠦᠮᠵᠢᠲᠡᠶ ᠪᠠᠷ ᠠᠬᠢᠭᠤᠯᠵᠤ᠂ ᠵᠣᠬᠢᠶᠠᠨ ᠪᠠᠶᠢᠭᠤᠯᠵᠤ ᠬᠥᠲᠥᠯᠦᠨ ᠳᠠᠭᠠᠭᠤᠯᠬᠤ᠂ ᠣᠯᠠᠨ ᠲᠦᠮᠡᠨ ᠣᠷᠣᠯᠴᠠᠭᠰᠠᠨ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠠᠵᠢᠯ ᠤᠨ ᠪᠠᠶᠢᠷᠢᠰᠢᠯ ᠢ ᠪᠣᠶ ᠪᠣᠯᠭᠠᠪᠠ᠃ ᠣᠳᠣᠬᠠᠨ ᠪᠣᠯᠲᠠᠯ᠎ᠠ᠂ ᠬᠠᠶᠢᠷᠤᠪ ᠤᠨ ᠲᠤᠬᠤᠢ ᠲᠣᠭᠤᠷᠢᠭ ᠤᠨ ᠬᠢᠨ 112 ᠨᠠᠮ ᠤᠨ ᠵᠣᠬᠢᠶᠠᠨ ᠪᠠᠶᠢᠭᠤᠯᠤᠯᠲᠠ᠂ 1700 ᠭᠠᠷᠤᠢ ᠲᠣᠭᠤᠷᠢᠭ ᠤᠨ ᠲᠡᠰ ᠤᠨ ᠠᠵᠢᠯ ᠳᠤ ᠪᠠᠶᠢᠭ᠎ᠠ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠢᠳᠡᠪᠬᠢᠲᠡᠢ ᠣᠷᠣᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠤᠬᠴᠢ ᠪᠠᠶᠢᠯᠳᠤᠭᠴᠢ᠂ ᠲᠠᠭᠠᠭᠤᠯᠤᠭᠴᠢ ᠪᠤᠯᠵᠤ᠂ ᠪᠦᠬᠦ ᠲᠤᠭᠤᠷᠢᠭ ᠤᠨ ᠠᠷᠠᠳ ᠲᠦᠮᠡᠨ ᠤ ᠠᠮᠤᠷ ᠲᠦᠪᠰᠢᠨ ᠢ ᠦᠨᠡᠨᠬᠦ ᠪᠠᠲᠤᠯᠠᠭᠰᠠᠨ ᠪᠠᠶᠢᠨ᠎ᠠ᠃
微信图片_20220809103043.jpg    
       ᠪᠥᠭᠡᠮ ᠬᠦᠴᠢᠯ ᠤᠨ ᠪᠠᠶᠢᠴᠠᠭᠠᠯᠲᠠ ᠶᠢᠨ ᠴᠡᠭ ᠲᠤ᠂ ᠪᠢᠲᠡᠭᠦᠮᠵᠢᠯᠡᠭᠰᠡᠨ ᠣᠷᠣᠨ ᠰᠠᠭᠤᠴᠠ ᠶᠢᠨ ᠲᠣᠭᠤᠷᠢᠭ ᠲᠤ᠂ ᠵᠠᠰᠠᠮᠠᠯ ᠵᠠᠮ ᠤᠨ ᠪᠣᠭᠤᠮᠲᠠ ᠳᠤ ᠁ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠨᠢᠭᠡᠳᠦᠭᠡᠷ ᠹᠷᠣᠨᠲ ᠪᠦᠷᠢ ᠳᠤ᠂ ᠨᠠᠮ ᠤᠨ ᠭᠡᠰᠢᠭᠦᠨ ᠨᠢᠭᠡᠪᠦᠷᠢ ᠴᠥᠮ ᠭᠠᠯ ᠤᠯᠠᠭᠠᠨ ᠲᠤᠭ ᠪᠤᠯᠵᠤ᠂ ᠨᠠᠮ ᠤᠨ ᠡᠭᠦᠷ ᠨᠢᠭᠡᠪᠦᠷᠢ ᠴᠥᠮ ᠨᠠᠮ ᠤᠨ ᠲᠤᠭ ᠤᠨ ᠥᠨᠳᠥᠷ ᠲᠤ ᠨᠠᠮᠢᠷᠠᠭᠰᠠᠨ ᠲᠠᠶᠢᠴᠢᠨ ᠪᠠᠬᠢᠯᠡᠯᠲᠡ ᠪᠤᠯᠵᠤ᠂ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠨᠦᠭᠦᠳ ᠢ ᠲᠦᠷᠭᠡᠨ ᠪᠥᠭᠡᠳ ᠡᠮᠬᠢ ᠵᠢᠷᠤᠮ ᠲᠠᠢ ᠪᠠᠷ ᠠᠬᠢᠭᠤᠯᠵᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠴᠢᠩᠭ᠎ᠠ ᠰᠡᠷᠭᠡᠶᠢᠯᠡᠯᠲᠡ ᠶᠢᠨ ᠱᠤᠭᠤᠮ ᠤᠳ ᠢ ᠪᠠᠲᠤ ᠪᠠᠬᠢ ᠪᠠᠶᠢᠭᠤᠯᠵᠤ᠂ ᠬᠢᠵᠢᠭ ᠢ ᠰᠡᠷᠭᠡᠶᠢᠯᠡᠬᠦ ᠪᠡᠷᠬᠡ ᠰᠡᠳᠦᠪ ᠢ  ᠰᠢᠢᠤᠡᠪᠤᠷᠢᠯᠡᠬᠦ ᠲᠠᠶᠢᠨ ᠢ ᠭᠦᠨᠵᠡᠭᠡᠶᠢᠷᠡᠭᠦᠯᠬᠦ᠂ ᠪᠣᠳᠠᠲᠠᠶᠢᠵᠢᠭᠤᠯᠬᠤ᠂ ᠴᠢᠩᠳᠠᠯᠠᠬᠤ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠶ᠃ ᠢᠲᠡᠭᠡᠯ ᠵᠣᠷᠢᠭ ᠢᠶᠠᠨ ᠪᠠᠲᠤᠳᠬᠠᠵᠤ᠂ ᠤᠯᠠᠨ ᠢᠶᠠᠷ ᠢᠶᠠᠨ ᠬᠦᠴᠦ ᠪᠠᠨ ᠬᠠᠮᠲᠤᠳᠬᠠᠵᠤ᠂ ᠳᠡᠭᠡᠳᠦ ᠳᠤᠤᠷᠠᠳᠤ ᠱᠠᠳᠤ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠳᠠᠶᠢᠨ ᠤ ᠢᠯᠠᠯᠲᠠ ᠶᠢ ᠡᠷᠡᠰ ᠣᠯᠵᠤ᠂ ᠬᠢᠵᠢᠭ ᠢ ᠡᠰᠡᠷᠭᠦᠴᠡᠬᠦ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠤᠶ᠎ᠠ︕
微信图片_20220809110031.jpg
微信图片_20220809110027.jpg
微信图片_20220809110034.jpg
 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号