ᠵᠠᠰᠠᠭ ᠤᠨ ᠣᠷᠳᠣᠨ ᠤ ᠠᠯᠪᠠᠨ ᠮᠡᠳᠡᠭᠡ 2022 ᠣᠨ ᠤ 4 ᠳ᠋ᠤᠭᠡᠷ ᠬᠤᠭᠤᠴᠠᠭ᠎ᠠ ︵ᠶᠡᠷᠦᠩᠬᠡᠢ 8 ᠳ᠋ᠤᠭᠠᠷ ᠬᠤᠭᠤᠴᠠᠭ᠎ᠠ ᠬᠤᠣᠰ ᠰᠠᠷ᠎ᠠ ᠶᠢᠨ ᠰᠡᠳᠭᠦᠯ︶
ᠨᠡᠶᠢᠲᠡᠯᠡᠭᠰᠡᠨ ᠴᠠᠭ᠄
2022/9/10
2022年第4期.jpg
︽5·05︾᠎ ᠤ ᠨᠤᠷᠠᠭᠰᠠᠨ ᠠᠳᠡᠯ ᠤᠨ ᠬᠡᠷᠡᠭ ᠢ ᠳᠠᠭᠤᠰᠬᠠᠬᠤ ᠶᠢ ᠵᠥᠪᠰᠢᠶᠡᠷᠡᠬᠦ ᠲᠤᠬᠠᠢ ᠴᠣᠬᠤᠯᠠᠪᠤᠷᠢ ︽5·05︾  ᠎ ᠤ ᠨᠤᠷᠠᠵᠤ ᠶᠡᠭᠦᠷᠡᠭᠰᠡᠨ ᠠᠳᠡᠯ ᠢ ᠪᠠᠶᠢᠴᠠᠭᠠᠬᠤ ᠳᠤᠭᠤᠶᠢᠯᠠᠩ᠄                  ᠲᠠᠨ ᠤ ᠪᠠᠶᠢᠴᠠᠭᠠᠬᠤ ᠳᠤᠭᠤᠶᠢᠯᠠᠩ ᠤᠨ ᠮᠡᠳᠡᠭᠦᠯᠦᠨ ᠬᠦᠷᠭᠡᠭᠰᠡᠨ ︽ᠥᠪᠥᠷ ᠮᠣᠩᠭᠤᠯ ᠤᠨ ᠮᠧᠶ ᠴᠧᠩ   ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ︿5 · 05﹀᠎ ᠤ ᠨᠤᠷᠠᠭᠰᠠᠨ ᠠᠳᠡᠯ ᠤᠨ   ᠪᠠᠶᠢᠴᠠᠭᠠᠯᠲᠠ ᠶᠢᠨ ᠮᠡᠳᠡᠭᠦᠯᠦᠯᠲᠡ ᠶᠢᠨ ᠬᠡᠷᠡᠭ ᠳᠠᠭᠤᠰᠬᠠᠬᠤ ᠵᠢᠭᠠᠪᠤᠷᠢ ᠠᠪᠬᠤ ᠮᠡᠳᠡᠭᠦᠯᠦᠯᠲᠡ︾᠎ ᠶᠢ ᠨᠢᠭᠡᠨᠲᠡ  ᠣᠯᠵᠤ ᠣᠶᠢᠯᠠᠭᠠᠪᠠ᠂ ᠲᠤᠭᠤᠷᠢᠭ ᠤᠨ ᠵᠠᠰᠠᠭ ᠤᠨ ᠣᠷᠳᠣᠨ ᠰᠤᠳᠤᠯᠤᠭᠠᠳ ᠬᠡᠷᠡᠭ ᠢ ᠳᠠᠭᠤᠰᠬᠠᠬᠤ ᠶᠢ  ᠵᠥᠪᠰᠢᠶᠡᠷᠡᠬᠦ ᠶᠢᠨ ᠬᠠᠮᠲᠤ ᠲᠠᠨ ᠤ ᠪᠠᠶᠢᠴᠠᠭᠠᠬᠤ ᠳᠤᠭᠤᠶᠢᠯᠠᠩ ᠤᠨ ᠲᠣᠭᠲᠠᠭᠠᠯ ᠶᠣᠰᠣᠭᠠᠷ ᠬᠠᠮᠢᠶ᠎ᠠ ᠪᠦᠬᠦᠢ ᠲᠠᠰ  ᠳᠠᠷᠠᠭᠠᠯᠠᠯ ᠢ ᠭᠦᠢᠴᠡᠳᠬᠡᠬᠦ ᠶᠢ ᠬᠦᠰᠡᠵᠦ ᠪᠠᠶᠢᠨ᠎ᠠ ᠃                                         2022 ᠣᠨ ᠤ 7 ᠰᠠᠷ᠎ᠠ ᠶᠢᠨ 4᠎ ᠤ ᠡᠳᠤᠷ   ᠭᠤᠣᠯ ᠳᠤ ᠣᠷᠣᠭᠤᠯᠬᠤ ᠪᠣᠬᠢᠷᠳᠤᠯ ᠢ ᠭᠠᠳᠠᠭᠰᠢᠯᠠᠭᠤᠯᠬᠤ ᠠᠮᠠ ᠶᠢ ᠦᠯᠡᠳᠡᠭᠡᠭᠰᠡᠨ ᠡᠰᠡᠬᠦ ᠶᠢ ᠬᠢᠨᠠᠨ   ᠬᠠᠷᠭᠤᠭᠤᠯᠬᠤ ᠲᠤᠬᠠᠢ ᠵᠠᠬᠢᠳᠠᠯ  ᠦᠬᠠᠢ ᠬᠤᠲᠠ ᠶᠢᠨ ᠬᠤᠲᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠳᠤ᠄                 ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠦᠨᠳᠦᠰᠦᠯᠡᠨ᠂   ᠬᠠᠶᠢᠷᠤᠪ ᠤᠨ ᠲᠣᠬᠤᠢ ᠲᠣᠭᠤᠷᠢᠭ ᠤᠨ ᠨᠢᠭᠡᠨᠲᠡ ᠳᠠᠩᠰᠠᠯᠠᠭᠤᠯᠤᠭᠰᠠᠨ ᠭᠤᠣᠯ ᠤᠷᠤᠭᠤ ᠪᠣᠬᠢᠷᠳᠤᠯ   ᠭᠠᠳᠠᠭᠰᠢᠯᠠᠭᠤᠯᠬᠤ ᠠᠮᠠ ᠶᠢ ᠴᠡᠪᠡᠷᠯᠡᠨ ᠴᠡᠭᠴᠡᠯᠡᠬᠦ ᠠᠵᠢᠯ ᠢ ᠥᠷᠨᠢᠭᠦᠯᠬᠦ ᠴᠢᠬᠤᠯᠠᠲᠠᠢ ᠪᠠᠶᠢᠨ᠎ᠠ᠃ᠮᠠᠨ ᠤ   ᠲᠤᠭᠤᠷᠢᠭ ᠳᠤ ᠬᠤᠯᠪᠣᠭᠳᠠᠭᠰᠠᠨ ᠨᠢᠭᠡᠨᠲᠡ ᠳᠠᠩᠰᠠᠯᠠᠭᠤᠯᠤᠭᠰᠠᠨ ᠭᠤᠣᠯ ᠤᠷᠤᠭᠤ ᠪᠣᠬᠢᠷᠳᠤᠯ ᠭᠠᠳᠠᠭᠰᠢᠯᠠᠭᠤᠯᠬᠤ   ᠠᠮᠠᠰᠠᠷ ᠪᠣᠯ ᠦᠬᠠᠢ ᠬᠤᠳᠠ ᠶᠢᠨ ᠪᠣᠬᠢᠷ ᠤᠰᠤ ᠰᠢᠢᠳᠪᠦᠷᠢᠯᠡᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ   ᠪᠣᠬᠢᠷᠳᠤᠯ ᠭᠠᠳᠠᠭᠰᠢᠯᠠᠭᠤᠯᠬᠤ ᠠᠮᠠᠰᠠᠷ ᠪᠣᠯᠣᠨ᠎ᠠ᠂ ᠲᠤᠰ ᠪᠣᠬᠢᠷᠳᠤᠯ ᠭᠠᠳᠠᠭᠰᠢᠯᠠᠭᠤᠯᠬᠤ ᠠᠮᠠᠰᠠᠷ ᠨᠢ ᠬᠠᠳᠤᠨ   ᠭᠤᠣᠯ ᠤᠨ ᠥᠪᠥᠷ ᠮᠣᠩᠭᠤᠯ ᠤᠨ ᠨᠡᠭᠡᠭᠡᠨ ᠠᠰᠢᠭᠯᠠᠬᠤ ᠣᠷᠣᠨ ᠳᠤ ᠪᠠᠶᠢᠷᠢᠯᠠᠵᠤ᠂ 2019 ᠣᠨ ᠤ 11 ᠰᠠᠷ᠎ᠠ ᠳᠤ   ᠪᠢᠲᠡᠭᠦᠮᠵᠢᠯᠡᠭᠳᠡᠵᠦ᠂ ᠣᠳᠣᠬᠠᠨ ᠳᠤ ᠬᠡᠷᠡᠭᠯᠡᠬᠦ ᠪᠠᠨ ᠲᠦᠷ ᠵᠣᠭᠰᠣᠬᠤ ᠪᠠᠶᠢᠳᠠᠯ ᠳᠤ ᠪᠠᠶᠢᠨ᠎ᠠ᠃ᠪᠦᠲᠦᠭᠡᠨ   ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠭᠰᠡᠨ ᠪᠢᠴᠢᠭ ᠮᠠᠲ᠋ᠧᠷᠢᠶᠠᠯ ᠢ   ᠦᠨᠳᠦᠰᠦᠯᠡᠪᠡᠯ᠂ ᠦᠬᠠᠢ ᠬᠤᠲᠠ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠨᠢᠭᠡᠳᠦᠭᠡᠷ   ᠬᠤᠭᠤᠴᠠᠭᠠᠨ ᠤ 2 ᠲᠦᠮᠡᠨ ᠲᠣᠨ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ   ᠲᠢᠩᠬᠢᠮ ᠤᠨ ᠴᠣᠬᠤᠯᠠᠪᠤᠷᠢ︶ ᠭᠠᠷᠭᠠᠭᠰᠠᠨ ᠤᠰᠤ ᠶᠢ ᠬᠠᠲᠤᠨ ᠭᠤᠣᠯ ᠳᠤ ᠣᠷᠣᠭᠤᠯᠵᠤ᠂ ᠬᠤᠶᠠᠳᠤᠭᠠᠷ   ᠬᠤᠭᠤᠴᠠᠭᠠᠨ ᠤ 4 ᠲᠦᠮᠡᠨ ᠲᠣᠨ ᠤ ᠭᠠᠷᠭᠠᠭᠰᠠᠨ ᠤᠰᠤ ᠶᠢ ᠪᠦᠬᠦᠨ ᠢ ᠪᠤᠴᠠᠭᠠᠨ ᠬᠡᠷᠡᠭᠯᠡᠵᠦ ᠪᠣᠯᠣᠨ᠎ᠠ᠃               ᠲᠠᠨ ᠤ ᠪᠠᠶᠢᠭᠤᠯᠭ᠎ᠠ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠭᠤᠣᠯ ᠮᠥᠷᠡᠨ   ᠳᠠᠯᠠᠢ ᠲᠠᠩᠭᠢᠰ ᠲᠤ ᠪᠣᠬᠢᠷᠳᠤᠯ ᠭᠠᠳᠠᠭᠰᠢᠯᠠᠭᠤᠯᠬᠤ ᠠᠮᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ   ᠴᠢᠩᠭᠠᠳᠬᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾᠎ ᠲᠠᠢ   ᠬᠠᠷᠢᠴᠠᠭᠤᠯᠵᠤ᠂ ᠲᠣᠰ ᠪᠣᠬᠢᠷᠳᠤᠯ ᠭᠠᠳᠠᠭᠰᠢᠯᠠᠭᠤᠯᠬᠤ ᠠᠮᠠ ᠶᠢᠨ ᠣᠷᠣᠰᠢᠵᠤ ᠪᠠᠶᠢᠭ᠎ᠠ ᠴᠢᠬᠤᠯᠠ ᠴᠢᠨᠠᠷ ᠢ ᠨᠠᠷᠢᠨ   ᠬᠢᠨᠠᠮᠠᠭᠠᠢ ᠵᠠᠳᠠᠯᠤᠭᠠᠷᠠᠢ᠃ᠬᠡᠷᠪᠡ ᠦᠬᠠᠢ ᠬᠤᠲᠠ ᠶᠢᠨ ᠪᠣᠬᠢᠷ ᠤᠰᠤ ᠰᠢᠢᠳᠪᠦᠷᠢᠯᠡᠬᠦ ᠬᠢᠵᠠᠭᠠᠷᠲᠤ ᠬᠠᠷᠢᠭᠤᠴᠠᠯᠭᠠᠲᠤ   ᠺᠣᠮᠫᠠᠨᠢ ᠶᠢᠨ ᠪᠣᠬᠢᠷ ᠤᠰᠤ ᠭᠠᠳᠠᠭᠰᠢᠯᠠᠭᠤᠯᠬᠤ ᠠᠮᠠ ᠶᠢ ᠦᠯᠡᠳᠡᠭᠡᠬᠦ ᠴᠢᠬᠤᠯᠠᠲᠠᠢ ᠪᠣᠯ᠂ ᠥᠪᠥᠷ ᠮᠣᠩᠭᠤᠯ ᠤᠨ   ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ ᠳᠤ ᠬᠠᠮᠢᠶ᠎ᠠ ᠪᠦᠬᠦᠢ ᠬᠢᠨᠠᠨ   ᠵᠥᠪᠰᠢᠶᠡᠷᠡᠬᠦ ᠮᠠᠲ᠋ᠧᠷᠢᠶᠠᠯ ︵ᠭᠤᠣᠯ ᠤᠷᠤᠭᠤ ᠪᠣᠬᠢᠷᠳᠤᠯ ᠭᠠᠳᠠᠭᠰᠢᠯᠠᠭᠤᠯᠬᠤ ᠠᠮᠠ ᠭᠠᠷᠭᠠᠬᠤ ᠭᠤᠶᠤᠴᠢᠯᠠᠯ ᠤᠨ   ᠪᠢᠴᠢᠭ᠂ ᠭᠤᠣᠯ ᠤᠷᠤᠭᠤ ᠪᠣᠬᠢᠷᠳᠤᠯ ᠭᠠᠳᠠᠭᠰᠢᠯᠠᠭᠤᠯᠬᠤ ᠠᠮᠠ ᠭᠠᠷᠭᠠᠬᠤ ᠨᠤᠲᠠᠯᠠᠯᠲᠠ ᠶᠢᠨ ᠮᠡᠳᠡᠭᠦᠯᠦᠯᠲᠡ᠂   ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠦᠨᠳᠦᠰᠦᠯᠡᠯ ᠪᠢᠴᠢᠭ ᠮᠠᠲ᠋ᠧᠷᠢᠶᠠᠯ ᠵᠡᠷᠭᠡ ᠪᠠᠭᠲᠠᠨ᠎ᠠ᠂   ᠡᠭᠦᠨ ᠳᠤ ᠨᠤᠲᠠᠯᠠᠯᠲᠠ ᠶᠢᠨ ᠮᠡᠳᠡᠭᠦᠯᠦᠯᠲᠡ ᠳᠤ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠭᠰᠡᠨ ᠪᠢᠴᠢᠭ   ᠮᠠᠲ᠋ᠧᠷᠢᠶᠠᠯ ᠯᠤᠭ᠎ᠠ ᠨᠡᠶᠢᠴᠡᠬᠦ ᠴᠢᠨᠠᠷ ᠢ ᠪᠠᠭᠲᠠᠭᠠᠨ᠎ᠠ︶᠎ ᠢ ᠳᠠᠷᠤᠶᠢᠬᠠᠨ ᠲᠤᠰᠢᠶᠠᠵᠤ᠂ 2022 ᠣᠨ ᠤ 7 ᠳ᠋ᠤᠭᠠᠷ   ᠰᠠᠷ᠎ᠠ ᠶᠢᠨ 30᠎ ᠤ ᠡᠳᠦᠷ ᠠᠴᠠ ᠡᠮᠦᠨ᠎ᠡ ᠭᠤᠣᠯ ᠤᠷᠤᠭᠤ ᠪᠣᠬᠢᠷᠳᠤᠯ ᠭᠠᠳᠠᠭᠰᠢᠯᠠᠭᠤᠯᠬᠤ ᠠᠮᠠ ᠶᠢ ᠦᠯᠡᠳᠡᠭᠡᠬᠦ ᠶᠢ   ᠬᠢᠨᠠᠨ ᠵᠥᠪᠰᠢᠶᠡᠷᠡᠭᠦᠯᠬᠦ ᠭᠠᠷᠳᠠᠮ ᠢ ᠭᠦᠢᠴᠡᠳᠬᠡᠨ᠎ᠡ︔ᠬᠡᠷᠪᠡ ᠲᠣᠰ ᠭᠤᠣᠯ ᠤᠷᠤᠭᠤ ᠪᠣᠬᠢᠷᠳᠤᠯ ᠭᠠᠳᠠᠭᠰᠢᠯᠠᠭᠤᠯᠬᠤ   ᠠᠮᠠ ᠶᠢ ᠦᠯᠡᠳᠡᠭᠡᠬᠦ ᠴᠢᠬᠤᠯᠠ ᠦᠭᠡᠢ ᠪᠣᠯ᠂ 2022 ᠣᠨ ᠤ 7 ᠳ᠋ᠤᠭᠠᠷ ᠰᠠᠷ᠎ᠠ ᠶᠢᠨ 11᠎ ᠤ ᠡᠳᠦᠷ ᠠᠴᠠ   ᠡᠮᠦᠨ᠎ᠡ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠪᠢᠴᠢᠭ ᠢᠶᠠᠷ ᠬᠠᠷᠢᠭᠤ   ᠥᠭᠬᠦ ᠶᠢᠨ ᠬᠠᠮᠲᠤ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠭᠤᠣᠯ ᠤᠷᠤᠭᠤ ᠪᠣᠬᠢᠷᠳᠤᠯ   ᠭᠠᠳᠠᠭᠰᠢᠯᠠᠭᠤᠯᠬᠤ ᠠᠮᠠ ᠶᠢ ᠪᠢᠲᠡᠭᠦᠮᠵᠢᠯᠡᠨ ᠪᠥᠭᠯᠡᠬᠦ ᠶᠢ ᠪᠡᠶᠡᠯᠡᠭᠦᠯᠬᠦ ᠶᠢᠨ ᠬᠠᠮᠲᠤ᠂ ᠪᠢᠲᠡᠭᠦᠮᠵᠢᠯᠡᠨ ᠪᠥᠭᠯᠡᠭᠰᠡᠨ   ᠪᠠᠶᠢᠳᠠᠯ᠂ ᠪᠢᠲᠡᠭᠦᠮᠵᠢᠯᠡᠨ ᠪᠥᠭᠯᠡᠬᠦ ᠶᠢᠨ ᠡᠮᠦᠨ᠎ᠡ ᠬᠤᠶᠢᠨᠠᠬᠢ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠵᠡᠷᠭᠡ   ᠲᠠᠩᠰᠠ ᠡᠪᠬᠡᠮᠡᠯ ᠢ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠳᠠᠩᠰᠠᠯᠠᠭᠤᠯᠬᠤ   ᠬᠡᠷᠡᠭᠲᠡᠢ᠃                                                                  2022 ᠣᠨ ᠤ 7 ᠰᠠᠷ᠎ᠠ ᠶᠢᠨ 5᠎ ᠤ ᠡᠳᠤᠷᠦᠬᠠᠢ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠶᠡᠷᠦᠩᠬᠡᠶᠢᠯᠡᠨ   ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠪᠤᠯᠠᠬᠤ ᠲᠠᠯᠠᠪᠠᠢ ᠶᠢᠨ ᠰᠢᠨ᠎ᠡ ᠪᠠᠷ ᠪᠠᠶᠢᠭᠤᠯᠬᠤ   ᠪᠠᠷᠢᠯᠭ᠎ᠠ ᠶᠢᠨ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠬᠦ ᠡᠷᠬᠡ ᠶᠢᠨ ᠬᠠᠷᠢᠶᠠᠯᠠᠯ ᠤᠨ ᠭᠡᠷᠡᠴᠢ   ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠣᠯᠣᠨ ᠨᠤᠲᠤᠭ ᠪᠡᠯᠴᠢᠭᠡᠷ ᠤᠨ ᠲᠣᠪᠴᠢᠶ᠎ᠠ ᠳᠤ᠄                    ᠨᠢᠭᠡ᠂ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠭᠰᠡᠨ ᠦᠨᠳᠦᠰᠦᠨ ᠪᠠᠶᠢᠳᠠᠯ                   ᠦᠬᠠᠢ ᠬᠤᠳᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ   ᠬᠥᠭᠵᠢᠯᠲᠡ ᠶᠢᠨ ᠲᠥᠪ ᠤᠨ ᠬᠡᠷᠡᠭᠵᠢᠭᠦᠯᠬᠦ ᠪᠠᠷ ᠪᠠᠶᠢᠭ᠎ᠠ ᠥᠪᠥᠷ ᠮᠣᠩᠭᠤᠯ ᠤᠨ ᠦᠬᠠᠢ ᠬᠤᠳᠠ ᠶᠢᠨ ᠬᠠᠶᠢᠷᠤᠪ ᠤᠨ   ᠲᠣᠬᠤᠢ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ ᠦᠢᠯᠡᠳᠪᠦᠷᠢ ᠶᠢᠨ   ᠬᠤᠶᠠᠳᠤᠭᠠᠷ ᠬᠤᠭᠤᠴᠠᠭᠠᠨ ᠤ ᠪᠤᠯᠠᠬᠤ ᠲᠠᠯᠠᠪᠠᠢ ᠶᠢᠨ ᠰᠢᠨ᠎ᠡ ᠪᠠᠷ ᠪᠠᠶᠢᠭᠤᠯᠬᠤ ᠢᠨᠵᠧᠨᠧᠷᠢᠩ ᠤᠨ ᠲᠦᠷᠦᠯ   ᠵᠦᠢᠯ ᠤᠨ ᠲᠠᠲᠠᠪᠤᠷᠢᠯᠠᠨ ᠡᠵᠡᠯᠡᠬᠦ ᠨᠤᠲᠤᠭ ᠪᠡᠯᠴᠢᠭᠡᠷ ᠤᠨ ᠬᠡᠰᠡᠭ ᠨᠢ ᠦᠬᠠᠢ ᠬᠤᠳᠠ ᠶᠢᠨ ᠬᠠᠶᠢᠷᠤᠪ ᠤᠨ ᠲᠣᠬᠤᠢ   ᠲᠣᠭᠤᠷᠢᠭ ᠤᠨ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠪᠤᠢ᠃ ᠲᠣᠰ ᠲᠥᠷᠥᠯ ᠵᠦᠢᠯ ᠢ   2022 ᠣᠨ ᠤ 6 ᠳ᠋ᠤᠭᠠᠷ ᠰᠠᠷ᠎ᠠ ᠶᠢᠨ 17᠎ ᠤ ᠡᠳᠦᠷ ᠦᠬᠠᠢ ᠬᠤᠲᠠ ᠶᠢᠨ ᠬᠠᠶᠢᠷᠤᠪ ᠤᠨ   ᠲᠣᠬᠤᠢ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ︽ᠥᠪᠥᠷ ᠮᠣᠩᠭᠤᠯ ᠤᠨ   ᠦᠬᠠᠢ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠶᠡᠷᠦᠩᠬᠡᠶᠢᠯᠡᠨ   ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠪᠤᠯᠠᠬᠤ ᠲᠠᠯᠠᠪᠠᠶ ᠶᠢᠨ ᠰᠢᠨ᠎ᠡ ᠪᠠᠷ ᠪᠠᠶᠢᠭᠤᠯᠬᠤ  ᠢᠨᠵᠧᠨᠧᠷᠢᠩ ᠤᠨ ᠲᠥᠷᠥᠯ ᠵᠦᠢᠯ ᠢ ᠬᠤᠪᠢᠷᠠᠭᠤᠯᠤᠨ ᠪᠦᠲᠦᠭᠡᠨ ᠪᠠᠶᠢᠭᠤᠯᠬᠤ ᠠᠭᠤᠯᠭ᠎ᠠ ᠶᠢᠨ ᠲᠤᠬᠠᠢ  ᠬᠠᠶᠢᠷᠤᠪ ᠤᠨ ᠲᠣᠬᠤᠢ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠴᠣᠬᠤᠯᠠᠪᠤᠷᠢ︾   ᠭᠠᠷᠭᠠᠵᠤ ᠵᠥᠪᠰᠢᠶᠡᠷᠡᠪᠡ᠃2022 ᠣᠨ ᠤ 6 ᠰᠠᠷ᠎ᠠ ᠳᠤ᠂ ᠭᠤᠷᠪᠠᠳᠠᠭᠢ ᠡᠲᠡᠭᠡᠳ ᠤᠨ ᠬᠢᠷᠢ ᠬᠡᠮ ᠲᠠᠢ ᠬᠡᠮᠵᠢᠨ  ᠵᠢᠷᠤᠬᠤ ᠺᠣᠮᠫᠠᠨᠢ ᠶᠢᠨ ᠬᠡᠮᠵᠢᠨ ᠵᠢᠷᠤᠭᠯᠠᠭᠰᠠᠨ ᠤ ᠳᠠᠷᠠᠭ᠎ᠠ᠂ ᠲᠣᠰ ᠲᠥᠷᠥᠯ ᠵᠦᠢᠯ ᠤᠨ ᠬᠠᠶᠢᠷᠤᠪ ᠤᠨ ᠲᠤᠬᠤᠢ   ᠎ ᠶᠢᠨ ᠣᠷᠣᠨ ᠪᠦᠰᠡ ᠳᠠᠬᠢ ᠬᠡᠷᠡᠭᠯᠡᠬᠦ ᠭᠠᠵᠠᠷ ᠤᠨ ᠶᠡᠷᠦᠩᠬᠡᠢ ᠲᠠᠯᠠᠪᠠᠶ ᠨᠢ 7.4489 ᠾᠧᠺᠲ᠋ᠠᠷ ᠪᠠᠶᠢᠵᠤ᠂ ᠬᠡᠮᠵᠢᠨ  ᠵᠢᠷᠤᠭᠰᠠᠨ ᠦᠷ᠎ᠡ ᠪᠦᠲᠦᠭᠡᠯ ᠨᠢ ᠭᠤᠷᠪᠠᠳᠤᠭᠠᠷ ᠤᠳᠠᠭᠠᠨ ᠤ ᠭᠠᠵᠠᠷ ᠰᠢᠷᠣᠢ ᠶᠢᠨ ᠪᠠᠶᠢᠴᠠᠭᠠᠯᠲᠠ ᠶᠢᠨ ᠲᠤᠭ᠎ᠠ  ᠪᠠᠷᠢᠮᠲᠠ ᠲᠠᠢ ᠨᠡᠶᠢᠴᠡᠵᠦ᠂ ᠪᠤᠰᠤᠳ ᠡᠪᠡᠰᠦᠲᠦ ᠭᠠᠵᠠᠷ ᠤᠨ ᠶᠡᠷᠦᠩᠬᠡᠢ ᠲᠠᠯᠠᠪᠠᠶ ᠶᠢ 7.4489 ᠾᠧᠺᠲ᠋ᠠᠷ ᠡᠵᠡᠯᠡᠨ  ᠬᠡᠷᠡᠭᠯᠡᠭᠰᠡᠨ ᠪᠠᠶᠢᠨ᠎ᠠ᠃                  ᠬᠤᠶᠠᠷ᠂ ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠵᠢᠴᠢ ᠳᠠᠭᠠᠭᠠᠴᠢᠯᠠᠨ ᠡᠵᠡᠩᠨᠡᠭᠰᠡᠨ ᠵᠡᠷᠭᠡ ᠪᠠᠶᠢᠳᠠᠯ                  ᠥᠪᠥᠷ ᠮᠣᠩᠭᠤᠯ ᠤᠨ ᠦᠬᠠᠢ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠠᠮᠢᠳᠤᠷᠠᠯ ᠤᠨ ᠬᠤᠭ   ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠪᠤᠯᠠᠬᠤ ᠲᠠᠯᠠᠪᠠᠶ ᠶᠢᠨ   ᠰᠢᠨ᠎ᠡ ᠪᠠᠷ ᠪᠠᠶᠢᠭᠤᠯᠬᠤ ᠪᠠᠷᠢᠯᠭ᠎ᠠ ᠳᠤ ᠡᠵᠡᠯᠡᠨ ᠬᠡᠷᠡᠭᠯᠡᠭᠰᠡᠨ 7.4489 ᠾᠧᠺᠲ᠋ᠠᠷ ᠨᠤᠲᠤᠭ ᠪᠡᠯᠴᠢᠭᠡᠷ ᠤᠨ   ᠡᠷᠬᠡ ᠶᠢᠨ ᠬᠠᠷᠢᠶᠠᠯᠠᠯ ᠪᠣᠯ ᠤᠯᠤᠰ ᠤᠨ ᠥᠮᠴᠢᠯᠡᠯ ᠪᠣᠯᠣᠨ᠎ᠠ᠃ ᠬᠠᠶᠢᠷᠤᠪ ᠤᠨ ᠲᠣᠬᠤᠢ ᠲᠣᠭᠤᠷᠢᠭ ᠤᠨ   ᠠᠷᠠᠳ ᠤᠨ ᠵᠠᠰᠠᠭ ᠤᠨ ᠣᠷᠳᠣᠨ ᠳᠤ ᠬᠠᠷᠢᠶᠠᠯᠠᠭᠳᠠᠬᠤ ᠨᠢ ᠦᠨᠳᠦᠰᠦᠨ ᠨᠤᠲᠤᠭ ᠪᠡᠯᠴᠢᠭᠡᠷ ᠲᠤ ᠬᠠᠷᠢᠶᠠᠯᠠᠭᠳᠠᠬᠤ   ᠦᠭᠡᠢ᠂ ᠲᠤᠰ ᠤᠯᠤᠰ ᠤᠨ ᠨᠤᠲᠤᠭ ᠪᠡᠯᠴᠢᠭᠡᠷ ᠢ ᠡᠷᠦᠬᠡ ᠳᠤ ᠳᠠᠭᠠᠭᠠᠴᠢᠯᠠᠭᠤᠯᠤᠭᠠᠳᠤᠢ᠂ ᠨᠥᠬᠦᠪᠦᠷᠢ ᠥᠭᠬᠦ ᠳᠤ   ᠬᠤᠯᠪᠣᠭᠳᠠᠬᠤ ᠦᠭᠡᠢ᠂ ᠡᠷᠬᠡ ᠶᠢᠨ ᠬᠠᠷᠢᠶᠠᠯᠠᠯ ᠨᠢ ᠲᠣᠳᠣᠷᠬᠠᠢ ᠪᠥᠭᠡᠳ ᠮᠠᠷᠭᠤᠭᠠᠨ ᠦᠭᠡᠢ᠂ ᠡᠯ᠎ᠡ ᠲᠦᠷᠦᠯ ᠤᠨ   ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠡᠵᠡᠯᠡᠨ ᠬᠡᠷᠡᠭᠯᠡᠬᠦ ᠳᠤ ᠬᠤᠯᠪᠣᠭᠳᠠᠬᠤ ᠦᠭᠡᠢ᠂ ᠠᠮᠢ ᠠᠬᠤᠢ ᠶᠢᠨ   ᠬᠠᠮᠠᠭᠠᠯᠠᠯᠲᠠ ᠶᠢᠨ ᠤᠯᠠᠭᠠᠨ ᠱᠤᠭᠤᠮ ᠢ ᠡᠵᠡᠯᠡᠨ ᠬᠡᠷᠡᠭᠯᠡᠬᠦ ᠳᠤ ᠬᠤᠯᠪᠣᠭᠳᠠᠬᠤ ᠦᠭᠡᠢ᠃                                ᠡᠭᠦᠨ ᠤ ᠲᠤᠯᠠ ᠣᠨᠴᠠᠭᠠᠶᠢᠯᠠᠨ ᠭᠡᠷᠡᠴᠢᠯᠡᠪᠡ᠃                                                               2022 ᠣᠨ ᠤ 7 ᠰᠠᠷ᠎ᠠ ᠶᠢᠨ 8᠎ ᠤ ᠡᠳᠤᠷ
政府公报内页(5).jpg
 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号