ᠡᠨᠡ ᠤᠬᠠᠭᠤᠯᠭ᠎ᠠ ᠶᠢᠨ ᠬᠥᠳᠡᠯᠭᠡᠭᠡᠨ ᠬᠠᠶᠢᠷᠤᠪ ᠤᠨ ᠲᠤᠬᠤᠢ ᠎ ᠳᠤ ᠶᠠᠪᠤᠭᠳᠠᠪᠠ
ᠨᠡᠶᠢᠲᠡᠯᠡᠭᠰᠡᠨ ᠴᠠᠭ᠄
2022/9/13
      9 ᠰᠠᠷ᠎ᠠ ᠶᠢᠨ 8᠎ ᠤ ᠡᠳᠦᠷ᠂ ᠦᠬᠠᠢ ᠬᠤᠳᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ᠂ ᠦᠬᠠᠢ ᠬᠤᠳᠠ ᠶᠢᠨ ᠭᠠᠵᠢᠭᠤ ᠨᠣᠮᠯᠠᠯ ᠢ ᠡᠰᠡᠷᠭᠦᠴᠡᠬᠦ ᠨᠡᠶᠢᠭᠡᠮᠯᠢᠭ᠂ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠠᠴᠠ ᠬᠠᠮᠲᠤᠷᠠᠨ ᠭᠤᠣᠯᠯᠠᠨ ᠡᠷᠬᠢᠯᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ᠂ ᠬᠠᠶᠢᠷᠤᠪ ᠤᠨ ᠲᠤᠬᠤᠢ ᠲᠣᠭᠤᠷᠢᠭ ᠤᠨ ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠲᠥᠪ᠂ ᠬᠠᠶᠢᠷᠤᠪ ᠤᠨ ᠲᠤᠬᠤᠢ ᠲᠣᠭᠤᠷᠢᠭ ᠤᠨ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠳᠠᠭᠠᠭᠠᠨ ᠡᠷᠬᠢᠯᠡᠭᠰᠡᠨ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠬᠦᠴᠦ ᠪᠠᠨ ᠬᠠᠮᠲᠤᠳᠬᠠᠨ ᠭᠠᠵᠢᠭᠤ ᠨᠣᠮᠯᠠᠯ ᠢ ᠡᠰᠡᠷᠭᠦᠴᠡᠬᠦ︾ 2022 ᠣᠨ ᠤ ᠦᠬᠠᠢ ᠬᠤᠳᠠ ᠶᠢᠨ ︽ᠭᠠᠵᠢᠭᠤ ᠨᠣᠮᠯᠠᠯ ᠢ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ︾᠎ ᠶᠢᠨ ᠡᠬᠢᠯᠡᠯᠲᠡ ᠶᠢᠨ ᠶᠣᠰᠣᠯᠠᠯ ᠬᠠᠶᠢᠷᠤᠪ ᠤᠨ ᠲᠤᠬᠤᠢ ᠲᠤᠭᠤᠷᠢᠭ ᠤᠨ ᠯᠢᠨ ᠶᠢᠨ ᠵᠡᠭᠡᠯᠢ ᠭᠤᠳᠤᠮᠵᠢ ᠳᠤ ᠶᠠᠪᠤᠭᠳᠠᠪᠠ᠃
微信图片_20220913100150.jpg
微信图片_20220913100156.jpg
微信图片_20220913100159.jpg
          ᠠᠵᠢᠯᠯᠠᠭ᠎ᠠ ᠨᠢ ᠵᠥᠪᠯᠡᠯᠭᠡ ᠥᠭᠬᠦ ᠲᠠᠪᠴᠠᠩ ᠭᠠᠷᠭᠠᠬᠤ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠷᠠᠨ ᠰᠠᠶᠢᠬᠠᠨ ᠤ ᠲᠣᠭᠯᠠᠯᠲᠠ ᠭᠠᠷᠭᠠᠬᠤ᠂ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠰᠠᠭᠤᠭᠠᠯᠢ ᠠᠷᠠᠳ ᠲᠤ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠩᠭᠤ ᠲᠣᠬᠢᠶᠠᠯᠳᠤᠳᠠᠭ ᠣᠨᠴᠠᠯᠢᠭ ᠪᠣᠯᠤᠨ ᠮᠠᠨ ᠤ ᠤᠯᠤᠰ ᠤᠨ ᠭᠠᠵᠢᠭᠤ ᠨᠣᠮᠯᠠᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠰᠢᠢᠤᠡᠪᠤᠷᠢᠯᠡᠬᠦ ᠬᠠᠤᠯᠢ ᠴᠠᠭᠠᠵᠠ ᠶᠢᠨ ᠦᠨᠳᠦᠰᠦ ᠪᠠᠷᠢᠮᠲᠠ ᠶᠢ ᠲᠠᠶᠢᠯᠪᠤᠷᠢᠯᠠᠨ ᠶᠠᠷᠢᠵᠤ ᠥᠭᠴᠡᠶ᠃
微信图片_20220913100202.jpg
微信图片_20220913100208.jpg
微信图片_20220913100205.jpg
     ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠭᠠᠵᠢᠭᠤ ᠨᠣᠮᠯᠠᠯ ᠤᠨ ᠬᠠᠯᠳᠠᠯᠭ᠎ᠠ ᠶᠢ ᠰᠡᠷᠭᠡᠶᠢᠯᠡᠬᠦ ᠤᠬᠠᠮᠰᠠᠷ ᠢ ᠦᠨᠡᠨ ᠬᠦ ᠴᠢᠩᠭᠠᠷᠠᠭᠤᠯᠵᠤ᠂ ᠰᠠᠭᠤᠭᠠᠯᠢ ᠠᠷᠠᠳ ᠤᠨ ᠭᠠᠵᠢᠭᠤ ᠨᠣᠮᠯᠠᠯ ᠤᠨ ᠨᠡᠷᠪᠡᠯᠲᠡ ᠶᠢ ᠤᠬᠠᠮᠰᠠᠷ ᠠᠴᠠ ᠪᠠᠨ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠵᠦ᠂ ᠭᠠᠵᠢᠭᠤ ᠨᠣᠮᠯᠠᠯ ᠢ ᠰᠡᠷᠭᠡᠶᠢᠯᠡᠬᠦ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号