ᠥᠨᠥᠳᠦᠷ ᠪᠠᠭᠰᠢ ᠶᠢᠨ ᠪᠠᠶᠠᠷ ᠤᠨ ᠡᠳᠦᠷ᠂ ᠬᠠᠶᠢᠷᠤᠪ ᠤᠨ ᠲᠤᠬᠤᠢ ᠶᠢᠨ ᠰᠤᠷᠭᠠᠨ ᠬᠥᠮᠦᠵᠢᠯ ᠢ ᠦᠵᠡᠶ᠎ᠡ ᠁
ᠨᠡᠶᠢᠲᠡᠯᠡᠭᠰᠡᠨ ᠴᠠᠭ᠄
2022/9/13
      ᠥᠨᠢᠳᠡ ᠶᠢᠨ ᠶᠡᠭᠡ ᠪᠤᠳᠤᠯᠭ᠎ᠠ ᠶᠢ ᠪᠡᠶᠡᠯᠡᠭᠦᠯᠬᠦ ᠳᠤ ᠰᠤᠷᠭᠠᠨ ᠬᠥᠮᠦᠵᠢᠯ ᠢᠶᠠᠷ ᠦᠨᠳᠦᠰᠦ ᠪᠣᠯᠭᠠᠨ᠎ᠠ᠃ ᠤᠢᠢᠷ᠎ᠠ ᠶᠢᠨ ᠵᠢᠯ ᠠᠴᠠ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠡᠷᠬᠢᠯᠡᠬᠦ ᠪᠠᠷ ᠬᠠᠷᠠᠯᠲᠠ ᠪᠣᠯᠭᠠᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠠᠷᠢᠮᠲᠠᠯᠠᠵᠤ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ᠂ ᠰᠤᠷᠭᠠᠨ ᠬᠥᠮᠦᠵᠢᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠬᠠᠶᠢᠷᠤᠪ ᠤᠨ ᠲᠤᠬᠤᠢ  ᠲᠣᠭᠤᠷᠢᠭ ᠤᠨ ᠰᠠᠭᠤᠭᠠᠯᠢ ᠠᠷᠠᠳ ᠤᠨ ᠠᠷᠠᠳ ᠤᠨ ᠠᠮᠢᠳᠤᠷᠠᠯ ᠤᠨ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠡᠢ᠃
微信图片_20220913104243.jpg    
      ᠣᠶᠢᠷ᠎ᠠ ᠳᠤ᠂ ᠰᠤᠷᠪᠤᠯᠵᠢᠯᠠᠭᠴᠢ ᠬᠠᠶᠢᠷᠤᠪ ᠤᠨ ᠲᠤᠬᠤᠢ ᠲᠣᠭᠤᠷᠢᠭ ᠤᠨ ᠬᠤᠶᠠᠳᠤᠭᠠᠷ ᠪᠠᠭ᠎ᠠ ᠰᠤᠷᠭᠠᠭᠤᠯᠢ ᠳᠤ ᠣᠶᠢᠯᠠᠭᠠᠭᠰᠠᠨ ᠢᠶᠠᠷ᠂ ᠰᠤᠷᠭᠠᠭᠤᠯᠢ ᠨᠢ ︽ᠯᠸᠢ ᠹᠧᠩ ‍ᠤᠨ‌‍ᠰᠣᠶᠣᠯ ᠤᠨ ᠲᠤᠰᠬᠠᠶ ᠪᠤᠯᠤᠩ︾ ︽ᠯᠸᠢ ᠹᠧᠩ ᠤᠨ ᠬᠠᠶᠢᠷ᠎ᠠ ᠬᠠᠯᠠᠮᠵᠢ ᠶᠢᠨ ᠨᠣᠮ ᠤᠨ ᠥᠷᠲᠡᠭᠡ︾ ︽ᠯᠸᠢ ᠹᠧᠩ ᠨᠥᠬᠦᠷ ᠠᠴᠠ ᠰᠤᠷᠤᠯᠴᠠᠶ᠎ᠠ︾ ᠭᠡᠬᠦ ᠭᠤᠤᠯ ᠰᠡᠳᠦᠪᠲᠦ ᠬᠡᠷᠡᠮ ᠢ ᠪᠠᠶᠢᠭᠤᠯᠬᠤ ᠪᠠᠷ ᠳᠡᠮᠵᠢᠨ᠂ ︽ᠯᠸᠢ ᠹᠧᠩ ᠤᠨ ᠱᠤᠭᠤᠮᠠᠯ︾᠂ ︽ᠰᠢᠶᠤᠤ ᠯᠸᠢ ᠹᠧᠩ ᠤᠨ ᠠᠯᠪᠠᠨ ᠵᠢᠷᠤᠮ ᠤᠨ ᠠᠵᠢᠯ ᠤᠨ ᠥᠷᠲᠡᠭᠡ︾ ︽ᠰᠢᠶᠤᠤ ᠯᠸᠢ ᠹᠧᠩ ᠤᠨ ᠠᠯᠳᠠᠭᠰᠠᠨ ᠶᠠᠭᠤᠮ᠎ᠠ ᠶᠢ ᠲᠠᠨᠢᠵᠤ ᠠᠪᠬᠤ ᠭᠠᠵᠠᠷ︾ ᠵᠡᠷᠭᠡ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠦᠵᠡᠭᠳᠡᠯ ᠢ ᠪᠠᠶᠢᠭᠤᠯᠵᠤ᠂ ᠯᠸᠢ ᠹᠧᠩ ᠤᠨ ᠡᠯᠧᠮᠧᠨ᠋ᠲ ᠢ ᠪᠠᠶᠠᠯᠢᠭᠵᠢᠭᠤᠯᠵᠤ᠂ ᠰᠤᠷᠤᠭᠴᠢᠳ ᠲᠤ ᠥᠯᠥ ᠮᠡᠳᠡᠭᠳᠡᠮ᠎ᠡ ᠨᠥᠯᠥᠭᠡ ᠪᠠ ᠬᠦᠴᠦᠨ ᠴᠢᠳᠠᠯ ᠢ ᠣᠯᠭᠤᠭᠰᠠᠨ ᠪᠠᠶᠢᠨ᠎ᠠ︔ ᠡᠭᠦᠨ ᠤ ᠬᠠᠮᠲᠤ ᠪᠠᠰᠠ ᠯᠸᠢ ᠹᠧᠩ ᠠᠴᠠ ᠰᠤᠷᠤᠯᠴᠠᠬᠤ ᠣᠯᠠᠨ ᠶᠠᠩᠵᠤ ᠶᠢᠨ ᠬᠡᠯᠪᠡᠷᠢ ᠶᠢᠨ ᠭᠤᠣᠯ ᠰᠡᠳᠦᠪᠲᠦ ᠬᠥᠮᠦᠵᠢᠯ᠂ ᠬᠤᠪᠢᠰᠬᠠᠯ ᠤᠨ ᠬᠥᠮᠦᠵᠢᠯ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠯᠸᠢ ᠹᠧᠩ ᠤᠨ ᠵᠣᠷᠢᠭ ᠰᠠᠨᠠᠭᠠᠨ ᠤ ᠲᠤᠬᠠᠶ ᠪᠠᠭᠰᠢ ᠰᠤᠷᠤᠭᠴᠢᠳ ᠤᠨ ᠣᠶᠢᠯᠠᠭᠠᠯᠲᠠ ᠶᠢ ᠭᠦᠨᠵᠡᠭᠡᠶᠢᠷᠡᠭᠦᠯᠵᠡᠶ᠃      ᠬᠠᠶᠢᠷᠤᠪ ᠤᠨ ᠲᠤᠬᠤᠢ ᠲᠣᠭᠤᠷᠢᠭ ᠤᠨ ᠬᠤᠶᠠᠳᠤᠭᠠᠷ ᠪᠠᠭ᠎ᠠ ᠰᠤᠷᠭᠠᠭᠤᠯᠢ ᠶᠢᠨ ᠨᠠᠮ ᠤᠨ ᠡᠭᠦᠷ ᠤᠨ ᠱᠦᠵᠢ᠂ ᠰᠤᠷᠭᠠᠭᠤᠯᠢ ᠶᠢᠨ ᠵᠠᠬᠢᠷᠤᠯ ᠪᠢᠶᠠᠨ ᠰᠢᠤᠢ ᠰᠢᠶᠠ ᠰᠤᠷᠪᠤᠯᠵᠢᠯᠠᠭᠴᠢ ᠳᠤ᠄ ︽  ᠬᠠᠶᠢᠷᠤᠪ ᠤᠨ ᠲᠤᠬᠤᠢ ᠲᠣᠭᠤᠷᠢᠭ ᠤᠨ ᠬᠤᠶᠠᠳᠤᠭᠠᠷ ᠪᠠᠭ᠎ᠠ ᠰᠤᠷᠭᠠᠭᠤᠯᠢ ᠶᠢᠨ ᠬᠢᠨ ︿ᠯᠸᠢ ᠹᠧᠩ ᠰᠤᠷᠭᠠᠭᠤᠯᠢ﹀᠎ ᠶᠢ ᠡᠭᠦᠳᠦᠨ ᠪᠠᠶᠢᠭᠤᠯᠬᠤ ᠠᠵᠢᠯ ᠢ ᠶᠣᠰᠣ ᠰᠤᠷᠲᠠᠬᠤᠨ ᠤ ᠬᠥᠮᠦᠵᠢᠯ ᠤᠨ ᠭᠠᠷᠳᠠᠴᠠ ᠪᠣᠯᠭᠠᠵᠤ᠂ ᠲᠠᠪᠤᠨ ᠴᠠᠭᠠᠷᠢᠭᠲᠤ ᠬᠢᠴᠢᠶᠡᠯ᠂ ᠲᠦᠷᠪᠡᠨ ᠬᠡᠮᠵᠢᠯᠳᠦ ᠦᠨᠡᠯᠡᠨ ᠲᠣᠭᠲᠠᠭᠠᠬᠤ ᠵᠠᠭᠪᠤᠷ ᠤᠨ ᠰᠢᠨ᠎ᠡ ᠶᠢ ᠡᠭᠦᠳᠴᠦ ᠬᠥᠮᠦᠨ ᠢ ᠬᠥᠮᠦᠵᠢᠭᠦᠯᠬᠦ ᠠᠴᠢᠶᠠᠯᠠᠪᠤᠷᠢ ᠪᠠᠷ ᠳᠠᠮᠵᠢᠭᠤᠯᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠲᠡᠢ︾ ᠭᠡᠵᠦ ᠬᠡᠯᠡᠪᠡ᠃
微信图片_20220913104246.jpg
微信图片_20220913104250.jpg
    ᠡᠭᠦᠨ ᠠᠴᠠ ᠭᠠᠳᠠᠨ᠎ᠠ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠰᠤᠷᠭᠠᠭᠤᠯᠢ ᠶᠢᠨ ᠬᠢᠨ ᠯᠸᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠰᠤᠷᠭᠠᠭᠤᠯᠢ ᠶᠢᠨ ︽ᠪᠡᠶᠡᠴᠢᠯᠡᠨ ᠣᠶᠢᠯᠠᠭᠠᠬᠤ ᠳᠤᠮᠳᠠ ᠦᠰᠦᠨ ᠪᠤᠶᠢᠵᠢᠬᠤ︾ ᠶᠣᠰᠣ ᠰᠤᠷᠲᠠᠬᠤᠨ ᠤ ᠬᠥᠮᠦᠵᠢᠯ ᠤᠨ ᠬᠢᠴᠢᠶᠡᠯ ᠲᠠᠢ ᠤᠶᠠᠯᠳᠤᠭᠤᠯᠵᠤ᠂ ︽ᠯᠸᠢ ᠹᠧᠩ ᠤᠨ ᠵᠣᠷᠢᠭ ᠰᠠᠨᠠᠭᠠᠨ ᠤ ᠦᠷ᠎ᠡ ᠶᠢᠨ ᠬᠢᠴᠢᠶᠡᠯ︾᠎ ᠢ ᠪᠠᠶᠢᠭᠤᠯᠵᠤ᠂ ︽ᠰᠣᠨᠣᠰᠬᠤ᠂ ᠶᠠᠷᠢᠬᠤ᠂ ᠰᠤᠷᠤᠯᠴᠠᠬᠤ᠂ ᠬᠢᠬᠦ᠂ ᠦᠨᠡᠯᠡᠬᠦ︾ ︽ᠲᠠᠪᠤᠨ ᠴᠠᠭᠠᠷᠢᠭ︾᠎ ᠤᠨ ᠬᠥᠮᠦᠨ ᠢ ᠬᠥᠮᠦᠵᠢᠭᠦᠯᠬᠦ ᠵᠠᠭᠪᠤᠷ ᠢᠶᠠᠷ ︽ᠪᠡᠶᠡᠴᠢᠯᠡᠨ ᠣᠶᠢᠯᠠᠭᠠᠬᠤ ᠳᠤᠮᠳᠠ ᠦᠰᠦᠨ ᠪᠤᠶᠢᠵᠢᠬᠤ︾ ᠵᠢᠴᠢ ︽ᠳᠥᠷᠪᠡᠨ ᠶᠡᠭᠡ︾᠎ ᠶᠢᠨ ᠮᠡᠳᠡᠬᠦᠶ ᠬᠢᠬᠦᠶ ᠶᠢᠨ ᠬᠢᠴᠢᠶᠡᠯ ᠢ ᠨᠡᠭᠡᠭᠡᠭᠰᠡᠨ ᠪᠠᠶᠢᠨ᠎ᠠ᠃
微信图片_20220913104257.jpg
微信图片_20220913104254.jpg
         ᠦᠬᠠᠢ ᠬᠤᠳᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠬᠥᠳᠡᠯᠮᠦᠷᠢ ᠶᠢᠨ ᠦᠢᠯᠡᠳᠦᠯᠭᠡ ᠶᠢᠨ ᠰᠠᠭᠤᠷᠢᠨ ᠭᠠᠵᠠᠷ ᠳᠤ᠂ ᠰᠤᠷᠪᠤᠯᠵᠢᠯᠠᠭᠴᠢ ᠲᠠᠪᠤᠳᠤᠭᠠᠷ ᠣᠨ ᠤ ᠰᠤᠷᠤᠭᠴᠢᠳ ᠶᠠᠭ ᠰᠠᠶᠢᠬᠠᠨ ᠬᠥᠳᠡᠯᠮᠦᠷᠢᠯᠡᠵᠦ᠂ ᠡᠷᠴᠢ ᠵᠣᠷᠢᠭ ᠲᠡᠭᠦᠯᠳᠡᠷ᠂ ᠮᠠᠰᠢ ᠶᠠᠭᠠᠷᠠᠯᠲᠠᠢ ᠪᠠᠶᠢᠬᠤ ᠶᠢ ᠣᠯᠵᠤ ᠬᠠᠷᠠᠵᠠᠢ᠃ ︽ᠮᠠᠨ ᠤ ᠰᠤᠷᠭᠠᠭᠤᠯᠢ ᠬᠥᠳᠡᠯᠮᠦᠷᠢ ᠶᠢᠨ ᠬᠥᠮᠦᠵᠢᠯ ᠤᠨ ᠬᠢᠴᠢᠶᠡᠯ ᠤᠨ ᠰᠢᠰᠲ᠋ᠧᠮ ᠤᠨ ᠪᠠᠶᠢᠭᠤᠯᠤᠯᠲᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠣᠲᠣ ᠶᠢᠨ ᠪᠠᠶᠢᠭ᠎ᠠ ᠡᠬᠢ ᠪᠠᠶᠠᠯᠢᠭ ᠢᠶᠠᠨ ᠠᠰᠢᠭᠯᠠᠨ᠂ 500 ᠲᠡᠭᠰᠢ ᠳᠥᠷᠪᠡᠯᠵᠢᠨ ᠮᠧᠲᠷ ᠤᠨ ᠰᠤᠷᠭᠠᠭᠤᠯᠢ ᠶᠢᠨ ᠬᠦᠷᠢᠶᠡᠨ ᠤ ᠬᠥᠳᠡᠯᠮᠦᠷᠢ  ᠤᠶᠢᠯᠡᠳᠤᠯᠭᠡ ᠶᠢᠨ ᠰᠠᠭᠤᠷᠢᠨ ᠭᠠᠵᠠᠷ ᠢ ᠨᠡᠭᠡᠭᠡᠵᠦ᠂ ᠰᠠᠭᠤᠷᠢᠨ ᠭᠠᠵᠠᠷ ᠲᠤ ᠲᠡᠮᠦᠷ ᠬᠦᠷᠵᠡ᠂ ᠲᠡᠮᠦᠷ ᠬᠤᠰᠤᠭᠤᠷ᠂ ᠠᠷᠴᠢᠭᠤᠷ᠂ ᠤᠰᠤᠨ ᠰᠠᠭᠤᠯᠠᠭ᠎ᠠ ᠵᠡᠷᠭᠡ ᠬᠥᠳᠡᠯᠮᠦᠷᠢ ᠶᠢᠨ ᠪᠠᠭᠠᠵᠢ ᠬᠡᠷᠡᠭᠰᠡᠯ ᠢ ᠳᠣᠭᠢᠷᠠᠭᠤᠯᠤᠨ᠂ ᠲᠥᠪᠡᠳ ᠬᠠᠰᠢ᠂ ᠥᠷᠭᠡᠰᠦᠲᠦ ᠬᠡᠮᠬᠡ᠂ ᠯᠠᠵᠤᠤ ᠵᠡᠷᠭᠡ ᠣᠯᠠᠨ  ᠵᠤᠶᠢᠯ ᠤᠨ ᠲᠠᠷᠢᠮᠠᠯ ᠳᠠᠷᠢᠵᠤ᠂ ᠳᠠᠷᠢᠬᠤ ᠠᠴᠠ ᠠᠪᠤᠭᠠᠳ ᠤᠰᠤᠯᠠᠬᠤ᠂ ᠡᠪᠡᠰᠦ ᠠᠷᠢᠯᠭᠠᠬᠤ᠂ ᠬᠤᠷᠢᠶᠠᠬᠤ ᠬᠦᠷᠲᠡᠯ᠎ᠡ ᠴᠥᠮ ᠬᠡᠤᠬᠡᠳ ᠤᠳ ᠥᠪᠡᠷ ᠢᠶᠠᠨ ᠭᠠᠷ ᠬᠥᠳᠡᠯᠦᠨ᠂ ᠪᠣᠯᠪᠠᠰᠤᠷᠠᠭᠰᠠᠨ ᠤᠯᠠᠷᠢᠯ ᠳᠤ ᠦᠷ᠎ᠡ ᠪᠦᠲᠦᠭᠡᠯ ᠢᠶᠠᠨ ᠳᠡᠯᠭᠡᠨ ᠦᠵᠡᠭᠦᠯᠵᠦ᠂ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢᠶᠠᠨ ᠬᠤᠪᠢᠶᠠᠯᠴᠠᠭᠰᠠᠨ ᠪᠠᠶᠢᠨ᠎ᠠ᠃ ᠬᠥᠳᠡᠯᠮᠦᠷᠢ ᠶᠢᠨ ᠬᠥᠮᠦᠵᠢᠯ ᠢᠶᠠᠷ ᠳᠠᠮᠵᠢᠭᠤᠯᠤᠨ᠂ ᠬᠡᠦᠬᠡᠳ ᠢ ᠵᠥᠪ ᠣᠨᠣᠪᠴᠢᠲᠠᠢ ᠬᠥᠳᠡᠯᠮᠦᠷᠢ ᠶᠢᠨ ᠦᠵᠡᠯᠲᠡ ᠲᠠᠢ ᠪᠣᠯᠭᠠᠵᠤ᠂ ᠰᠠᠶᠢᠨ ᠰᠠᠶᠢᠬᠠᠨ ᠬᠥᠳᠡᠯᠮᠦᠷᠢ ᠶᠢᠨ ᠳᠠᠳᠬᠠᠯ ᠲᠠᠢ ᠪᠣᠯᠭᠠᠵᠤ᠂ ᠢᠳᠡᠪᠬᠢᠲᠡᠢ ᠬᠥᠳᠡᠯᠮᠦᠷᠢ ᠶᠢᠨ ᠵᠣᠷᠢᠭ ᠰᠠᠨᠠᠭ᠎ᠠ ᠲᠠᠢ ᠪᠣᠯᠭᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠶᠢ ᠪᠦᠬᠦ ᠲᠠᠯ᠎ᠠ ᠪᠠᠷ ᠬᠥᠭᠵᠢᠭᠦᠯᠬᠦ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠪᠣᠯᠭᠠᠬᠤ ᠪᠠᠷ ᠴᠢᠷᠮᠠᠶᠢᠬᠤ ᠬᠡᠷᠡᠭᠲᠡᠢ︾ ᠭᠡᠵᠦ ᠦᠬᠠᠢ ᠬᠤᠳᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠳᠡᠳ᠋ ᠵᠠᠬᠢᠷᠤᠯ ᠱᠢ ᠮᠧᠢ ᠵᠢᠤᠸᠠᠨ ᠲᠠᠨᠢᠯᠴᠠᠭᠤᠯᠪᠠ᠃     ᠣᠶᠢᠯᠠᠭᠠᠭᠰᠠᠨ ᠢᠶᠠᠷ᠂ ︽ᠬᠤᠶᠠᠷ ᠢ ᠬᠦᠩᠬᠡᠷᠡᠭᠦᠯᠬᠦ︾ ᠲᠥᠷᠥ ᠶᠢᠨ ᠪᠣᠳᠣᠯᠭ᠎ᠠ ᠶᠢᠨ ᠲᠠᠰᠤᠷᠠᠯᠲᠠ ᠥᠬᠡᠶ ᠨᠠᠶᠢᠳᠠᠪᠤᠷᠢᠵᠢᠭᠤᠯᠤᠭᠳᠠᠬᠤ ᠶᠢ ᠳᠠᠭᠠᠯᠳᠤᠨ᠂ ᠵᠢᠩᠬᠢᠨᠢ ᠬᠥᠳᠡᠯᠮᠦᠷᠢ ᠶᠢᠨ ᠬᠥᠮᠦᠵᠢᠯ ᠨᠢ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠪᠠᠭ᠎ᠠ ᠰᠤᠷᠭᠠᠭᠤᠯᠢ ᠶᠢᠨ ᠬᠢᠴᠢᠶᠡᠯ ᠤᠨ ᠲᠠᠩᠬᠢᠮ ᠳᠤ ᠣᠷᠣᠵᠤ᠂ ᠰᠤᠷᠤᠭᠴᠢᠳ ᠤᠨ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠢ ᠲᠡᠭᠦᠯᠳᠡᠷᠵᠢᠭᠦᠯᠦᠭᠰᠡᠨ ᠪᠠᠶᠢᠨ᠎ᠠ᠃ ᠡᠯ᠎ᠡ ᠰᠤᠷᠭᠠᠭᠤᠯᠢ ᠨᠤᠭᠤᠳ ︽1+3+N︾ ᠬᠥᠳᠡᠯᠮᠦᠷᠢ ᠶᠢᠨ ᠬᠥᠮᠦᠵᠢᠯ ᠤᠨ ᠬᠢᠴᠢᠶᠡᠯ ᠢ ᠢᠳᠡᠪᠬᠢᠲᠡᠶ ᠪᠠᠷ ᠪᠠᠶᠢᠭᠤᠯᠵᠤ ᠪᠠᠶᠢᠨ᠎ᠠ᠃ ᠰᠤᠷᠭᠠᠭᠤᠯᠢ ᠶᠢᠨ ᠳᠣᠲᠣᠨ᠎ᠠ ᠭᠠᠳᠠᠨᠠᠬᠢ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠢ ᠠᠰᠢᠭᠯᠠᠵᠤ᠂ ᠰᠤᠷᠤᠭᠴᠢᠳ ᠢ ᠵᠣᠬᠢᠶᠠᠨ ᠪᠠᠶᠢᠭᠤᠯᠤᠨ ᠪᠠᠶᠠᠯᠢᠭ ᠰᠠᠶᠢᠬᠠᠨ ᠬᠥᠳᠡᠯᠮᠦᠷᠢ ᠶᠢᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠰᠤᠷᠤᠭᠴᠢᠳ ᠥᠪᠡᠷ ᠤᠨ ᠪᠡᠶ᠎ᠡ ᠪᠠᠷ ᠢᠶᠠᠨ ᠢᠳᠡᠰᠢᠨ ᠨᠣᠭᠤᠭ᠎ᠠ ᠲᠠᠷᠢᠬᠤ᠂ ᠲᠠᠷᠢᠮᠠᠯ ᠤᠨ ᠬᠥᠷᠥᠰᠥ ᠶᠢ ᠰᠤᠯᠠᠷᠠᠭᠤᠯᠬᠤ᠂ ᠪᠤᠷᠳᠤᠭᠤᠷ ᠣᠷᠣᠭᠤᠯᠬᠤ᠂ ᠡᠪᠡᠰᠦ ᠠᠷᠢᠯᠭᠠᠬᠤ᠂ ᠲᠡᠭᠦᠬᠦ᠂ ᠠᠵᠢᠭᠯᠠᠯᠲᠠ ᠶᠢᠨ ᠡᠳᠦᠷ ᠤᠨ ᠲᠡᠮᠳᠡᠭᠯᠡᠯ ᠪᠢᠴᠢᠬᠦ ᠵᠡᠷᠭᠡ ᠳᠤ ᠣᠷᠣᠯᠴᠠᠵᠤ᠂ ᠰᠤᠷᠤᠭᠴᠢᠳ ᠲᠤ ᠢᠳᠡᠰᠢᠨ ᠨᠣᠭᠤᠭ᠎ᠠ ᠭᠤᠸᠠ ᠵᠢᠮᠢᠰ ᠲᠠᠷᠢᠬᠤ ᠶᠠᠪᠤᠴᠠ ᠳᠤ ᠦᠷ᠎ᠡ ᠰᠣᠶᠣᠭᠠᠯᠠᠬᠤ᠂ ᠴᠡᠴᠡᠭ ᠳᠡᠯᠭᠡᠷᠡᠵᠦ ᠴᠡᠴᠡᠭ ᠵᠤᠯᠭᠠᠷᠠᠬᠤ ᠲᠦᠷᠪᠡᠨ ᠤᠯᠠᠷᠢᠯ ᠤᠨ ᠬᠤᠪᠢᠷᠠᠯᠲᠠ ᠶᠢᠨ ᠰᠠᠶᠢᠨ ᠰᠠᠶᠢᠬᠠᠨ ᠢ ᠮᠡᠳᠡᠷᠡᠭᠦᠯᠵᠦ᠂ ᠡᠭᠡ ᠪᠠᠶᠢᠭᠠᠯᠢ ᠶᠢ ᠬᠠᠶᠢᠷᠠᠯᠠᠬᠤ᠂ ᠠᠮᠢ ᠨᠠᠰᠤ ᠶᠢ ᠨᠠᠨᠳᠢᠩᠨᠠᠬᠤ ᠶᠢ ᠰᠤᠷᠭᠠᠬᠤ ᠬᠡᠷᠡᠭᠲᠡᠢ᠃ ᠰᠤᠷᠤᠭᠴᠢᠳ ᠤᠨ ᠰᠢᠨ᠎ᠡ ᠶᠢ ᠡᠭᠦᠳᠬᠦ ᠦᠵᠡᠯ ᠤᠬᠠᠮᠰᠠᠷ ᠢ ᠬᠥᠮᠦᠵᠢᠭᠦᠯᠵᠦ᠂ ᠰᠤᠷᠤᠭᠴᠢᠳ ᠤᠨ ᠬᠥᠳᠡᠯᠮᠦᠷᠢ ᠶᠢᠨ ᠬᠡᠪ ᠪᠣᠯᠪᠠᠰᠤᠷᠠᠯ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠥᠳᠡᠯᠮᠦᠷᠢ ᠶᠢᠨ ᠬᠥᠮᠦᠵᠢᠯ ᠤᠨ ᠬᠢᠴᠢᠶᠡᠯ ᠤᠨ ᠬᠥᠮᠦᠨ ᠢ ᠬᠥᠮᠦᠵᠢᠭᠦᠯᠬᠦ ᠤᠶᠢᠯᠡᠳᠤᠯ ᠢ ᠭᠦᠢᠴᠡᠤᠡ ᠪᠠᠳᠠᠷᠠᠭᠤᠯᠤᠨ᠎ᠠ     ᠰᠤᠷᠭᠠᠨ ᠬᠥᠮᠦᠵᠢᠯ ᠪᠣᠯ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠵᠤ᠂ ᠭᠡᠷ ᠪᠦᠯᠢ ᠨᠢᠭᠡᠪᠦᠷᠢ ᠶᠢᠨ ᠢᠷᠡᠭᠡᠳᠦᠶ ᠲᠠᠢ ᠬᠤᠯᠪᠣᠭᠳᠠᠵᠤ ᠪᠠᠶᠢᠳᠠᠭ᠃ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠦᠨᠡᠨᠬᠦ ᠰᠠᠶᠢᠲᠤᠷ ᠡᠷᠬᠢᠯᠡᠬᠦ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ︽ᠬᠤᠶᠠᠷ ᠢ ᠬᠦᠩᠬᠡᠷᠡᠭᠦᠯᠬᠦ︾ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠬᠥᠮᠦᠨ ᠢ ᠬᠥᠮᠦᠵᠢᠭᠦᠯᠬᠦ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠠ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号