︽ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠵᠤ ᠰᠤᠷᠭᠠᠨ ᠬᠦᠮᠤᠵᠢᠯ ᠤᠨ ᠰᠠᠭᠤᠷᠢ ᠶᠢ ᠪᠠᠬᠢᠵᠢᠭᠦᠯᠤᠨ ᠤᠶᠤᠨ ᠢ ᠱᠤᠭᠤᠵᠤ ᠰᠢᠨ᠎ᠡ ᠡᠷᠡᠨ ᠤ ᠵᠠᠯᠭᠠᠮᠵᠢᠯᠠᠭᠴᠢ ᠶᠢ ᠬᠥᠮᠦᠵᠢᠭᠦᠯᠦᠶ᠎ᠡ︾   — ᠬᠠᠶᠢᠷᠤᠪ ᠤᠨ ᠲᠤᠬᠤᠢ ᠲᠣᠭᠤᠷᠢᠭ ᠤᠨ ᠭᠤᠴᠢᠨ ᠨᠠᠢᠮᠠᠳᠤᠭᠠᠷ ᠪᠠᠭᠰᠢ ᠶᠢᠨ ᠪᠠᠶᠠᠷ ᠢ ᠪᠡᠯᠭᠡᠯᠡᠬᠦ ᠵᠢᠴᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭ᠋᠊
ᠨᠡᠶᠢᠲᠡᠯᠡᠭᠰᠡᠨ ᠴᠠᠭ᠄
2022/9/13
      9 ᠰᠠᠷ᠎ᠠ ᠶᠢᠨ 8᠎ ᠤ ᠦᠳᠡ ᠶᠢᠨ ᠡᠮᠦᠨ᠎ᠡ᠂ ᠬᠠᠶᠢᠷᠤᠪ ᠤᠨ ᠲᠤᠬᠤᠢ ᠲᠣᠭᠤᠷᠢᠭ ᠤᠨ ᠬᠢᠨ 38 ᠳ᠋ᠤᠭᠠᠷ ᠪᠠᠭᠰᠢ ᠶᠢᠨ ᠪᠠᠶᠠᠷ ᠢ ᠪᠡᠯᠭᠡᠯᠡᠬᠦ ᠵᠢᠴᠢ ᠬᠥᠬᠢᠭᠦᠯᠦᠨ ᠰᠠᠶᠢᠰᠢᠶᠠᠬᠤ ᠬᠤᠷᠠᠯ ᠬᠢᠵᠦ᠂ ᠲᠣᠭᠤᠷᠢᠭ ᠤᠨ ᠨᠠᠮ ᠵᠠᠰᠠᠭ ᠤᠨ ᠶᠣᠰᠣᠯᠠᠯ ᠤᠨ ᠲᠠᠩᠬᠢᠮ ᠳᠤ ᠦᠪᠡᠳᠡᠭᠰᠢ ᠶᠡᠬᠡᠪᠡᠷ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠳᠤ ᠣᠷᠣᠯᠴᠠᠵᠠᠢ︔ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠠᠮᠲᠤ ᠶᠢᠨ ᠲᠥᠯᠥᠭᠡᠯᠡᠭᠴᠢ ᠪᠠ ᠰᠢᠯᠢᠳᠡᠭ ᠪᠠᠭᠰᠢ᠂ ᠰᠢᠯᠢᠳᠡᠭ ᠰᠤᠷᠭᠠᠨ ᠬᠥᠮᠦᠵᠢᠯ ᠤᠨ ᠠᠵᠢᠯᠳᠠᠨ ᠵᠡᠷᠭᠡ 50 ᠬᠥᠮᠦᠨ ᠬᠤᠷᠠᠯ ᠳᠤ ᠣᠷᠣᠯᠴᠠᠪᠠ᠃ ᠬᠤᠷᠠᠯ ᠢ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠶᠠᠩ ᠡᠷᠭᠢᠯᠡᠵᠡᠶ᠃
1662716674956045133.png     
      ᠪᠠᠭᠰᠢ ᠶᠢᠨ ᠪᠠᠶᠠᠷ ᠤᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠠᠴᠠ 2021 — 2022 ᠣᠨ ᠤ 13 ᠲᠡᠷᠢᠭᠦᠨ ᠤ ᠬᠠᠮᠲᠤ ᠪᠠ 172 ᠰᠢᠯᠢᠳᠡᠭ ᠬᠤᠪᠢ ᠬᠥᠮᠦᠨ ᠳᠤ ᠢᠷᠠᠭᠤ ᠠᠯᠳᠠᠷ ᠤᠨ ᠴᠣᠯᠠ ᠣᠯᠭᠤᠪᠠ᠃ ᠲᠡᠷᠢᠭᠦᠨ ᠤ ᠬᠠᠮᠲᠤ ᠶᠢᠨ ᠲᠥᠯᠥᠭᠡᠯᠡᠭᠴᠢ᠂ ᠰᠢᠯᠢᠳᠡᠭ ᠰᠤᠷᠭᠠᠭᠤᠯᠢ ᠶᠢᠨ ᠵᠠᠬᠢᠷᠤᠯ ᠤᠨ ᠲᠥᠯᠥᠭᠡᠯᠡᠭᠴᠢ᠂ ᠰᠢᠯᠢᠳᠡᠭ ᠪᠠᠭᠰᠢ ᠤᠷᠢᠳ ᠬᠤᠵᠢᠳ ᠶᠠᠷᠢᠶ᠎ᠠ ᠲᠠᠯᠪᠢᠵᠤ᠂ ᠲᠡᠳᠡ ᠮᠡᠳᠡᠯᠭᠡ ᠶᠢᠨ ᠤᠯᠠᠮᠵᠢᠯᠠᠭᠴᠢ ᠶᠢ ᠦᠷᠭᠦᠯᠵᠢᠯᠡᠨ ᠰᠠᠶᠢᠲᠤᠷ ᠳᠡᠯᠭᠡᠷᠡᠭᠦᠯᠵᠦ᠂ ᠰᠤᠷᠭᠠᠨ ᠬᠥᠮᠦᠵᠢᠯ ᠤᠨ ᠰᠢᠨ᠎ᠡ ᠠᠷᠭ᠎ᠠ ᠶᠢ ᠴᠢᠷᠮᠠᠶᠢᠨ ᠰᠦᠪᠡᠭᠴᠢᠯᠡᠵᠦ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠦᠨ᠂ ᠮᠡᠳᠡᠯᠭᠡ ᠶᠢᠨ ᠬᠦᠴᠦᠨ ᠢ ᠬᠥᠮᠦᠨ ᠴᠢᠨᠠᠷ ᠤᠨ ᠬᠦᠴᠦᠨ ᠪᠣᠯᠭᠠᠨ ᠬᠤᠪᠢᠷᠠᠭᠤᠯᠵᠤ᠂ ᠰᠤᠷᠤᠭᠴᠢᠳ ᠤᠨ ᠦᠵᠡᠯ ᠰᠡᠳᠬᠢᠯᠭᠡ ᠶᠢ ᠬᠥᠮᠦᠵᠢᠭᠦᠯᠦᠨ ᠂ ᠰᠤᠷᠤᠭᠴᠢᠳ ᠤᠨ ᠡᠭᠦᠳᠦᠨ ᠪᠦᠲᠦᠭᠡᠬᠦ ᠶᠢ ᠵᠣᠷᠢᠭᠵᠢᠭᠤᠯᠵᠤ᠂ ᠰᠤᠷᠤᠭᠴᠢᠳ ᠢ ᠨᠡᠶᠢᠭᠡᠮ ᠳᠤ ᠬᠡᠷᠡᠭᠴᠡᠭᠡ ᠲᠠᠢ ᠴᠢᠳᠠᠪᠤᠷᠢᠲᠠᠨ ᠪᠣᠯᠭᠠᠨ ᠬᠥᠮᠦᠵᠢᠭᠦᠯᠵᠦ᠂ ᠨᠡᠩ ᠴᠤᠭ ᠪᠠᠳᠠᠷᠠᠩᠭᠤᠶ ᠲᠡᠮᠡᠴᠡᠯ ᠤᠨ ᠵᠣᠷᠢᠭ ᠢᠶᠠᠷ ᠠᠭᠤᠤ ᠶᠡᠭᠡ ᠰᠤᠷᠭᠠᠨ ᠬᠥᠮᠦᠵᠢᠯ ᠤᠨ ᠦᠢᠯᠡᠰ ᠲᠤ ᠣᠷᠣᠯᠴᠠᠭᠤᠯᠤᠨ᠎ᠠ ᠭᠡᠵᠦ ᠢᠯᠡᠷᠬᠡᠶᠢᠯᠡᠪᠡ᠃
1662716693118036291.jpg   
      ᠬᠤᠷᠠᠯ ᠳᠡᠭᠡᠷ᠎ᠡ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠲᠦᠷᠪᠡᠨ ᠶᠡᠭᠡ ᠪᠠᠭ ᠪᠣᠯᠤᠨ ᠪᠦᠬᠦ ᠲᠤᠭᠤᠷᠢᠭ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠲᠥᠯᠥᠭᠡᠯᠡᠨ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠠᠮᠲᠤ ᠪᠣᠯᠤᠨ ᠰᠢᠯᠢᠳᠡᠭ ᠬᠤᠪᠢ ᠬᠥᠮᠦᠨ ᠳᠤ ᠬᠠᠯᠠᠭᠤᠨ ᠪᠠᠶᠠᠷ ᠬᠦᠷᠭᠡᠵᠡᠢ︕ ᠰᠢᠷᠭᠠᠭᠤ ᠬᠠᠲᠠᠭᠤᠵᠢᠯᠲᠠᠢ ᠠᠵᠢᠯᠯᠠᠵᠤ᠂ ᠭᠤᠶᠠᠴᠢ ᠦᠭᠡᠢ ᠵᠢᠳᠬᠦᠭᠰᠡᠨ ᠪᠦᠬᠦ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ  ᠲᠡᠪᠰᠢᠭᠦᠯᠪᠡ︕ ᠮᠠᠨ ᠤ ᠲᠤᠭᠤᠷᠢᠭ ᠤᠨ ᠰᠤᠷᠭᠠᠨ ᠬᠥᠮᠦᠵᠢᠯ ᠤᠨ ᠤᠶᠢᠯᠡᠰ ᠤᠨ ᠬᠥᠭᠵᠢᠯᠲᠡ ᠶᠢ ᠣᠷᠳᠣ ᠬᠤᠭᠤᠴᠠᠭ᠎ᠠ ᠪᠠᠷ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠭᠦᠯᠪᠡ︕ ᠰᠦᠨ ᠬᠤᠤ ᠨᠥᠬᠦᠷ ᠵᠢᠭᠠᠵᠤ ᠭᠠᠷᠭᠠᠭᠰᠠᠨ ᠨᠢ᠂ ᠰᠤᠷᠭᠠᠨ ᠬᠥᠮᠦᠵᠢᠯ ᠪᠣᠯ ᠤᠳᠤ ᠦᠶ᠎ᠡ ᠶᠢᠨ ᠪᠣᠯᠪᠠᠰᠤᠨ ᠤ ᠰᠠᠭᠤᠷᠢ ᠮᠥᠨ᠂ ᠦᠨᠳᠦᠰᠦᠲᠡᠨ ᠤ ᠲᠠᠪᠰᠢᠯᠳᠠ ᠶᠢᠨ ᠬᠦᠰᠡᠯ ᠡᠷᠡᠮᠡᠯᠵᠡᠯ ᠮᠥᠨ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠲᠤ ᠡᠵᠡᠮᠳᠡᠵᠦ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠬᠡᠷᠡᠭᠴᠡᠭᠡ ᠲᠠᠢ ᠴᠢᠳᠠᠪᠤᠷᠢᠲᠠᠨ ᠢ ᠬᠥᠮᠦᠵᠢᠭᠦᠯᠵᠦ᠂ ᠢᠷᠡᠭᠡᠳᠦᠶ ᠶᠢᠨ ᠥᠷᠢᠰᠥᠯᠳᠦᠭᠡᠨ ᠤ ᠬᠡᠷᠡᠭᠴᠡᠭᠡ ᠳᠤ ᠵᠣᠬᠢᠴᠠᠭᠰᠠᠨ ᠥᠨᠳᠥᠷ ᠬᠡᠪ ᠴᠢᠨᠠᠷ ᠪᠦᠬᠦᠢ ᠨᠢᠭᠡ ᠪᠦᠯᠦᠭ ᠴᠢᠳᠠᠪᠤᠷᠢᠲᠠᠨ ᠢ ᠬᠥᠮᠦᠵᠢᠭᠦᠯᠬᠦ ᠪᠣᠯ ᠣᠳᠣᠬᠠᠨ ᠤ ᠨᠢᠭᠡᠨ ᠴᠢᠬᠤᠯᠠ ᠡᠭᠦᠷᠭᠡ ᠮᠥᠨ᠂ ᠨᠡᠩ ᠴᠤ ᠰᠤᠷᠭᠠᠨ ᠬᠥᠮᠦᠵᠢᠯ ᠤᠨ ᠠᠵᠢᠯ ᠤᠨ ᠦᠨᠳᠦᠰᠦᠨ ᠡᠭᠦᠷᠭᠡ ᠬᠠᠷᠢᠭᠤᠴᠠᠯᠭ᠎ᠠ ᠮᠥᠨ᠃ ᠰᠦᠨ ᠬᠤᠤ ᠨᠥᠬᠦᠷ᠂ ᠲᠦᠭᠡᠮᠡᠯᠵᠢᠭᠦᠯᠬᠦ ᠪᠠ ᠳᠡᠭᠡᠭᠰᠢᠯᠡᠭᠦᠯᠬᠦ ᠶᠢ ᠤᠶᠠᠯᠳᠤᠭᠤᠯᠤᠭᠰᠠᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠰᠢᠨᠡᠳᠬᠡᠵᠦ᠂ ᠵᠢᠭᠠᠨ ᠰᠤᠷᠭᠠᠯᠲᠠ ᠶᠢᠨ ᠶᠠᠪᠤᠴᠠ ᠶᠢ ᠰᠢᠯᠢᠳᠡᠭᠵᠢᠭᠦᠯᠵᠦ᠂ ᠰᠢᠯᠢᠳᠡᠭ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠲᠡᠩᠴᠡᠭᠦᠷᠢᠲᠡᠢ ᠲᠤᠬᠢᠷᠠᠭᠤᠯᠵᠤ᠂ ᠪᠦᠯᠦᠭᠯᠡᠯᠵᠢᠭᠰᠡᠨ ᠰᠤᠷᠭᠠᠭᠤᠯᠢ ᠡᠷᠬᠢᠯᠡᠬᠦ᠂ ᠰᠤᠷᠭᠠᠭᠤᠯᠢ ᠶᠢᠨ ᠬᠤᠭᠤᠷᠣᠨᠳᠣᠬᠢ ᠬᠤᠯᠪᠣᠭ᠎ᠠ ᠵᠡᠷᠭᠡ ᠬᠠᠮᠲᠤᠷᠠᠯᠴᠠᠭᠠᠨ ᠤ ᠠᠵᠢᠯᠯᠠᠭᠠᠨ ᠤ ᠲᠣᠭᠲᠠᠴᠠ ᠶᠢ ᠰᠦᠪᠡᠭᠴᠢᠯᠡᠨ ᠬᠡᠷᠡᠭᠵᠢᠭᠦᠯᠵᠦ᠂ ᠳᠠᠯᠳᠠ ᠴᠢᠳᠠᠪᠤᠷᠢ ᠶᠢ ᠭᠦᠨᠵᠡᠭᠡᠢ ᠠᠭᠤᠳᠠᠯᠵᠤ᠂ ᠶᠠᠰᠤ ᠴᠢᠨᠠᠷ ᠢ ᠳᠡᠭᠡᠭᠰᠢᠯᠡᠭᠦᠯᠵᠦ᠂ ᠲᠦᠷᠦᠯ ᠲᠡᠮᠳᠡᠭ ᠢ ᠡᠭᠦᠳᠴᠦ᠂ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠳᠠᠪᠠᠭᠤᠯᠢᠭ ᠪᠣᠯᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠪᠠᠭᠰᠢ ᠶᠢᠨ ᠰᠤᠷᠭᠠᠨ ᠬᠥᠮᠦᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠯᠢᠳᠡᠭ ᠪᠠᠭᠰᠢ ᠶᠢ ᠰᠣᠩᠭᠤᠨ ᠤᠷᠢᠬᠤ ᠡᠷᠴᠢᠮ ᠢ ᠴᠢᠩᠭᠠᠷᠠᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠢᠯᠢᠳᠡᠭ ᠰᠤᠷᠭᠠᠭᠤᠯᠢ ᠶᠢᠨ ᠵᠠᠬᠢᠷᠤᠯ ᠪᠠᠭᠰᠢ ᠶᠢ ᠠᠵᠢᠯ ᠤᠨ ᠪᠠᠶᠢᠷᠢ ᠡᠭᠡᠯᠵᠢᠯᠡᠭᠦᠯᠦᠨ ᠰᠣᠯᠢᠯᠴᠠᠬᠤ ᠶᠢ ᠴᠢᠩᠭᠠᠳᠬᠠᠵᠤ᠂ ᠪᠥᠬᠦ  ᠲᠤᠭᠤᠷᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠬᠢᠷᠢ ᠬᠡᠮᠵᠢᠶ᠎ᠡ ᠶᠢ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠠᠢ᠃    ᠲᠤᠰ ᠤᠳᠠᠭ᠎ᠠ ᠶᠢᠨ ᠪᠠᠭᠰᠢ ᠶᠢᠨ ᠪᠠᠶᠠᠷ ᠤᠨ ᠶᠡᠭᠡ ᠬᠤᠷᠠᠯ ᠬᠤᠷᠠᠯᠳᠤᠭᠰᠠᠨ ᠨᠢ ᠪᠦᠬᠦ ᠲᠤᠭᠤᠷᠢᠭ ᠤᠨ ᠥᠷᠭᠡᠨ ᠤᠯᠠᠨ ᠪᠠᠭᠰᠢ ᠨᠠᠷ ᠤᠨ ᠠᠵᠢᠯ ᠤᠨ ᠪᠠᠶᠢᠷᠢ ᠳᠡᠭᠡᠷ᠎ᠡ ᠪᠠᠨ ᠡᠷᠴᠢ ᠵᠣᠷᠢᠭ ᠢᠶᠠᠨ ᠬᠥᠪᠴᠢᠯᠡᠨ ᠡᠷᠡᠯᠬᠡᠭᠯᠡᠨ ᠤᠷᠤᠭᠰᠢᠯᠠᠬᠤ ᠶᠢ ᠵᠣᠷᠢᠭᠵᠢᠭᠤᠯᠪᠠ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠢᠮᠠᠭᠲᠠ ᠨᠠᠮ ᠤᠨ ᠰᠤᠷᠭᠠᠨ ᠬᠥᠮᠦᠵᠢᠯ ᠤᠨ ᠦᠢᠯᠡᠰ ᠲᠤ ᠦᠨᠡᠨᠴᠢ ᠰᠢᠳᠤᠷᠭᠤ ᠪᠠᠶᠢᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ︽ᠲᠦᠷᠪᠡ ᠶᠢ ᠪᠦᠷᠢᠳᠦᠭᠦᠯᠬᠦ︾  ᠰᠠᠶᠢᠨ ᠪᠠᠭᠰᠢ ᠪᠣᠯᠬᠤ ᠪᠠᠷ ᠴᠢᠷᠮᠠᠶᠢᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠰᠡᠳᠬᠢᠯ ᠲᠠᠯᠪᠢᠨ ᠵᠢᠭᠠᠨ ᠰᠤᠷᠭᠠᠵᠤ᠂ ᠰᠡᠳᠬᠢᠯ ᠲᠠᠯᠪᠢᠨ ᠬᠥᠮᠦᠨ ᠢ ᠬᠥᠮᠦᠵᠢᠭᠦᠯᠵᠦ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠳᠤ ᠬᠤᠪᠢ ᠨᠡᠮᠡᠷᠢ ᠦᠵᠡᠭᠦᠯᠵᠦ᠂ ᠨᠡᠩ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃                     ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ                                2022 ᠣᠨ ᠤ 9 ᠰᠠᠷ᠎ᠠ ᠶᠢᠨ 8᠎ ᠤ ᠡᠳᠤᠷ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号