ᠬᠠᠶᠢᠷᠤᠪ ᠤᠨ ᠲᠤᠬᠤᠢ ᠲᠤᠭᠤᠷᠢᠭ ᠤᠨ ᠡᠨᠡᠬᠦ ᠭᠤᠣᠯᠳᠠᠯᠭ᠎ᠠ ᠲᠠᠢ ᠠᠵᠢᠯ ᠢ ᠤᠷᠤᠭᠰᠢᠲᠠᠢ ᠠᠬᠢᠭᠤᠯᠵᠠᠢ︕
ᠨᠡᠶᠢᠲᠡᠯᠡᠭᠰᠡᠨ ᠴᠠᠭ᠄
2022/9/14
      ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠣᠯ ᠠᠷᠠᠳ ᠤᠨ ᠰᠠᠨᠠᠭᠠᠨ ᠳᠤ ᠨᠡᠶᠢᠴᠡᠭᠰᠡᠨ᠂ ᠠᠷᠠᠳ ᠤᠨ ᠰᠡᠳᠬᠢᠯ ᠢ ᠣᠯᠤᠭᠰᠠᠨ ᠠᠷᠠᠳ ᠤᠨ ᠠᠮᠢᠳᠤᠷᠠᠯ ᠤᠨ ᠢᠨᠵᠧᠨᠧᠷᠢᠩ ᠪᠠᠶᠢᠵᠤ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠳᠠᠭ᠃ ᠡᠨᠡ ᠵᠢᠯ ᠠᠴᠠ ᠨᠠᠰᠢ᠂ ᠬᠠᠶᠢᠷᠤᠪ ᠤᠨ ᠲᠤᠬᠤᠢ ᠲᠣᠭᠤᠷᠢᠭ ᠤᠨ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠤᠨ ᠠᠷᠭ᠎ᠠ ᠶᠢ ᠰᠦᠪᠡᠭᠴᠢᠯᠡᠵᠦ᠂ ᠥᠭᠡᠷᠡᠴᠢᠯᠡᠨ ᠪᠠᠶᠢᠭᠤᠯᠬᠤ ᠪᠡᠯᠡ ᠮᠥᠩᠭᠦ ᠶᠢ ᠵᠠᠩᠭᠢᠯᠠᠭ᠎ᠠ ᠶᠢᠨ ᠭᠠᠵᠠᠷ ᠲᠤ ᠬᠡᠷᠡᠭᠯᠡᠵᠦ᠂ ᠠᠷᠠᠳ ᠤᠯᠠᠨ ᠤ ᠰᠡᠳᠬᠢᠯ ᠳᠤ ᠵᠠᠷᠤᠴᠠᠭᠤᠯᠵᠠᠢ᠃
微信图片_20220914112836.jpg     
       ᠯᠠᠨ ᠳᠢᠶᠠᠨ ᠬᠤᠸᠠ ᠶᠤᠸᠠᠨ ᠤ ᠰᠠᠭᠤᠭᠠᠯᠢ ᠠᠷᠠᠳ ᠮᠧᠩ ᠳ᠋ᠧ ᠼᠠᠢ᠄ ︽ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠣᠯ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠪᠣᠯᠤᠨ᠎ᠠ᠂ ᠠᠷᠠᠳ ᠤᠯᠠᠨ ᠤ ᠠᠮᠢᠳᠤᠷᠠᠯ ᠪᠣᠯᠤᠨ ᠶᠠᠪᠤᠵᠤ ᠰᠠᠭᠤᠬᠤ ᠳᠤ ᠮᠠᠰᠢ ᠶᠡᠭᠡ ᠲᠦᠬᠦᠮ ᠦᠵᠡᠭᠦᠯᠵᠡᠢ᠂ ᠤᠯᠠᠨ ᠨᠡᠶᠢᠲᠡ ᠶᠢᠨ ᠣᠷᠴᠢᠨ ᠲᠣᠭᠤᠷᠢᠨ ᠤ ᠲᠥᠬᠦᠭᠡᠷᠦᠮᠵᠢ ᠵᠢᠴᠢ ᠪᠣᠬᠢᠷ ᠤᠰᠤ ᠶᠢ ᠭᠠᠳᠠᠭᠰᠢᠯᠠᠭᠤᠯᠬᠤ ᠵᠡᠷᠭᠡ ᠲᠠᠯ᠎ᠠ ᠪᠠᠷ ᠪᠦᠷ ᠨᠡᠯᠢᠶᠡᠳ ᠰᠠᠶᠢᠨ ᠥᠭᠡᠷᠡᠴᠢᠯᠡᠨ ᠪᠠᠶᠢᠭᠤᠯᠵᠠᠢ᠂ ᠣᠷᠴᠢᠨ ᠲᠣᠭᠤᠷᠢᠨ ᠰᠠᠶᠢᠵᠢᠷᠠᠪᠠᠯ ᠪᠢᠳᠡᠨ ᠤ ᠰᠡᠳᠬᠢᠯᠭᠡ ᠴᠦ ᠠᠶᠠᠨᠳᠠᠭᠠᠨ ᠰᠠᠶᠢᠨ ᠪᠣᠯᠤᠨ᠎ᠠ︾ ᠭᠡᠵᠦ ᠬᠡᠯᠡᠪᠡ᠃      ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠨᠢ ᠬᠤᠳᠠ ᠶᠢᠨ ᠲᠦᠷᠢ ᠲᠥᠷᠬᠦ ᠲᠠᠢ ᠬᠤᠯᠪᠣᠭᠳᠠᠵᠤ᠂ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠲᠠᠢ ᠬᠤᠯᠪᠣᠭᠳᠠᠨ᠎ᠠ᠃ 2022 ᠣᠨ ᠳᠤ ᠂ ᠬᠠᠶᠢᠷᠤᠪ ᠤᠨ ᠲᠤᠬᠤᠢ ᠲᠣᠭᠤᠷᠢᠭ ᠤᠨ ᠶᠡᠷᠦᠩᠬᠡᠢ ᠪᠡᠯᠡ ᠣᠷᠣᠭᠤᠯᠤᠯᠲᠠ 2.3 ᠳ᠋ᠦᠩᠰᠢᠭᠤᠷ ᠲᠥᠭᠦᠷᠢᠭ ᠲᠤ ᠬᠦᠷᠴᠦ᠂ 47 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠵᠤ᠂ 4695 ᠡᠷᠦᠬᠡ ᠳᠤ ᠬᠤᠯᠪᠣᠭᠳᠠᠵᠤ᠂ ᠥᠭᠡᠷᠡᠴᠢᠯᠡᠨ ᠪᠠᠶᠢᠭᠤᠯᠤᠭᠰᠠᠨ ᠲᠠᠯᠠᠪᠠᠢ 49.51 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ᠃ ᠣᠳᠣᠬᠠᠨ ᠳᠤ ᠨᠢᠭᠡᠨᠲᠡ 19 ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠦᠯᠡᠳᠡᠭᠰᠡᠨ 28 ᠵᠢᠵᠢᠭ ᠲᠣᠭᠤᠷᠢᠭ ᠤᠨ 90%᠎ ᠶᠢᠨ ᠪᠠᠷᠢᠯᠭ᠎ᠠ ᠶᠢᠨ ᠠᠵᠢᠯ ᠢ ᠪᠡᠶᠡᠯᠡᠭᠦᠯᠦᠭᠰᠡᠨ ᠪᠠᠶᠢᠨ᠎ᠠ᠃
微信图片_20220914112841.jpg
微信图片_20220914112844.jpg
         ᠳᠠᠷᠠᠭ᠎ᠠ ᠨᠢ᠂ ᠰᠤᠷᠪᠤᠯᠵᠢᠯᠠᠭᠴᠢ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠵᠤ ᠪᠠᠶᠢᠭ᠎ᠠ ᠰᠢᠨᠬᠤᠸᠠ ᠰᠠᠭᠤᠭᠠᠯᠢ ᠠᠷᠠᠳ ᠤᠨ ᠲᠣᠭᠤᠷᠢᠭ ᠲᠤ ᠬᠦᠷᠪᠡ᠃ ᠵᠢᠵᠢᠭ ᠲᠣᠭᠤᠷᠢᠭ ᠤᠨ ᠰᠠᠭᠤᠷᠢ ᠪᠡᠯᠡᠳᠬᠡᠮᠵᠢ ᠬᠠᠭᠤᠴᠢᠷᠠᠵᠤ᠂ ᠪᠠᠲᠤᠯᠠᠭ᠎ᠠ ᠶᠢᠨ ᠴᠢᠨᠠᠷᠲᠠᠶ ᠴᠢᠳᠠᠮᠵᠢ ᠶᠢᠨ ᠪᠡᠯᠡᠳᠬᠡᠮᠵᠢ ᠬᠦᠷᠦᠯᠴᠡᠬᠦ ᠥᠬᠡᠶ ᠠᠴᠠ ᠪᠣᠯᠵᠣ᠂ 2022 ᠣᠨ ᠤ ᠲᠥᠯᠥᠪᠯᠡᠭᠡ ᠲᠠᠢ ᠪᠠᠷ ᠥᠭᠡᠷᠡᠴᠢᠯᠡᠬᠦ ᠲᠥᠷᠥᠯ  ᠵᠤᠶᠢᠯ ᠳᠤ ᠵᠢᠭᠰᠠᠭᠠᠨ  ᠤᠷᠤᠭᠤᠯᠪᠠ᠃ ᠥᠭᠡᠷᠡᠴᠢᠯᠡᠬᠦ ᠠᠭᠤᠯᠭ᠎ᠠ ᠳᠤ ᠢᠯᠴᠢ ᠶᠢᠨ ᠬᠦᠴᠦᠨ ᠢ ᠡᠷᠦᠬᠡ ᠬᠤᠪᠢᠶᠠᠬᠤ᠂ ᠤᠰᠤ ᠬᠠᠩᠭᠠᠬᠤ᠂ ᠤᠰᠤ ᠵᠠᠯᠠᠬᠤ᠂ ᠬᠠᠲᠠᠭᠤᠷᠠᠭᠤᠯᠬᠤ ᠵᠡᠷᠭᠡ ᠰᠠᠭᠤᠷᠢ ᠲᠥᠷᠥᠯ ᠤᠨ ᠲᠥᠷᠥᠯ ᠵᠤᠶᠢᠯ ᠪᠠᠭᠲᠠᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ᠂ ᠨᠣᠭᠤᠭᠠᠷᠠᠭᠤᠯᠬᠤ᠂ ᠣᠯᠠᠨ ᠨᠡᠶᠢᠲᠡ ᠶᠢᠨ ᠬᠡᠰᠡᠭ ᠭᠡᠷᠡᠯᠲᠦᠭᠦᠯᠬᠦ᠂ ᠬᠥᠳᠡᠯᠭᠡᠭᠡᠨ ᠤ ᠲᠠᠰᠤᠭ ᠢ ᠥᠭᠡᠷᠡᠴᠢᠯᠡᠨ ᠪᠠᠶᠢᠭᠤᠯᠬᠤ᠂ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ᠂ ᠤᠶᠤᠨᠲᠤ ᠲᠦᠷᠭᠡᠨ ᠬᠦᠷᠭᠡᠬᠦ  ᠵᠤᠶᠢᠯ ᠤᠨ ᠬᠠᠶᠢᠷᠴᠠᠭ ᠵᠡᠷᠭᠡ ᠪᠦᠷᠢᠨ ᠲᠡᠭᠦᠯᠳᠡᠷ ᠲᠥᠷᠥᠯ ᠵᠤᠶᠢᠯ ᠢ ᠨᠡᠮᠡᠭᠳᠡᠭᠦᠯᠦᠨ᠎ᠡ᠃ ᠣᠳᠣᠬᠠᠨ ᠳᠤ᠂ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢᠨ ᠡᠯ᠎ᠡ ᠲᠥᠷᠥᠯ ᠵᠤᠶᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃
微信图片_20220914112847.jpg
微信图片_20220914112850.jpg
          ᠹᠧᠩ ᠬᠤᠸᠠᠩ ᠯᠢᠩ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠮᠦᠸᠧ ᠰᠢᠶᠠᠩ ᠯᠢ ᠶᠤᠸᠠᠨ ᠨᠡᠶᠢᠭᠡᠮ ᠲᠣᠭᠤᠷᠢᠭ ᠤᠨ ᠼᠢ ᠶᠤᠸᠠᠨ ᠢᠯᠡᠷᠬᠡᠶᠢᠯᠡᠬᠦ ᠳᠡᠭᠡᠨ᠄ ︽ᠰᠢᠨᠬᠤᠸᠠ ᠵᠢᠵᠢᠭ ᠲᠣᠭᠤᠷᠢᠭ ᠤᠨ ᠥᠭᠡᠷᠡᠴᠢᠯᠡᠯᠲᠡ ᠶᠢᠨ ᠡᠬᠢᠨ ᠤ ᠬᠤᠭᠤᠴᠠᠭᠠᠨ ᠳᠤ᠂ ᠰᠠᠭᠤᠭᠠᠯᠢ ᠠᠷᠠᠳ ᠤᠨ ᠰᠠᠨᠠᠯ ᠢ ᠭᠦᠢᠴᠡᠤᠡ ᠬᠤᠷᠢᠶᠠᠵᠤ᠂ ᠵᠦᠶ ᠵᠣᠬᠢᠰᠲᠠᠶ ᠥᠭᠡᠷᠡᠴᠢᠯᠡᠯᠲᠡ ᠶᠢᠨ ᠲᠥᠯᠥᠪᠯᠡᠭᠡ ᠲᠣᠭᠲᠠᠭᠠᠨ᠎ᠠ᠂ ᠲᠣᠰ ᠤᠳᠠᠭᠠᠨ ᠤ ᠰᠢᠨᠬᠤᠸᠠ ᠵᠢᠵᠢᠭ ᠲᠣᠭᠤᠷᠢᠭ ᠤᠨ ᠥᠭᠡᠷᠡᠴᠢᠯᠡᠯᠲᠡ ᠶᠢ ᠵᠢᠯ ᠤᠨ ᠡᠴᠦᠰ ᠲᠤ ᠳᠠᠭᠤᠰᠬᠠᠬᠤ ᠪᠠᠷ ᠵᠢᠱᠢᠵᠦ ᠪᠣᠶ᠂ ᠥᠭᠡᠷᠡᠴᠢᠯᠡᠵᠦ ᠳᠠᠭᠤᠰᠤᠭᠰᠠᠨ ᠤ ᠳᠠᠷᠠᠭ᠎ᠠ ᠵᠢᠵᠢᠭ ᠲᠣᠭᠤᠷᠢᠭ ᠤᠨ ᠣᠷᠴᠢᠨ ᠲᠣᠭᠤᠷᠢᠨ ᠪᠠ ᠰᠠᠭᠤᠭᠠᠯᠢ ᠠᠷᠠᠳ ᠤᠨ ᠠᠮᠢᠳᠤᠷᠠᠯ ᠤᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ︾ ᠭᠡᠵᠡᠶ᠃     ᠡᠨᠡ ᠵᠢᠯ᠂ ᠬᠠᠶᠢᠷᠤᠪ ᠤᠨ ᠲᠤᠬᠤᠢ ᠲᠣᠭᠤᠷᠢᠭ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠰᠦᠯ ᠢ ᠪᠣᠳᠠᠲᠠᠢ ᠨᠠᠷᠢᠯᠢᠭ ᠬᠢᠵᠦ᠂ ᠰᠠᠭᠤᠭᠠᠯᠢ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠷᠠᠳ ᠤᠨ ᠠᠮᠢᠳᠤᠷᠠᠯ ᠤᠨ ᠦᠨᠳᠦᠰᠦᠨ ᠴᠢᠳᠠᠪᠬᠢ ᠶᠢ ᠪᠠᠲᠤᠯᠠᠬᠤ ᠶᠢᠨ ᠬᠠᠮᠲᠤ᠂ ᠰᠠᠭᠤᠭᠠᠯᠢ ᠠᠷᠠᠳ ᠤᠨ ᠬᠦᠰᠡᠯ ᠰᠠᠨᠠᠭ᠎ᠠ ᠶᠢ ᠭᠦᠢᠴᠡᠳ ᠪᠣᠳᠣᠯᠬᠢᠯᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠦᠢᠯᠡᠴᠢᠯᠡᠭᠡᠨ ᠤ ᠰᠢᠨ᠎ᠡ ᠴᠢᠳᠠᠪᠬᠢ ᠶᠢ ᠨᠡᠮᠡᠭᠳᠡᠭᠦᠯᠵᠦ᠂ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠬᠥᠮᠦᠵᠢᠯ᠂ ᠬᠤᠭᠤᠯᠠ ᠤᠮᠳᠠ ᠳᠤ ᠲᠦᠭᠦᠮ ᠦᠵᠡᠭᠦᠯᠬᠦ ᠵᠠᠬ᠎ᠠ ᠳᠡᠯᠭᠡᠭᠦᠷ᠂ ᠰᠢᠦᠳᠠᠨ ᠲᠦᠷᠭᠡᠨ ᠬᠦᠷᠭᠡᠯᠲᠡ ᠶᠢᠨ ᠦᠵᠦᠭᠦᠷ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠦᠷᠲᠡᠭᠡ ᠵᠡᠷᠭᠡ ᠶᠢ ᠳᠡᠭᠡᠭᠰᠢᠯᠡᠭᠦᠯᠬᠦ ᠲᠦᠷᠦᠯ ᠤᠨ ᠥᠭᠡᠷᠡᠴᠢᠯᠡᠯᠲᠡ ᠶᠢᠨ ᠲᠦᠷᠦᠯ ᠵᠦᠢᠯ ᠢ ᠨᠡᠩ ᠢᠯᠡᠭᠦᠦ ᠴᠢᠬᠤᠯᠠᠴᠢᠯᠠᠬᠤ ᠬᠡᠷᠡᠭᠲᠡᠢ᠃ ᠵᠢᠱᠢᠯᠲᠡ ᠪᠠᠷ ᠪᠥᠬᠦ ᠲᠥᠷᠥᠯ ᠵᠤᠶᠢᠯ ᠢ ᠵᠢᠯ ᠤᠨ ᠡᠴᠦᠰ ᠲᠤ ᠳᠠᠭᠤᠰᠬᠠᠵᠤ᠂ ᠬᠡᠳᠦᠨ ᠮᠢᠩᠭᠠᠨ ᠡᠷᠦᠬᠡ ᠰᠠᠭᠤᠭᠠᠯᠢ ᠠᠷᠠᠳ ᠡᠭᠦᠨ ᠠᠴᠠ ᠠᠰᠢᠭ ᠭᠥᠷᠳᠡᠬᠦ ᠪᠣᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号