ᠸᠠᠩ ᠶᠤᠸᠠᠨ ᠳ᠋ᠢ ᠲᠣᠰᠬᠤᠨ ᠬᠥᠳᠡᠭᠡ ᠲᠣᠰᠬᠤᠨ ᠤ ᠵᠤᠭᠠᠴᠠᠯ ᠤᠨ ︽ᠪᠠᠶᠠᠵᠢᠯ ᠤᠨ ᠬᠤᠷᠳᠤᠨ ᠲᠡᠷᠭᠡ︾᠎ ᠳᠤ ᠰᠠᠭᠤᠵᠠᠢ
ᠨᠡᠶᠢᠲᠡᠯᠡᠭᠰᠡᠨ ᠴᠠᠭ᠄
2022/9/15
      ᠸᠠᠩ ᠶᠤᠸᠠᠨ ᠳ᠋ᠢ ᠲᠣᠰᠬᠤᠨ ᠡᠮᠦᠨ᠎ᠡ ᠲᠠᠯ᠎ᠠ ᠪᠠᠷ ᠢᠶᠠᠨ ᠯᠦᠩ ᠶᠢᠦ ᠸᠠᠨ ᠨᠤᠭᠤ ᠭᠠᠵᠠᠷ ᠲᠠᠢ ᠵᠠᠯᠭᠠᠯᠳᠤᠵᠤ᠂ ᠪᠠᠷᠠᠭᠤᠨᠰᠢ ᠪᠠᠨ ᠬᠠᠳᠤᠨ ᠭᠤᠣᠯ ᠲᠠᠢ ᠬᠥᠷᠰᠢᠯᠡᠵᠦ᠂ ᠲᠣᠰᠬᠤᠨ ᠳᠤ ᠬᠠᠨ ᠤᠯᠤᠰ ᠤᠨ ᠦᠶ᠎ᠡ ᠶᠢᠨ ᠪᠠᠭᠤᠷᠢ᠂ ᠡᠷᠲᠡᠨ ᠤ ᠬᠤᠳᠠ ᠶᠢᠨ ᠬᠡᠷᠡᠮ ᠵᠡᠷᠭᠡ ᠲᠡᠦᠬᠡ ᠶᠢᠨ ᠦᠯᠡᠳᠡᠭᠳᠡᠯ ᠲᠠᠢ ᠪᠥᠭᠡᠳ ᠪᠠᠰᠠ ᠰᠣᠶᠣᠯ ᠤᠨ ᠶᠡᠭᠡ ᠬᠦᠷᠢᠶ᠎ᠡ ᠵᠡᠷᠭᠡ ᠲᠥᠬᠦᠭᠡᠷᠦᠮᠵᠢ ᠲᠠᠢ ᠪᠠᠶᠢᠵᠤ᠂ ᠬᠠᠳᠤᠨ ᠭᠤᠣᠯ ᠤᠨ ᠰᠣᠶᠣᠯ᠂ ᠲᠠᠷᠢᠶᠠᠯᠠᠬᠤ ᠰᠣᠶᠣᠯ ᠠᠳᠡ ᠠᠭᠤᠰᠤᠯᠴᠠᠵᠤ ᠂ ᠥᠪᠡᠷᠮᠢᠴᠡ ᠣᠨᠴᠠᠯᠢᠭ ᠲᠠᠢ ᠬᠥᠮᠦᠨ ᠨᠡᠶᠢᠭᠡᠮ ᠤᠨ ᠭᠠᠵᠠᠷ ᠵᠦᠢ ᠶᠢᠨ ᠣᠷᠴᠢᠨ ᠲᠣᠭᠤᠷᠢᠨ ᠨᠢ ᠸᠠᠩ ᠶᠤᠸᠠᠨ ᠳ᠋ᠢ ᠲᠣᠰᠬᠤᠨ ᠤ ᠬᠥᠳᠡᠭᠡ ᠲᠣᠰᠬᠤᠨ ᠤ ᠵᠤᠭᠠᠴᠠᠯ ᠢ ᠬᠥᠭᠵᠢᠭᠦᠯᠬᠦ ᠳᠤ ᠨᠥᠬᠦᠴᠡᠯ ᠪᠦᠷᠢᠯᠳᠦᠭᠦᠯᠵᠦ ᠥᠭᠴᠡᠢ᠃ 2021 ᠣᠨ ᠳᠤ ᠸᠠᠩ ᠶᠤᠸᠠᠨ ᠳ᠋ᠢ ᠲᠣᠰᠬᠤᠨ ᠠᠩᠬᠠᠳᠠᠭᠴᠢ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠳᠤ ᠰᠣᠩᠭᠤᠭᠳᠠᠪᠠ᠃ ︽ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ᠂ ᠪᠢ ᠦᠷᠭᠦᠯᠵᠢ ᠨᠠᠶᠢᠵᠠ ᠲᠠᠢ ᠠᠳᠡ ᠢᠷᠡᠵᠦ ᠨᠠᠭᠠᠳᠳᠠᠭ᠂ ᠦᠳᠡ ᠶᠢᠨ ᠡᠮᠦᠨ᠎ᠡ ᠲᠠᠷᠢᠶᠠᠴᠢᠨ ᠠᠶᠢᠯ ᠤᠨ ᠵᠤᠭᠠᠴᠠᠯ ᠳᠤ ᠰᠢᠷᠠᠯᠭ᠎ᠠ ᠬᠢᠵᠦ᠂ ᠤᠷᠤᠢ ᠯᠦᠩ ᠶᠢᠦ ᠸᠠᠨ ᠳᠤ ᠬᠦᠷᠴᠦ ᠨᠠᠷᠠ ᠰᠢᠩᠭᠡᠬᠦ ᠶᠢ ᠦᠵᠡᠭᠡᠳ᠂ ᠮᠢᠨᠦ ᠬᠦᠰᠡᠨ ᠮᠥᠷᠥᠭᠡᠳᠦᠭᠰᠡᠭᠡᠷ ᠢᠷᠡᠭᠰᠡᠨ ᠠᠮᠢᠳᠤᠷᠠᠯ ᠢᠶᠠᠨ ᠪᠡᠶᠡᠯᠡᠭᠦᠯᠵᠡᠢ︾᠃ ᠭᠡᠵᠦ ᠵᠤᠭᠠᠴᠠᠭᠴᠢ ᠴᠧᠨ ᠴᠠᠩ ᠬᠡᠯᠡᠪᠡ᠃      ︽ᠪᠢᠳᠡ ᠬᠥᠳᠡᠭᠡ ᠲᠣᠰᠬᠤᠨ ᠤ ᠵᠤᠭᠠᠴᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠴᠢᠬᠤᠯᠠ ᠭᠠᠷᠳᠠᠴᠠ ᠪᠣᠯᠭᠠᠵᠤ᠂ ᠲᠠᠷᠢᠶᠠᠯᠠᠩ ᠤᠨ ᠲᠣᠭᠤᠷᠢᠨ ᠦᠵᠡᠬᠦ᠂ ᠰᠡᠯᠡᠭᠦᠴᠡᠬᠦ᠂ ᠠᠮᠠᠷᠠᠯᠲᠠ ᠥᠩᠭᠡᠷᠡᠭᠡᠬᠦ ᠪᠠ ᠪᠡᠶᠡᠴᠢᠯᠡᠨ ᠣᠶᠢᠯᠠᠭᠠᠬᠤ ᠵᠡᠷᠭᠡ ᠴᠢᠳᠠᠮᠵᠢ ᠶᠢ ᠥᠷᠭᠡᠳᠬᠡᠬᠦ ᠪᠠᠷ ᠳᠠᠮᠵᠢᠭᠤᠯᠵᠤ᠂ ︿ᠲᠠᠷᠢᠶᠠᠯᠠᠩ + ᠵᠤᠭᠠᠴᠠᠯ﹀᠎ ᠤᠨ ᠪᠦᠲᠦᠭᠡᠭᠳᠡᠬᠦᠨ ᠤ ᠬᠠᠮᠲᠤᠷᠠᠯ ᠢ ᠨᠡᠭᠡᠭᠡᠨ ᠬᠥᠭᠵᠢᠭᠦᠯᠵᠦ᠂ ᠠᠶᠢᠯ ᠲᠣᠰᠬᠤᠨ ᠤ ᠡᠬᠢ ᠪᠠᠶᠠᠯᠢᠭ ᠢ ᠠᠮᠢᠯᠠᠭᠤᠯᠵᠤ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠢᠳᠡᠭᠡᠨ ᠤᠮᠳᠠᠭᠠᠨ ᠤ ᠦᠢᠯᠡᠴᠢᠯᠡᠭᠡ ᠵᠡᠷᠭᠡ ᠬᠤᠯᠪᠣᠭᠳᠠᠯ ᠪᠦᠬᠦᠢ ᠠᠵᠤ ᠦᠢᠯᠡᠰ ᠤᠨ ᠬᠥᠭᠵᠢᠯᠲᠡ ᠶᠢ ᠲᠠᠶᠢᠴᠢᠯᠠᠵᠦ᠂ ᠲᠠᠷᠢᠶᠠᠯᠠᠩ ᠪᠣᠯᠤᠨ ᠵᠤᠭᠠᠴᠠᠯ ᠤᠨ ᠦᠢᠯᠡᠰ ᠤᠨ ᠵᠣᠬᠢᠴᠠᠩᠭᠤᠢ ᠬᠥᠭᠵᠢᠯᠲᠡ ᠶᠢ ᠪᠡᠶᠡᠯᠡᠭᠦᠯᠵᠦ᠂ ᠨᠡᠩ ᠤᠯᠠᠨ ᠬᠥᠮᠦᠰ ᠢ ᠬᠥᠳᠡᠭᠡ ᠠᠶᠢᠯ ᠤᠨ ᠠᠮᠲᠠᠲᠤ ᠢᠳᠡᠭᠡᠨ ᠢ ᠡᠳ᠋ᠯᠡᠭᠦᠯᠬᠦ᠂ ᠪᠠᠶᠢᠭᠠᠯᠢ ᠶᠢᠨ ᠦᠵᠡᠮᠵᠢ ᠶᠢ ᠰᠣᠨᠢᠷᠬᠠᠭᠤᠯᠬᠤ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠬᠤᠳᠠᠯᠳᠤᠨ ᠠᠪᠬᠤ᠂ ᠨᠤᠲᠤᠭ ᠤᠨ ᠵᠠᠩ ᠳᠠᠳᠬᠠᠯ ᠢ ᠣᠶᠢᠯᠠᠭᠠᠬᠤ ᠪᠣᠯᠭᠠᠨ᠎ᠠ︾ ᠭᠡᠵᠦ  ᠸᠠᠩ ᠶᠤᠸᠠᠨ ᠳ᠋ᠢ ᠲᠣᠰᠬᠤᠨ ᠤ ᠨᠠᠮ ᠤᠨ ᠡᠭᠦᠷ ᠤᠨ ᠱᠦᠵᠢ ᠯᠢᠦ ᠪᠦᠦ ᠲᠢᠩ ᠲᠠᠨᠢᠯᠴᠠᠭᠤᠯᠪᠠ᠃    ︽ᠨᠤᠲᠤᠭ ᠤᠨ ᠳᠠᠭᠤᠤ ᠶᠢ ᠨᠠᠮ ᠳᠠᠭᠠᠨ ᠳᠠᠭᠤᠯᠠᠶ᠎ᠠ᠂ ᠪᠢ ᠨᠠᠮ ᠢ ᠡᠵᠢ ᠲᠠᠢ ᠪᠠᠨ ᠠᠳᠠᠯᠢᠳᠬᠠᠶ᠎ᠠ ᠁︾ ᠸᠠᠩ ᠶᠤᠸᠠᠨ ᠳ᠋ᠢ ᠲᠣᠰᠬᠤᠨ ᠤ ᠰᠣᠶᠣᠯ ᠤᠨ ᠠᠭᠤᠳᠠᠮ ᠲᠠᠯᠠᠪᠠᠢ᠂ ᠰᠣᠶᠣᠯ ᠤᠨ ᠦᠷᠦᠭᠡ ᠳᠤ ᠡᠳᠦᠷ ᠪᠣᠯᠭᠠᠨ ᠡᠶᠢᠮᠦ ᠳᠠᠭᠤᠤ ᠴᠤᠤᠷᠢᠶᠠᠲᠤᠨ᠎ᠠ᠃ ᠣᠶᠢᠷ᠎ᠠ ᠶᠢᠨ ᠬᠡᠳᠦᠨ ᠵᠢᠯ ᠳᠤ᠂ ᠰᠠᠭᠤᠭᠠᠯᠢ ᠠᠷᠠᠳ ᠤᠨ ᠥᠪᠡᠷ ᠢᠶᠠᠨ ᠵᠣᠬᠢᠶᠠᠨ ᠪᠠᠶᠢᠭᠤᠯᠤᠭᠰᠠᠨ ᠲᠠᠯᠠᠪᠠᠶ ᠶᠢᠨ ᠪᠥᠵᠢᠭ ᠤᠨ ᠠᠩᠭᠢ᠂ ᠨᠠᠶᠢᠷᠠᠯ ᠳᠠᠭᠤᠤ ᠶᠢᠨ ᠠᠩᠭᠢ᠂ ᠴᠠᠭᠠᠰᠤᠨ ᠬᠠᠶᠢᠴᠢᠯᠠᠮᠠᠯ ᠤᠨ ᠳᠤᠷ᠎ᠠ ᠰᠣᠨᠢᠷᠬᠠᠯ ᠤᠨ ᠠᠩᠭᠢ ᠵᠡᠷᠭᠡ ᠰᠣᠶᠣᠯ ᠤᠨ ᠡᠩᠨᠡᠭᠡ ᠲᠠᠰᠤᠷᠠᠯᠲᠠ ᠥᠬᠡᠶ ᠴᠣᠯᠭᠤᠷᠠᠨ ᠭᠠᠷᠴᠤ᠂ ᠰᠠᠭᠤᠭᠠᠯᠢ ᠠᠷᠠᠳ ᠤᠨ ᠰᠣᠶᠣᠯ ᠴᠡᠩᠭᠡᠯ ᠤᠨ ᠠᠵᠢᠯᠯᠠᠭ᠎ᠠ ᠤᠯᠠᠮ ᠪᠠᠶᠠᠯᠢᠭᠵᠢᠪᠠ᠃ ᠡᠭᠦᠨ ᠤ ᠵᠡᠷᠭᠡ ᠳᠤ ᠲᠣᠰᠬᠤᠨ ᠤ ᠰᠣᠶᠣᠯ ᠤᠨ ᠬᠦᠷᠢᠶᠡᠨ ᠳᠤ ᠴᠦ ᠦᠶ ᠣᠯᠠᠨ ᠵᠤᠭᠠᠴᠠᠭᠰᠠᠳ ᠤᠨ ᠠᠩᠬᠠᠷᠤᠯ ᠢ ᠲᠠᠲᠠᠵᠤ᠂ ᠵᠠᠭᠤ ᠰᠢᠬᠠᠮ ᠦᠵᠡᠭᠦᠯᠦᠯᠭᠡ ᠶᠢᠨ ᠡᠳ᠋ ᠢ ᠤᠤᠯ ᠶᠠᠩᠵᠤ ᠶᠢᠨ ᠲᠠᠷᠢᠶᠠᠯᠠᠬᠤ ᠣᠷᠣᠨ ᠤ ᠠᠷᠠᠳ ᠤᠨ ᠵᠠᠩ ᠳᠠᠳᠬᠠᠯ ᠢ ᠰᠡᠷᠭᠦᠭᠡᠭᠰᠡᠨ ᠪᠠᠶᠢᠨ᠎ᠠ᠃     ᠬᠠᠲᠤᠨ ᠭᠤᠣᠯ ᠤᠨ ᠬᠥᠪᠡᠭᠡᠨ ᠳᠤ ᠪᠠᠶᠢᠭ᠎ᠠ ᠸᠠᠩ ᠶᠤᠸᠠᠨ ᠳ᠋ᠢ ᠲᠣᠰᠬᠤᠨ ᠤ ᠭᠠᠵᠠᠷ ᠤᠨ ᠪᠠᠶᠢᠴᠠ ᠨᠢ ᠲᠡᠭᠰᠢᠬᠡᠨ᠂ ᠬᠥᠷᠥᠰᠥ ᠰᠢᠷᠣᠶ ᠨᠢ ᠥᠩ ᠰᠢᠮᠡᠯᠢᠭ᠂ ᠪᠤᠭᠤᠳᠠᠶ ᠳᠠᠷᠢᠬᠤ ᠪᠣᠯ ᠲᠣᠰᠬᠤᠨ ᠤ ᠭᠤᠣᠯᠯᠠᠬᠤ ᠠᠵᠤ ᠦᠢᠯᠡᠰ ᠪᠣᠯᠤᠨ᠎ᠠ᠃ 2018 ᠣᠨ ᠳᠤ᠂ ᠲᠣᠰᠬᠤᠨ ᠤ ︽ᠬᠤᠶᠠᠷ ᠵᠥᠪᠯᠡᠯ︾᠎ ᠠᠴᠠ ᠸᠠᠩ ᠶᠤᠸᠠᠨ ᠳ᠋ᠢ ᠲᠣᠰᠬᠤᠨ ᠤ ᠲᠠᠷᠢᠭᠰᠠᠨ ᠪᠤᠭᠤᠳᠠᠢ ᠶᠢ ᠦᠷᠦᠵᠦ ᠭᠠᠷᠭᠠᠭᠰᠠᠨ ᠭᠤᠯᠢᠷ ᠢ ᠰᠢᠯᠭᠠᠨ ᠪᠠᠶᠢᠴᠠᠭᠠᠯᠭᠠᠬᠤ ᠪᠠᠷ ᠬᠦᠷᠭᠡᠭᠰᠡᠨ ᠳᠤ᠂ ᠭᠤᠯᠢᠷ ᠤᠨ ᠰᠢᠪᠲᠦᠷᠲᠦ ᠬᠦᠴᠢᠯ ᠵᠡᠷᠭᠡ ᠰᠢᠮ᠎ᠡ ᠲᠡᠵᠢᠭᠡᠯ ᠤᠨ ᠪᠦᠷᠢᠯᠳᠦᠬᠦᠨ ᠨᠢ ᠴᠥᠮ ᠤᠯᠤᠰ ᠤᠨ ᠳᠣᠲᠣᠭᠠᠳᠤ ᠶᠢᠨ ᠳᠤᠮᠳᠠᠴᠢ ᠲᠦᠪᠰᠢᠨ ᠠᠴᠠ ᠥᠨᠳᠥᠷ ᠪᠠᠶᠢᠬᠤ ᠶᠢ ᠣᠯᠵᠤ ᠮᠡᠳᠡᠪᠡ᠃     ᠸᠠᠩ ᠶᠤᠸᠠᠨ ᠳ᠋ᠢ ᠲᠣᠰᠬᠤᠨ ᠤ ᠨᠠᠮ ᠤᠨ ᠡᠭᠦᠷ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ︽ᠨᠠᠮ ᠤᠨ ᠪᠠᠶᠢᠭᠤᠯᠤᠯᠲᠠ ᠪᠠᠷ ᠬᠥᠭᠵᠢᠯᠲᠡ ᠶᠢ ᠠᠬᠢᠭᠤᠯᠵᠤ᠂ ᠰᠣᠶᠣᠯ ᠤᠨ ᠢᠲᠡᠭᠡᠯ ᠢ ᠪᠠᠳᠠᠷᠠᠭᠤᠯᠬᠤ︾᠎ ᠪᠠᠷ ᠠᠵᠢᠯ ᠤᠨ ᠭᠤᠣᠯ ᠰᠢᠵᠢᠮ ᠪᠣᠯᠭᠠᠵᠤ᠂ ᠵᠤᠭᠠ᠊ ᠴᠠᠯ ᠤᠨ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠷᠠᠳ ᠤᠨ ᠵᠠᠩ ᠦᠢᠯᠡ ᠶᠢᠨ ᠰᠣᠶᠣᠯ ᠤᠨ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠬᠥᠳᠡᠭᠡ ᠲᠣᠰᠬᠤᠨ ᠤ ᠵᠤᠭᠠᠴᠠᠯ ᠤᠨ ᠦᠢᠯᠡᠰ᠂ ᠥᠪᠡᠷᠮᠢᠴᠡ ᠣᠨᠴᠠᠯᠢᠭ ᠲᠠᠢ ᠲᠠᠷᠢᠶᠠᠴᠢᠨ ᠠᠶᠢᠯ ᠤᠨ ᠵᠤᠭᠠᠴᠠᠯ᠂ ᠪᠠᠶᠠᠯᠢᠭ ᠰᠠᠶᠢᠬᠠᠨ ᠠᠷᠠᠳ ᠤᠨ ᠵᠠᠩ ᠦᠢᠯᠡ ᠶᠢᠨ ᠠᠵᠢᠯᠯᠠᠭ᠎ᠠ ᠶᠢ ᠬᠥᠭᠵᠢᠭᠦᠯᠦᠨ ᠪᠤᠵᠠᠭᠠᠶᠢᠷᠠᠭᠤᠯᠵᠤ᠂ ᠲᠦᠷᠦᠯ ᠵᠦᠢᠯ ᠤᠯᠠᠠ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢᠶᠠᠷ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠬᠦᠴᠦ ᠨᠡᠮᠡᠷᠢᠯᠡᠵᠡᠢ᠃        
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号