ᠬᠠᠶᠢᠷᠤᠪ ᠤᠨ ᠲᠤᠬᠤᠢ ᠲᠣᠭᠤᠷᠢᠭ ᠤᠯᠠᠨ ᠵᠦᠢᠯ ᠤᠨ ᠬᠡᠯᠪᠡᠷᠢ ᠪᠠᠷ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2022/9/15
      ᠪᠦᠬᠦ ᠤᠯᠤᠰ ᠤᠨ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠢ 8 ᠰᠠᠷ᠎ᠠ ᠶᠢᠨ 29᠎ ᠤ ᠡᠳᠦᠷ ᠡᠬᠢᠯᠡᠭᠦᠯᠦᠭᠰᠡᠨ ᠤ ᠲᠠᠷᠠᠭ᠎ᠠ᠂ ᠬᠠᠶᠢᠷᠤᠪ ᠤᠨ ᠲᠤᠬᠤᠢ  ᠲᠣᠭᠤᠷᠢᠭ ︽ᠢᠳᠡᠭᠡᠨ ᠤ ᠠᠮᠤᠷ ᠲᠦᠪᠰᠢᠨ ᠤ ᠰᠢᠨ᠎ᠡ ᠬᠥᠭᠵᠢᠯᠲᠡ ᠶᠢ ᠬᠠᠮᠲᠤᠪᠠᠷ ᠴᠣᠭᠴᠠᠯᠠᠵᠤ᠂ ᠰᠠᠶᠢᠨ ᠰᠠᠶᠢᠬᠠᠨ ᠰᠢᠨ᠎ᠡ ᠠᠮᠢᠳᠤᠷᠠᠯ ᠢ ᠬᠠᠮᠲᠤᠪᠠᠷ ᠡᠳ᠋ᠯᠡᠶ᠎ᠡ︾ ᠭᠡᠬᠦ ᠤᠬᠠᠭᠤᠯᠭ᠎ᠠ ᠶᠢᠨ ᠭᠠᠷᠠᠭ ᠤᠨ ᠭᠤᠣᠯ ᠰᠡᠳᠦᠪ ᠤᠨ ᠲᠣᠭᠤᠷᠢᠨ ᠳᠤ᠂ ᠤᠯᠠᠨ ᠬᠡᠯᠪᠡᠷᠢ ᠶᠢᠨ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠢ ᠨᠡᠶᠢᠭᠡᠮ ᠨᠡᠶᠢᠲᠡ ᠪᠠᠷ ᠢᠶᠠᠨ ᠬᠠᠮᠲᠤᠪᠠᠷ ᠵᠠᠰᠠᠬᠤ ᠭᠦᠨ ᠵᠤᠵᠠᠭᠠᠨ  ᠠᠭᠤᠷ ᠠᠮᠢᠰᠬᠤᠯ ᠢ ᠪᠤᠢ ᠪᠤᠯᠭᠠᠪᠠ᠃      ᠠᠷᠠᠳ ᠢᠷᠭᠡᠳ ᠪᠣᠯᠪᠠᠰᠤ ᠠᠮᠤ ᠪᠤᠳᠠᠭ᠎ᠠ ᠪᠠᠷ ᠠᠮᠢ ᠭᠤᠣᠯ ᠢᠶᠠᠨ ᠪᠣᠯᠭᠠᠮᠤᠶ᠂ ᠠᠮᠤ ᠪᠤᠳᠠᠭ᠎ᠠ ᠪᠣᠯᠪᠠᠰᠤ ᠠᠮᠤᠷ ᠲᠦᠪᠰᠢᠨ ᠢ ᠲᠡᠷᠢᠭᠦᠨ ᠳᠤ ᠲᠠᠯᠪᠢᠮᠤᠶ᠃ ᠢᠳᠡᠭᠡᠨ ᠤ ᠠᠮᠤᠷ ᠲᠦᠪᠰᠢᠨ ᠤ ᠬᠠᠮᠢᠶ᠎ᠠ ᠪᠥᠬᠦᠶ ᠮᠡᠳᠡᠯᠭᠡ ᠶᠢ ᠲᠦᠭᠡᠮᠡᠯᠵᠢᠭᠦᠯᠵᠦ᠂ ᠬᠥᠮᠦᠨ ᠪᠣᠯᠭᠠᠨ ᠢᠳᠡᠭᠡᠨ ᠤ ᠠᠮᠤᠷ ᠲᠦᠪᠰᠢᠨ ᠢ ᠠᠩᠬᠠᠷᠴᠤ᠂ ᠬᠥᠮᠦᠨ ᠪᠣᠯᠭᠠᠨ ᠢᠳᠡᠭᠡᠨ ᠤ ᠠᠮᠤᠷ ᠲᠦᠪᠰᠢᠨ ᠳᠤ ᠣᠷᠣᠯᠴᠠᠵᠤ᠂ ᠬᠥᠮᠦᠨ ᠪᠣᠯᠭᠠᠨ ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠬᠤ ᠠᠵᠢᠯ ᠤᠨ ᠣᠷᠴᠢᠨ ᠲᠣᠭᠤᠷᠢᠨ ᠪᠠ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 9 ᠰᠠᠷ᠎ᠠ ᠶᠢᠨ 6᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠬᠠᠶ ᠪᠸᠢ ᠵᠡᠭᠡᠯᠢ ᠭᠤᠳᠤᠮᠵᠢ ᠶᠢᠨ ᠳ᠋ᠦᠩ ᠱᠠᠨ ᠪᠸᠢ ᠨᠡᠶᠢᠭᠡᠮ ᠲᠣᠭᠤᠷᠢᠭ ᠲᠤ ︽ᠢᠳᠡᠭᠡᠨ ᠤ ᠠᠮᠤᠷ ᠲᠦᠪᠰᠢᠨ ᠤ ᠰᠢᠨ᠎ᠡ ᠬᠥᠭᠵᠢᠯᠲᠡ ᠶᠢ ᠬᠠᠮᠲᠤ ᠪᠠᠷ ᠡᠭᠦᠳᠴᠦ᠂ ᠰᠠᠶᠢᠨ ᠰᠠᠶᠢᠬᠠᠨ ᠰᠢᠨ᠎ᠡ ᠠᠮᠢᠳᠤᠷᠠᠯ ᠢ ᠬᠠᠮᠲᠤ ᠪᠠᠷ ᠡᠳ᠋ᠯᠡᠬᠦ︾ ᠢᠳᠡᠭᠡᠨ ᠤ ᠠᠮᠤᠷ ᠲᠦᠪᠰᠢᠨ ᠤ ᠭᠤᠤᠯ ᠰᠡᠳᠦᠪᠲᠦ ᠤᠬᠠᠭᠤᠯᠭ᠎ᠠ ᠶᠢᠨ ᠰᠠᠶᠢᠨ ᠳᠤᠷ᠎ᠠ ᠶᠢᠨ  ᠤᠶᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠠᠵᠢᠯᠯᠠᠭᠴᠢ ᠣᠯᠠᠨ ᠲᠦᠮᠡᠨ ᠳᠤ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠢᠳᠡᠭᠡᠨ ᠤ ᠠᠮᠤᠷ ᠲᠦᠪᠰᠢᠨ ᠤ ᠮᠡᠳᠡᠯᠭᠡ ᠵᠢᠴᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠵᠤ᠂ ᠣᠯᠠᠨ ᠲᠦᠮᠡᠨ ᠳᠤ ᠬᠡᠷ ᠪᠦᠯᠢ ᠶᠢᠨ ᠢᠳᠡᠭᠡᠨ ᠳᠤ ᠬᠤᠤᠷᠳᠠᠭᠳᠠᠬᠤ ᠶᠢ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠵᠢᠴᠢ ᠰᠢᠮ᠎ᠡ ᠲᠡᠵᠢᠭᠡᠯ ᠤᠨ ᠤᠬᠠᠭᠠᠨ ᠤ ᠡᠭᠦᠳᠡᠨ ᠠᠴᠠ ᠠᠶᠤᠯᠭᠦᠶ ᠢᠳᠡᠭᠡᠨ ᠢ ᠬᠡᠷᠬᠢᠨ ᠰᠣᠩᠭᠤᠬᠤ ᠵᠡᠷᠭᠡ ᠪᠠᠭ᠎ᠠ ᠮᠡᠳᠡᠯᠭᠡ ᠶᠢ ᠨᠠᠷᠢᠨ ᠲᠠᠨᠢᠯᠴᠠᠭᠤᠯᠵᠤ᠂ ᠣᠯᠠᠨ ᠲᠦᠮᠡᠨ ᠤ ᠢᠳᠡᠭᠡᠨ ᠤ ᠠᠮᠤᠷ ᠲᠦᠪᠰᠢᠨ ᠤ ᠲᠤᠬᠠᠶ ᠲᠠᠨᠢᠯᠲᠠ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠡᠭᠦᠨ ᠤ ᠵᠡᠷᠭᠡ ᠳᠤ᠂ ᠤᠬᠠᠭᠤᠯᠭ᠎ᠠ ᠶᠢᠨ ᠠᠵᠢᠯᠯᠠᠭ᠎ᠠ ᠳᠤ ᠪᠠᠰᠠ ᠥᠷᠢᠰᠥᠯᠳᠦᠨ ᠲᠠᠭᠠᠮᠠᠭᠯᠠᠬᠤ ᠭᠤᠭᠴᠤᠭ᠎ᠠ ᠭᠠᠷᠭᠠᠵᠤ᠂ ᠥᠷᠢᠰᠥᠯᠳᠦᠨ ᠲᠠᠭᠠᠮᠠᠭᠯᠠᠬᠤ ᠳᠤ ᠣᠷᠣᠯᠴᠠᠭᠰᠠᠨ ᠣᠯᠠᠨ ᠲᠦᠮᠡᠨ ᠳᠤ ᠠᠯᠴᠢᠭᠤᠷ ᠵᠡᠷᠭᠡ ᠱᠠᠩᠨᠠᠯ ᠬᠦᠷᠭᠡᠵᠦ᠂ ᠣᠯᠠᠨ ᠲᠦᠮᠡᠨ ᠤ ᠣᠷᠣᠯᠴᠠᠬᠤ ᠤᠷᠮ᠎ᠠ ᠵᠣᠷᠢᠭ ᠢ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃      9 ᠰᠠᠷ᠎ᠠ ᠶᠢᠨ 8᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠰᠢᠨ ᠬᠤᠸᠠ ᠰᠢ ᠵᠡᠭᠡᠯᠢ ᠭᠤᠳᠤᠮᠵᠢ ᠶᠢᠨ ᠱᠧᠩ ᠱᠢ ᠨᠡᠶᠢᠭᠡᠮ ᠲᠣᠭᠤᠷᠢᠭ ᠲᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠨᠢ ᠤᠬᠠᠭᠤᠯᠭ᠎ᠠ ᠶᠢᠨ ᠸᠢᠳᠢᠣ᠋ ᠶᠢ ᠨᠡᠪᠲᠡᠷᠡᠭᠦᠯᠬᠦ ᠬᠡᠯᠪᠡᠷᠢ ᠪᠠᠷ ᠶᠠᠪᠤᠭᠳᠠᠵᠤ᠂ ᠱᠧᠩ ᠱᠢ ᠨᠡᠶᠢᠭᠡᠮ ᠲᠣᠭᠤᠷᠢᠭ ᠤᠨ ᠬᠢᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠳᠡᠭᠡ ᠳᠤ ᠠᠵᠢᠯᠲᠠᠳ ᠢᠶᠠᠨ ᠵᠣᠬᠢᠶᠠᠨ ᠪᠠᠶᠢᠭᠤᠯᠵᠤ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠸᠢᠳᠢᠣ᠋ ᠶᠢ ᠦᠵᠡᠭᠦᠯᠵᠦ᠂ ᠤᠯᠠᠨ ᠳᠤ ᠢᠳᠡᠭᠡᠨ ᠤ ᠠᠮᠤᠷ ᠲᠦᠪᠰᠢᠨ ᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠢᠳᠡᠭᠡᠨ ᠤ ᠠᠮᠤᠷ ᠲᠦᠪᠰᠢᠨ ᠤ ᠪᠠᠭ᠎ᠠ ᠮᠡᠳᠡᠯᠭᠡ᠂ ᠡᠳᠦᠷ ᠳᠤᠳᠤᠮ ᠤᠨ ᠢᠳᠡᠭᠡᠨ ᠤᠮᠳᠠᠭᠠᠨ ᠤ ᠠᠩᠬᠠᠷᠬᠤ ᠵᠦᠢᠯᠡᠰ ᠵᠡᠷᠭᠡ ᠮᠡᠳᠡᠯᠭᠡ ᠶᠢᠨ ᠶᠡᠷᠦ ᠶᠢᠨ ᠮᠡᠳᠡᠯᠭᠡ ᠶᠢ ᠣᠶᠢᠯᠠᠭᠠᠭᠤᠯᠵᠤ᠂ ᠤᠯᠠᠨ ᠢ ᠬᠦᠳᠦᠯᠥᠨ ᠳᠠᠭᠠᠭᠤᠯᠵᠤ ᠢᠳᠡᠭᠡᠨ ᠤ ᠠᠮᠤᠷ ᠲᠦᠪᠰᠢᠨ ᠤ ᠰᠠᠶᠢᠨ ᠰᠠᠶᠢᠬᠠᠨ ᠳᠠᠳᠬᠠᠯ ᠲᠠᠢ ᠪᠤᠯᠭᠠᠨ᠎ᠠ᠃    9 ᠰᠠᠷ᠎ᠠ ᠶᠢᠨ 9᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠤᠨ ᠠᠵᠢᠯᠲᠠᠳ ᠶᠢᠨ ᠢᠦᠢ ᠵᠠᠬ᠎ᠠ ᠳᠡᠯᠭᠡᠭᠦᠷ ᠲᠤ ᠬᠦᠷᠴᠦ ᠢᠳᠡᠭᠡᠨ ᠤ ᠠᠮᠤᠷ ᠲᠦᠪᠰᠢᠨ ᠤ ᠲᠤᠬᠠᠶ ᠶᠢᠨ ᠲᠠᠯᠠᠪᠤᠷ ᠲᠤ᠂ ᠠᠵᠢᠯᠲᠠᠳ ᠭᠤᠸᠠ ᠵᠢᠮᠢᠰ ᠢᠳᠡᠰᠢᠨ ᠨᠣᠭᠤᠭ᠎ᠠ᠂ ᠲᠠᠬᠢᠶᠠᠨ ᠥᠨᠳᠡᠭᠡ ᠵᠡᠷᠭᠡ ᠶᠢ ᠬᠤᠳᠠᠯᠳᠤᠨ ᠠᠪᠬᠤ ᠡᠳᠦᠷ ᠲᠤᠲᠤᠮ ᠤᠨ ᠠᠮᠢᠳᠤᠷᠠᠯ ᠤᠨ ᠪᠠᠶᠢᠳᠠᠯ ᠲᠠᠢ ᠤᠶᠠᠯᠳᠤᠭᠤᠯᠤᠨ᠂ ᠡᠷᠡᠭᠦᠯ ᠮᠡᠨᠳᠦ᠂ ᠠᠶᠤᠯᠭᠦᠶ ᠢᠳᠡᠭᠡᠨ ᠢ ᠢᠯᠭᠠᠨ ᠲᠠᠨᠢᠬᠤ ︽ᠠᠷᠭ᠎ᠠ ᠳᠡᠮ︾᠎ ᠢ ᠲᠠᠶᠢᠯᠪᠤᠷᠢᠯᠠᠬᠤ ᠶᠢᠨ ᠬᠠᠮᠲᠤ ᠨᠠᠷᠢᠨ ᠨᠢᠮᠪᠠᠶ ᠵᠣᠬᠢᠶᠠᠭᠰᠠᠨ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠠᠶ᠃ ︽ᠠᠵᠢᠯᠲᠠᠳ ᠮᠠᠨ ᠤ ᠳᠡᠯᠭᠡᠭᠦᠷ ᠲᠤ ᠢᠷᠡᠵᠦ ᠢᠳᠡᠭᠡᠨ ᠤ ᠠᠮᠤᠷ ᠲᠦᠪᠰᠢᠨ ᠤ ᠴᠢᠬᠤᠯᠠ ᠴᠢᠨᠠᠷ ᠢ ᠬᠦᠯᠢᠴᠡᠩᠭᠦᠶ ᠪᠠᠷ ᠲᠠᠶᠢᠯᠪᠤᠷᠢᠯᠠᠨ ᠶᠠᠷᠢᠵᠤ᠂ ᠢᠳᠡᠭᠡᠨ ᠤ ᠠᠮᠤᠷ ᠲᠦᠪᠰᠢᠨ ᠤ ᠳᠠᠯᠳᠠ ᠭᠡᠮ ᠢ ᠰᠡᠷᠭᠡᠶᠢᠯᠡᠬᠦ ᠬᠡᠷᠡᠭᠲᠡᠶ ᠭᠡᠵᠦ ᠪᠢᠳᠡᠨ ᠳᠤ ᠰᠡᠷᠡᠮᠵᠢᠯᠡᠭᠦᠯᠵᠡᠶ᠂ ᠡᠨᠡ ᠨᠢ ᠪᠢᠳᠡᠨ ᠳᠤ ᠮᠠᠰᠢ ᠶᠡᠭᠡ ᠬᠠᠪᠰᠤᠷᠤᠯᠭ᠎ᠠ ᠪᠣᠯᠬᠤ ᠶᠤᠮ︾᠃ ᠭᠡᠵᠦ ᠬᠤᠳᠠᠯᠳᠤᠭᠠᠴᠢᠨ ᠸᠠᠩ ᠬᠤᠩ ᠾᠧ ᠬᠡᠯᠡᠪᠡ᠃ ︽ᠣᠶᠢᠷ᠎ᠠ ᠶᠢᠨ ᠵᠢᠯ ᠤᠳ ᠲᠤ᠂  ᠬᠠᠶᠢᠷᠤᠪ ᠤᠨ ᠲᠤᠬᠤᠢ ᠲᠤᠭᠤᠷᠢᠭ ᠤᠨ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠠᠯᠪᠠᠨ ᠭᠡᠷ ᠢᠳᠡᠭᠡᠨ ᠤ ᠵᠦᠢᠯ ᠤᠨ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠤᠯᠠᠨ ᠵᠦᠢᠯ ᠤᠨ ᠬᠡᠯᠪᠡᠷᠢ᠂ ᠤᠯᠠᠨ ᠬᠠᠷᠠᠭᠠᠰᠤ᠂ ᠤᠯᠠᠨ ᠠᠷᠭ᠎ᠠ ᠵᠠᠮ ᠢᠶᠠᠷ ᠨᠡᠶᠢᠭᠡᠮ ᠨᠡᠶᠢᠲᠡ ᠳᠤ ᠣᠶᠢᠷᠠᠳᠴᠤ᠂ ᠠᠶᠤᠯ ᠲᠦᠭᠰᠢᠭᠦᠷᠢ ᠶᠢᠨ ᠰᠣᠯᠢᠯᠴᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠶᠢ ᠬᠠᠨᠳᠤᠯᠭᠠᠲᠤ ᠴᠢᠨᠠᠷ ᠲᠠᠢ ᠪᠠᠷ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠵᠦ᠂ ᠤᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠡᠷᠬᠡ ᠪᠠᠨ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠪᠦᠬᠦ  ᠲᠤᠭᠤᠷᠢᠭ ᠳᠠᠶᠠᠭᠠᠷ ᠢᠶᠠᠨ ᠢᠳᠡᠭᠡᠨ ᠤ ᠠᠮᠤᠷ ᠲᠦᠪᠰᠢᠨ ᠢ ᠠᠩᠬᠠᠷᠬᠤ᠂ ᠳᠡᠮᠵᠢᠬᠦ᠂ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠠᠯᠬᠤᠮ ᠠᠯᠬᠤᠮ ᠢᠶᠠᠷ ᠪᠤᠢ ᠪᠣᠯᠭᠠᠪᠠ᠃︾ ᠭᠡᠵᠦ ᠬᠠᠶᠢᠷᠤᠪ ᠤᠨ ᠲᠤᠬᠤᠢ ᠲᠤᠭᠤᠷᠢᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠯᠪᠠᠨ ᠭᠡᠷ ᠤᠨ ᠠᠵᠢᠯᠲᠠᠨ ᠯᠢ ᠯᠧ ᠬᠡᠯᠡᠪᠡ᠃     ᠣᠶᠢᠯᠠᠭᠠᠭᠰᠠᠨ ᠢᠶᠠᠷ᠂ ᠡᠨᠡ ᠵᠢᠯ ᠤᠨ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠬᠠᠶᠢᠷᠤᠪ ᠤᠨ  ᠲᠤᠬᠤᠢ ᠲᠣᠭᠤᠷᠢᠭ ᠨᠢ ︽ᠠᠮᠢᠳᠤᠷᠠᠯ ᠳᠤ ᠣᠶᠢᠷᠠᠳᠴᠤ᠂ ᠤᠯᠠᠨ ᠲᠦᠮᠡᠨ ᠳᠤ ᠣᠶᠢᠷᠠᠳᠴᠤ᠂ ᠪᠣᠳᠠᠲᠠᠢ ᠳᠤ ᠣᠶᠢᠷᠠᠳᠴᠤ᠂ ᠠᠵᠢᠯᠯᠠᠭ᠎ᠠ ᠶᠢ ᠬᠥᠳᠡᠭᠡ ᠲᠣᠰᠬᠤᠨ ᠳᠤ ᠬᠦᠷᠭᠡᠬᠦ᠂ ᠨᠡᠶᠢᠭᠡᠮ ᠲᠣᠭᠤᠷᠢᠭ ᠲᠤ ᠬᠦᠷᠭᠡᠬᠦ᠂ ᠠᠵᠤ ᠠᠬᠤᠶᠢᠯᠠᠯ ᠳᠤ ᠬᠦᠷᠭᠡᠬᠦ᠂ ᠰᠤᠷᠭᠠᠭᠤᠯᠢ ᠶᠢᠨ ᠬᠦᠷᠢᠶᠡᠨ ᠳᠤ ᠬᠦᠷᠭᠡᠬᠦ᠂ ᠵᠠᠬ᠎ᠠ ᠳᠡᠯᠭᠡᠭᠦᠷ ᠲᠤ ᠣᠷᠣᠭᠤᠯᠬᠤ︾᠎ ᠪᠠᠷ ᠬᠠᠷᠠᠯᠲᠠ ᠪᠣᠯᠭᠠᠨ᠎ᠠ᠃ ᠨᠠᠷᠢᠨ ᠨᠢᠭᠲᠠ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠡᠯ᠎ᠡ ᠵᠦᠢᠯ ᠤᠨ ᠤᠬᠠᠭᠤᠯᠭ᠎ᠠ ᠶᠢᠨ ᠠᠷᠭ᠎ᠠ ᠪᠠᠷᠢᠯ ᠢᠶᠠᠷ ᠤᠬᠠᠭᠤᠯᠭ᠎ᠠ ᠶᠢᠨ ᠯᠠᠪᠯᠠᠯᠭ᠎ᠠ ᠥᠭᠬᠦ᠂ ᠢᠳᠡᠭᠡᠨ ᠤ ᠠᠶᠤᠯ ᠥᠭᠡᠢ ᠶᠢ ᠨᠡᠶᠢᠭᠡᠮ ᠲᠣᠭᠤᠷᠢᠭ ᠲᠤ ᠣᠷᠣᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠤᠬᠠᠭᠤᠯᠭ᠎ᠠ ᠶᠢᠨ ᠳᠡᠯᠭᠡᠨ ᠦᠵᠡᠭᠦᠯᠬᠦ ᠰᠠᠮᠪᠠᠷ᠎ᠠ ᠭᠠᠷᠭᠠᠬᠤ᠂ ᠲᠤᠬᠠᠶ ᠶᠢᠨ ᠲᠠᠯᠠᠪᠠᠢ ᠶᠢᠨ ᠯᠠᠪᠯᠠᠯᠭ᠎ᠠ ᠥᠭᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠪᠣᠳᠠᠲᠤ ᠶᠠᠭᠤᠮ᠎ᠠ ᠶᠢ ᠠᠳᠠᠯᠢᠳᠬᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠪᠥᠬᠦ ᠲᠠᠯ᠎ᠠ ᠪᠠᠷ᠂  ᠤᠯᠠᠨ ᠬᠠᠷᠠᠭᠠᠰᠤ ᠠᠴᠠ ᠤᠬᠠᠭᠤᠯᠵᠤ᠂ ᠥᠷᠭᠡᠨ ᠤᠯᠠᠨ ᠲᠦᠮᠡᠨ ᠤ ᠠᠩᠬᠠᠷᠤᠯ ᠢ ᠲᠠᠲᠠᠵᠤ᠂ ᠤᠬᠠᠭᠤᠯᠬᠤ ᠬᠡᠪᠴᠢᠶ᠎ᠡ ᠪᠠᠨ ᠬᠠᠮᠤᠭ ᠤᠨ ᠶᠡᠭᠡ ᠬᠡᠮᠵᠢᠶ᠎ᠡ ᠪᠠᠷ ᠥᠷᠭᠡᠳᠬᠡᠨ᠂ ᠢᠳᠡᠭᠡᠨ ᠤ ᠠᠶᠤᠯ ᠥᠭᠡᠢ ᠶᠢ ᠬᠥᠮᠦᠨ ᠪᠥᠬᠦᠨ ᠠᠩᠬᠠᠷᠬᠤ᠂ ᠴᠢᠬᠤᠯᠠᠴᠢᠯᠠᠬᠤ ᠨᠡᠶᠢᠭᠡᠮ ᠤᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠬᠤ ᠬᠡᠷᠡᠭᠲᠡᠶ᠃        
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号