︽ᠲᠠᠪᠤᠨ ᠥᠩᠭᠡᠲᠦ ᠯᠢᠨ ᠶᠢᠨ︾ ᠬᠠᠢ ᠰᠢᠨ ᠨᠡᠶᠢᠭᠡᠮ ᠲᠣᠭᠤᠷᠢᠭ ︽ᠬᠥᠮᠦᠨ ᠪᠦᠷᠢ ᠨᠡᠶᠢᠲᠡᠯᠢᠭ ᠬᠡᠯᠡ ᠪᠠᠷ ᠶᠠᠷᠢᠵᠤ᠂ ᠰᠦᠯᠵᠢᠶᠡᠨ ᠤ ᠠᠮᠤᠷ ᠲᠦᠪᠰᠢᠨ ᠢ ᠤᠯᠠᠨ ᠳᠤ ᠲᠦᠰᠢᠭᠯᠡᠬᠦ︾ ᠤᠬᠠᠭᠤᠯᠭ᠎ᠠ ᠳᠡᠯᠭᠡᠷᠡᠭᠦᠯᠦᠯᠲᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/16
      9 ᠰᠠᠷ᠎ᠠ ᠶᠢᠨ 12᠎ ᠤᠨ ᠡᠳᠦᠷ ᠠᠴᠠ 18᠎ ᠤ ᠡᠳᠦᠷ ᠪᠣᠯᠲᠠᠯ᠎ᠠ 25 ᠳ᠋ᠤᠭᠠᠷ ᠬᠤᠭᠤᠴᠠᠭᠠᠨ ᠤ ᠪᠥᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠪᠣᠯᠤᠨ᠎ᠠ᠃ ᠤᠯᠤᠰ ᠤᠨ ᠦᠭᠡ ᠬᠡᠯᠡᠨ ᠤ ᠴᠢᠭᠯᠡᠯᠲᠡ ᠶᠢ ᠤᠬᠠᠭᠤᠯᠤᠨ ᠲᠤᠤᠱᠯᠠᠭᠤᠯᠵᠤ᠂ ᠰᠠᠭᠤᠭᠠᠯᠢ ᠠᠷᠠᠳ ᠤᠨ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠠ ᠰᠠᠭᠤᠭᠠᠯᠢ ᠠᠷᠠᠳ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠬᠦ ᠶᠢᠨ ᠲᠥᠯᠥᠭᠡ᠂ ᠤᠢᠢᠷ᠎ᠠ ᠳᠤ᠂ ᠯᠢᠨ ᠶᠢᠨ ᠵᠡᠭᠡᠯᠢ ᠭᠤᠳᠤᠮᠵᠢ ᠶᠢᠨ ᠬᠠᠢ ᠰᠢᠨ ᠨᠡᠶᠢᠭᠡᠮ ᠲᠣᠭᠤᠷᠢᠭ ᠮᠦᠸᠧ ᠢᠦᠢ ᠠᠭᠤᠳᠠᠮ ᠲᠠᠯᠠᠪᠠᠢ ᠳᠤ ︽ᠬᠥᠮᠦᠨ ᠪᠦᠷᠢ ᠨᠡᠶᠢᠲᠡᠯᠢᠭ ᠬᠡᠯᠡ ᠪᠠᠷ ᠶᠠᠷᠢᠵᠤ᠂ ᠰᠦᠯᠵᠢᠶᠡᠨ ᠤ ᠠᠮᠤᠷ ᠲᠦᠪᠰᠢᠨ ᠢ ᠤᠯᠠᠨ ᠳᠤ ᠲᠦᠰᠢᠭᠯᠡᠬᠦ︾ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠥᠷᠨᠢᠭᠦᠯᠵᠡᠢ᠃       ᠠᠵᠢᠯᠯᠠᠭ᠎ᠠ ᠶᠢᠨ ᠳᠤᠮᠳᠠ᠂ ᠬᠠᠶ ᠰᠢᠨ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠨᠡᠶᠢᠭᠡᠮᠯᠢᠭ ᠨᠢ ᠤᠬᠠᠭᠤᠯᠤᠨ ᠲᠠᠶᠢᠯᠪᠤᠷᠢᠯᠠᠬᠤ᠂ ᠴᠠᠷᠭᠢᠯ ᠬᠤᠯᠪᠣᠭ᠎ᠠ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠤᠳᠬ᠎ᠠ ᠤᠷᠠᠯᠢᠭ ᠤᠨ ᠬᠡᠯᠪᠡᠷᠢ ᠪᠠᠷ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠲᠡᠯᠢᠭ ᠬᠡᠯᠡᠨ ᠤ ᠵᠥᠪ ᠠᠪᠢᠶᠠᠯᠠᠬᠤ ᠠᠷᠭ᠎ᠠ ᠮᠠᠶ᠋ᠢᠭ ᠢ ᠬᠡᠷᠡᠭᠯᠡᠭᠦᠯᠵᠦ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠡᠶ᠃ ᠤᠯᠡᠠ ᠢᠶᠠᠷ ᠢᠶᠠᠨ ᠤᠷᠳᠦ ᠬᠤᠭᠤᠴᠠᠭᠠᠨ ᠤ ᠲᠤᠷᠰᠢ ᠲᠤᠰ ᠭᠠᠵᠠᠷ ᠣᠷᠣᠨ ᠤ ᠪᠠᠨ ᠦᠭᠡ ᠬᠡᠯᠡ ᠪᠠᠷ ᠰᠣᠯᠢᠯᠴᠠᠭ᠎ᠠ ᠬᠢᠬᠦ ᠳᠤ ᠵᠠᠩᠰᠢᠭᠰᠠᠨ ᠪᠣᠯᠬᠤᠷ ᠰᠤᠷᠤᠯᠴᠠᠬᠤ ᠶᠠᠪᠤᠴᠠ ᠳᠤ ᠪᠠᠭ᠋ᠠᠨ ᠬᠦᠴᠢᠷᠳᠡᠬᠦ ᠨᠢ ᠵᠠᠶᠢᠯᠠᠰᠢ ᠤᠢᠭᠡᠢ ᠶᠤᠮ᠂ ᠤᠳᠠᠭ᠎ᠠ ᠲᠡᠷᠠᠭ᠎ᠠ ᠪᠠᠷ ᠵᠠᠯᠠᠷᠠᠭᠤᠯᠤᠭᠰᠠᠨ ᠤ ᠲᠡᠷᠠᠭ᠎ᠠ ᠰᠤᠷᠦᠯᠴᠡᠯᠭ᠎ᠠ ᠶᠢᠨ ᠦᠷ᠎ᠡ ᠪᠦᠲᠦᠮᠵᠢ ᠢᠯᠡᠳᠲᠡ ᠪᠤᠯᠵᠦ᠂ ᠤᠯᠡᠠ ᠤ ᠨᠡᠶᠢᠲᠡᠯᠢᠭ ᠬᠡᠯᠡ ᠢᠯᠡᠳᠲᠡ ᠳᠡᠭᠡᠭᠰᠢᠯᠡᠭᠰᠡᠨ ᠪᠠᠶᠢᠨ᠎ᠠ᠃     ᠳᠠᠷᠠᠭᠠᠴᠢ ᠶᠢᠨ ᠠᠯᠬᠤᠮ ᠳᠤ ᠬᠠᠶ ᠰᠢᠨ ᠨᠡᠶᠢᠭᠡᠮ ᠲᠣᠭᠤᠷᠢᠭ ᠤᠨ ᠬᠢᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠰᠠᠭᠤᠭᠠᠯᠢ ᠠᠷᠠᠳ ᠤᠨ ᠳᠤᠮᠳᠠ ᠦᠷᠭᠦᠯᠵᠢᠯᠡᠨ ᠳᠡᠯᠭᠡᠷᠡᠭᠦᠯᠵᠦ᠂ ᠳᠦᠷᠢᠮᠵᠢᠭᠰᠡᠨ ᠦᠭᠡ ᠬᠡᠯᠡ ᠦᠰᠦᠭ ᠪᠢᠴᠢᠭ ᠢ ᠭᠡᠷ ᠪᠦᠯᠢ ᠨᠢᠭᠡᠪᠦᠷᠢ ᠳᠤ ᠬᠦᠷᠭᠡᠬᠦ ᠪᠣᠯᠤᠨ᠎ᠠ᠃ ᠤᠯᠠᠨ ᠢᠶᠠᠷ ᠢᠶᠠᠨ ᠡᠳᠦᠷ ᠲᠤᠳᠤᠮ ᠤᠨ ᠠᠮᠢᠳᠤᠷᠠᠯ ᠳᠤᠮᠳᠠ ᠪᠠᠨ ᠨᠡᠶᠢᠲᠡᠯᠢᠭ ᠬᠡᠯᠡ ᠪᠠᠷ ᠶᠠᠷᠢᠬᠤ ᠳᠠᠳᠬᠠᠯ ᠲᠠᠢ ᠪᠣᠯᠬᠤ ᠶᠢ ᠰᠠᠨᠠᠭᠠᠴᠢᠯᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠵᠢᠷᠤᠮᠵᠢᠭᠤᠯᠤᠨ ᠬᠡᠷᠡᠭᠯᠡᠬᠦ ᠤᠬᠠᠮᠰᠠᠷ ᠪᠠ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号