ᠣᠳᠣᠬᠠᠨ ᠳᠤ ᠶᠢᠨ ᠢᠦᠢ ᠨᠡᠶᠢᠭᠡᠮ ᠲᠣᠭᠤᠷᠢᠭ ᠤᠨ ᠬᠠᠶᠢᠪᠸᠢ ᠪᠠᠭ᠎ᠠ ᠲᠣᠭᠤᠷᠢᠭ ᠤᠨ ᠴᠥᠭᠡᠨ ᠪᠤᠰᠤ | ᠲᠣᠰᠬᠤᠨ ᠤ ᠠᠷᠠᠳ ᠮᠥᠨ ᠯᠡ ᠤᠯᠠᠮᠵᠢᠯᠠᠯᠲᠤ ᠨᠡᠭᠦᠷᠡᠰᠦᠨ ᠵᠤᠤᠬ᠎ᠠ ᠶᠢᠨ ᠬᠡᠯᠪᠡᠷᠢ ᠪᠠᠷ ᠳᠤᠯᠠᠭᠠᠯᠠᠵᠤ ᠪᠠᠶᠢᠨ᠎ᠠ᠂ | ᠠᠮᠤᠷ ᠲᠦᠪᠰᠢᠨ ᠤ ᠭᠡᠮ ᠰᠣᠭᠤᠭ ᠶᠡᠭᠡ ᠪᠠᠶᠢᠬᠤ ᠪᠠᠷ ᠪᠠᠷᠠᠬᠤ ᠦᠭᠡᠢ᠂ ᠥᠳᠬᠡᠨ ᠤᠲᠤᠭ᠎ᠠ ᠭᠠᠷᠴᠤ ᠢᠷᠡᠬᠦ ᠨᠢ | ᠪᠠᠰᠠ ᠠᠭᠠᠷ ᠤᠨ ᠶᠠᠰᠤ ᠴᠢᠨᠠᠷ ᠢ ᠮᠠᠰᠢ ᠨᠥᠯᠥᠭᠡᠯᠡᠵᠦ ᠪᠠᠶᠢᠨ᠎ᠠ᠃ ᠬᠥᠳᠡᠭᠡ ᠲᠣᠰᠬᠤᠨ ᠤ ᠰᠠᠭᠤᠭᠠᠯᠢ ᠠᠷᠠᠳ ᠤᠨ | ᠳᠤᠯᠠᠭᠠᠯᠠᠭ᠎ᠠ ᠶᠢ ᠴᠡᠪᠡᠷᠰᠢᠭᠦᠯᠬᠦ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠭᠠᠷ ᠮᠠᠨᠳᠠᠯ ᠤᠨ | ᠣᠷᠴᠢᠨ ᠲᠣᠭᠤᠷᠢᠨ ᠢ ᠬᠠᠮᠠᠭᠠᠯᠠᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠡᠨᠡ ᠵᠢᠯ ᠠᠴᠠ | ᠡᠬᠢᠯᠡᠨ ᠶᠢᠨ ᠢᠦᠢ ᠨᠡᠶᠢᠭᠡᠮ ᠲᠣᠭᠤᠷᠢᠭ ᠤᠨ ᠬᠠᠶᠢᠪᠸᠢ ᠪᠠᠭ᠎ᠠ ᠲᠣᠭᠤᠷᠢᠭ ᠲᠤ ᠲᠥᠪᠯᠡᠷᠡᠭᠦᠯᠦᠨ ᠢᠯᠴᠢ ᠬᠠᠩᠭᠠᠬᠤ | ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ | ᠰᠠᠭᠤᠭᠠᠯᠢ ᠠᠷᠠᠳ ᠤᠨ ᠤᠭᠲᠤᠯᠭ᠎ᠠ ᠶᠢᠨ ᠳᠠᠭᠤᠨ ᠤ ᠳᠤᠮᠳᠠ᠂ ᠪᠠᠷᠢᠯᠭ᠎ᠠ ᠶᠢᠨ ᠵᠦᠢᠯᠡᠰ ᠢ ᠵᠢᠩᠬᠢᠨᠢ ᠪᠠᠷ | ᠪᠠᠷᠢᠵᠤ ᠡᠬᠢᠯᠡᠵᠡᠶ᠃ ᠵᠠᠮ ᠬᠠᠭᠠᠯᠵᠤ ᠪᠠᠶᠢᠭ᠎ᠠ ᠮᠠᠯᠲᠠᠭᠤᠷ ᠮᠠᠰᠢᠨ ᠢ ᠬᠠᠷᠠᠭᠠᠳ ᠲᠣᠰᠬᠤᠨ ᠤ ᠠᠷᠠᠳ ᠶᠡᠬᠡᠳᠡ | ᠰᠡᠳᠬᠢᠯ ᠬᠥᠳᠡᠯᠵᠦ᠂ ᠡᠪᠦᠯ ᠤᠨ ᠤᠯᠠᠷᠢᠯ ᠳᠤ ᠨᠡᠭᠦᠷᠡᠰᠦ ᠨᠥᠭᠡᠴᠡᠯᠡᠵᠦ ᠨᠡᠭᠦᠷᠡᠰᠦᠲᠥ᠋ᠷᠥᠭᠴᠢ ᠶᠢ ᠪᠠᠯᠪᠠᠴᠢᠬᠤ᠂ | ᠤᠲᠤᠭ᠎ᠠ ᠤᠲᠤᠭ᠎ᠠ ᠮᠠᠨᠠᠷᠠᠬᠤ ᠡᠪᠦᠯ ᠢ ᠥᠩᠭᠡᠷᠡᠭᠡᠬᠦ ᠠᠷᠭ᠎ᠠ ᠠᠴᠠ ᠰᠠᠯᠵᠤ ᠪᠣᠯᠬᠤ ᠪᠣᠯᠪᠠ᠃ ᠢᠨᠵᠧᠨᠧᠷᠢᠩ ᠤᠨ | ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠶᠢᠨ ᠢᠦᠶ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠵᠥᠪᠯᠡᠯ ᠪᠠᠰᠠ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ︽ | ᠬᠠᠶ ᠪᠸᠢ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠵᠥᠪᠯᠡᠯ︾ ᠢ ᠪᠠᠶᠢᠭᠤᠯᠵᠤ᠂ ᠰᠠᠭᠤᠭᠠᠯᠢ ᠠᠷᠠᠳ ᠢ | ᠲᠥᠯᠥᠭᠡᠯᠡᠨ ᠪᠠᠷᠢᠯᠭ᠎ᠠ ᠶᠢᠨ ᠲᠠᠯ᠎ᠠ ᠶᠢᠨ ᠬᠢᠨ ᠲᠠᠢ ᠨᠡᠪᠲᠡᠷᠡᠯᠴᠡᠨ ᠰᠣᠯᠢᠯᠴᠠᠵᠤ᠂ ᠢᠨᠵᠧᠨᠧᠷᠢᠩ ᠤᠨ ᠯᠠᠪᠳᠠᠭᠤᠨ ᠢᠶᠠᠷ | ᠤᠷᠤᠭᠰᠢᠯᠠᠬᠤ ᠶᠢ ᠳᠥᠯᠭᠢᠨ ᠠᠬᠢᠭᠤᠯᠪᠠ᠃ | ᠲᠣᠰ ᠤᠳᠠᠭᠠᠨ ᠤ ᠥᠭᠡᠷᠡᠴᠢᠯᠡᠯᠲᠡ ᠶᠢᠨ ᠢᠨᠵᠧᠨᠧᠷᠢᠩ ᠳᠤ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠶᠢ | ᠪᠠᠭᠲᠠᠭᠠᠬᠤ ᠪᠠᠷ ᠪᠠᠷᠠᠬᠤ ᠥᠬᠡᠶ᠂ ᠪᠠᠰᠠ ᠪᠣᠬᠢᠷ ᠤᠰᠤᠨ ᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠪᠠ ᠤᠰᠤ | ᠬᠠᠩᠭᠠᠬᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠪᠠᠭᠲᠠᠨ᠎ᠠ᠂ ᠠᠵᠢᠯ ᠳᠠᠭᠤᠰᠤᠭᠰᠠᠨ ᠤ ᠳᠠᠷᠠᠭ᠎ᠠ᠂ | ᠰᠠᠭᠤᠭᠠᠯᠢ ᠠᠷᠠᠳ ᠢ ᠣᠯᠠᠨ ᠵᠢᠯ ᠭᠠᠴᠢᠭᠳᠠᠭᠤᠯᠵᠤ ᠪᠠᠶᠢᠭᠰᠠᠨ ᠪᠣᠬᠢᠷ ᠤᠰᠤ ᠶᠢ ᠰᠢᠢᠤᠡᠪᠤᠷᠢᠯᠡᠬᠦ ᠠᠰᠠᠭᠤᠳᠠᠯ ᠢ ᠴᠤ | ᠰᠠᠶᠢᠵᠢᠷᠠᠭᠤᠯᠵᠤ᠂ ᠠᠷᠠᠳ ᠢᠷᠭᠡᠳ ᠢ ᠡᠭᠦᠨ ᠠᠴᠠ ᠡᠬᠢᠯᠡᠨ ᠳᠤᠯᠠᠭᠠᠨ ᠪᠦᠯᠢᠶᠡᠨ ᠡᠪᠦᠯ ᠢ ᠥᠩᠭᠡᠷᠡᠭᠦᠯᠬᠦ᠂ ᠠᠮᠤᠷ | ᠲᠦᠪᠰᠢᠨ ᠢᠶᠠᠷ ᠡᠪᠦᠯ ᠢ ᠥᠩᠭᠡᠷᠡᠭᠦᠯᠬᠦ᠂ ᠠᠷᠢᠭᠤᠨ ᠴᠡᠪᠡᠷ ᠢᠶᠠᠷ ᠡᠪᠦᠯ ᠢ ᠥᠩᠭᠡᠷᠡᠭᠦᠯᠬᠦ ᠪᠣᠯᠤᠨ᠎ᠠ᠃ | | |