9 ᠰᠠᠷ᠎ᠠ ᠶᠢᠨ 14 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠵᠥᠪᠯᠡᠯ ᠤᠨ 2022 ᠣᠨ ᠤ ᠭᠤᠷᠪᠠᠳᠤᠭᠠᠷ ᠤᠳᠠᠭ᠎ᠠ ᠶᠢᠨ ᠬᠤᠷᠠᠯ ᠬᠤᠷᠠᠯᠳᠤᠵᠤ᠂ | ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ | ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠵᠤ ᠶᠠᠷᠢᠶ᠎ᠠ ᠲᠠᠯᠪᠢᠪᠠ᠃ | ᠬᠤᠷᠠᠯ ᠠᠴᠠ ︽ᠬᠠᠶᠢᠷᠤᠪ ᠤᠨ ᠲᠤᠬᠤᠢ ᠲᠣᠭᠤᠷᠢᠭ ᠤᠨ ᠬᠠᠷᠢᠶ᠎ᠠ ᠣᠷᠣᠨ ᠤ ᠵᠠᠮ ᠤᠨ ᠲᠣᠭᠤᠰᠣ ᠳᠡᠭᠳᠡᠬᠦ ︵ | ᠵᠢᠴᠢ ᠨᠡᠭᠦᠷᠡᠰᠦᠨ ᠠᠭᠤᠷᠬᠠᠢ ᠶᠢᠨ ᠳᠣᠲᠣᠭᠠᠳᠤ ᠶᠢᠨ ᠲᠣᠭᠤᠰᠣ ᠳᠡᠭᠳᠡᠬᠦ︶ ᠶᠢ ᠵᠠᠰᠠᠬᠤ ᠲᠣᠣᠷᠵᠢᠭᠤᠯᠤᠭᠰᠠᠨ | ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ ︵ᠬᠢᠨᠠᠨ ᠵᠥᠪᠯᠡᠬᠦ ᠨᠤᠤᠷᠠᠭ︶︾ ᠤᠨ ᠬᠠᠷᠢᠭᠤ ᠮᠡᠳᠡᠭᠦᠯᠦᠯᠲᠡ ᠶᠢ | ᠰᠣᠨᠣᠰᠪᠠ᠃ ᠵᠠᠮ ᠤᠨ ᠬᠤᠭ ᠲᠣᠭᠤᠰᠣ ᠶᠢ ᠵᠠᠰᠠᠬᠤ ᠬᠤᠯᠪᠣᠭᠳᠠᠯ ᠪᠦᠬᠦᠢ ᠠᠵᠢᠯ ᠢ ᠲᠤᠰᠬᠠᠢ ᠰᠡᠳᠦᠪ ᠢᠶᠠᠷ | ᠰᠤᠳᠤᠯᠪᠠ᠃ | ᠬᠤᠷᠠᠯ ᠠᠴᠠ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠵᠠᠮ ᠤᠨ ᠬᠤᠭ ᠲᠣᠭᠤᠰᠣ ᠶᠢ | ᠪᠠᠶᠢᠩᠭᠤᠵᠢᠭᠤᠯᠤᠨ ᠵᠠᠰᠠᠵᠤ᠂ ᠵᠠᠮ ᠤᠨ ᠴᠡᠪᠡᠷᠯᠡᠯᠲᠡ ᠶᠢᠨ ᠨᠢᠭᠲᠠᠴᠠ ᠶᠢ ᠨᠡᠮᠡᠭᠳᠡᠭᠦᠯᠵᠦ᠂ ᠡᠯ᠎ᠡ ᠵᠠᠮ ᠤᠨ ᠣᠷᠴᠢᠨ | ᠲᠣᠭᠤᠷᠢᠨ ᠤ ᠴᠡᠪᠡᠷ ᠲᠡᠭᠰᠢ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ | ᠪᠦᠬᠦᠨ ᠢ ᠬᠠᠮᠤᠷᠬᠤ ᠶᠢ ᠵᠢᠭᠰᠠᠭᠠᠨ ᠪᠠᠶᠢᠴᠠᠭᠠᠵᠤ᠂ ᠵᠠᠮ ᠤᠨ ᠲᠣᠭᠤᠰᠣ ᠰᠢᠷᠣᠶ ᠶᠢᠨ ᠵᠠᠰᠠᠯᠲᠠ ᠶᠢᠨ | ᠨᠠᠷᠢᠯᠢᠬᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠳᠡᠮᠵᠢᠨ᠂ ᠲᠣᠭᠤᠰᠣ ᠰᠢᠷᠣᠶ ᠶᠢᠨ ᠪᠣᠬᠢᠷᠲᠤᠯ ᠢ | ᠪᠦᠲᠦᠮᠵᠢᠲᠡᠶ ᠬᠢᠵᠠᠭᠠᠷᠯᠠᠵᠤ᠂ ᠲᠣᠭᠤᠰᠣ ᠰᠢᠷᠣᠶ ᠶᠢᠨ ᠵᠠᠰᠠᠯᠲᠠ ᠶᠢᠨ ᠠᠵᠢᠯ ᠳᠤ ᠬᠢᠨᠠᠯᠲᠠ ᠲᠠᠯᠪᠢᠬᠤ᠂ | ᠬᠠᠮᠢᠶᠠᠷᠤᠯᠲᠠ ᠶᠢ ᠪᠦᠬᠦᠨ ᠢ ᠬᠠᠮᠤᠷᠬᠤ ᠳᠤ ᠪᠠᠯᠠᠶᠢᠷᠠᠯ ᠥᠬᠡᠶ ᠪᠠᠶᠢᠯᠭᠠᠬᠤ ᠬᠡᠷᠡᠭᠲᠡᠶ᠃ ᠬᠠᠤᠯᠢ ᠬᠡᠷᠡᠭᠵᠢᠭᠦᠯᠬᠦ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠮ ᠤᠨ ᠲᠣᠭᠤᠰᠣ ᠰᠢᠷᠣᠢ ᠶᠢᠨ ᠪᠣᠬᠢᠷᠲᠤᠯ ᠢ ᠬᠢᠨᠠᠨ ᠬᠠᠮᠢᠶᠠᠷᠬᠤ | ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠤᠭᠳᠤ ᠠᠭᠤᠴᠢᠯᠠᠬᠤ ᠦᠭᠡᠢ᠂ ᠪᠦᠬᠦᠨ ᠢ ᠪᠦᠷᠬᠦᠬᠦᠯᠬᠦ ᠶᠢ | ᠪᠠᠷᠢᠮᠲᠠᠯᠠᠵᠤ᠂ ᠵᠠᠮ ᠤᠨ ᠲᠣᠭᠤᠰᠣ ᠰᠢᠷᠣᠢ ᠶᠢᠨ ᠪᠣᠬᠢᠷᠲᠤᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠬᠠᠮᠲᠤ ᠪᠠᠷᠠᠭᠠᠨ ᠤ ᠢᠷᠡᠯᠳᠡ ᠶᠢᠨ ᠭᠠᠵᠠᠷ᠂ ᠲᠡᠷᠭᠡᠨ ᠤ ᠪᠡᠶ᠎ᠡ ᠳᠤ | ᠬᠠᠷᠢᠶᠠᠯᠠᠭᠳᠠᠬᠤ ᠠᠵᠤ ᠠᠬᠤᠶᠢᠯᠠᠯ ᠢ ᠮᠥᠷᠳᠡᠨ ᠨᠡᠬᠡᠮᠵᠢᠯᠡᠵᠦ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠬᠤ | ᠬᠡᠷᠡᠭᠲᠡᠢ᠃ ᠵᠠᠮ ᠤᠨ ᠲᠣᠭᠤᠰᠣ ᠰᠢᠷᠣᠶ ᠶᠢ ᠵᠠᠰᠠᠬᠤ ᠠᠰᠠᠭᠤᠳᠠᠯ ᠤᠨ ᠨᠠᠷᠢᠨ ᠲᠠᠩᠰᠠ᠂ ᠴᠡᠭᠴᠡᠯᠡᠨ ᠵᠠᠰᠠᠬᠤ | ᠪᠠᠷᠢᠮᠵᠢᠶ᠎ᠠ ᠵᠢᠴᠢ ᠬᠢᠨᠠᠨ ᠵᠢᠯᠣᠭᠤᠳᠬᠤ ᠠᠵᠢᠯ ᠤᠨ ᠬᠤᠪᠢᠶᠠᠷᠢᠯᠠᠯ ᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ | ᠬᠠᠷᠢᠭᠤᠴᠠᠯᠭ᠎ᠠ ᠶᠢ ᠬᠡᠳᠦᠶ ᠪᠣᠳᠠᠲᠠᠶ᠂ ᠠᠵᠢᠯ ᠤᠨ ᠬᠤᠪᠢᠶᠠᠷᠢᠯᠠᠯ ᠢ ᠬᠡᠳᠦᠶ ᠲᠣᠳᠣᠷᠬᠠᠶ ᠪᠣᠯᠭᠠᠵᠤ᠂ ᠲᠣᠭᠤᠰᠣ | ᠰᠢᠷᠣᠶ ᠶᠢᠨ ᠠᠰᠠᠭᠤᠳᠠᠯ ᠢ ᠵᠠᠰᠠᠬᠤ ᠲᠣᠤᠷ ᠰᠦᠯᠵᠢᠶ᠎ᠡ ᠶᠢ ᠨᠢᠭᠲᠠ ᠰᠦᠯᠵᠢᠵᠦ᠂ ︽ᠲᠣᠤᠷᠵᠢᠭᠤᠯᠬᠤ︾ ᠵᠡᠷᠭᠡ | ᠰᠢᠨ᠎ᠡ ᠬᠡᠯᠪᠡᠷᠢ ᠶᠢᠨ ᠲᠣᠭᠤᠰᠣ ᠰᠢᠷᠣᠶ ᠶᠢ ᠵᠠᠰᠠᠬᠤ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠵᠠᠮ ᠤᠨ ᠲᠣᠭᠤᠰᠣ | ᠰᠢᠷᠣᠶ ᠶᠢ ᠵᠠᠰᠠᠵᠤ ᠳᠡᠭᠡᠭᠰᠢᠯᠡᠭᠦᠯᠬᠦ ᠠᠵᠢᠯ ᠳᠤ ᠦᠳᠲᠡᠷ ᠲᠦᠷᠭᠡᠨ ᠦᠷ᠎ᠡ ᠪᠦᠲᠦᠮᠵᠢ ᠤᠯᠬᠤ ᠪᠠᠷ ᠴᠢᠷᠮᠠᠶᠢᠬᠤ | ᠬᠡᠷᠡᠭᠲᠡᠶ᠃ |