9 ᠰᠠᠷ᠎ᠠ ᠶᠢᠨ 14 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ 2022 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ | ᠶᠣᠰᠣᠯᠠᠯ ᠵᠢᠴᠢ ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ ᠪᠠᠷ ᠲᠤᠰᠢᠶᠠᠯ ᠡᠭᠦᠷᠭᠡᠯᠡᠭᠰᠡᠨ ᠰᠠᠯᠠᠭᠠᠨ ᠤ | ᠲᠡᠰ ᠤᠨ ᠤᠳᠤᠷᠢᠳᠬᠤ ᠺᠠᠳ᠋ᠷᠴᠤᠳ ᠤᠨ ᠪᠣᠯᠪᠠᠰᠤᠷᠠᠯ ᠤᠨ ᠠᠩᠬᠢ ᠪᠣᠯᠤᠨ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠢ ᠭᠦᠨᠵᠡᠭᠡᠶᠢᠷᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠶᠢᠨ ᠠᠩᠬᠢ ᠡᠬᠢᠯᠡᠬᠦ ᠶᠣᠰᠣᠯᠠᠯ | ᠶᠠᠪᠤᠭᠤᠯᠪᠠ᠃ | | ᠰᠤᠷᠤᠯᠭ᠎ᠠ ᠡᠬᠢᠯᠡᠬᠦ ᠶᠣᠰᠣᠯᠠᠯ ᠳᠤ᠂ ᠪᠦᠬᠦ ᠲᠤᠭᠤᠷᠢᠭ ᠢᠶᠠᠷ ᠢᠶᠠᠨ ᠴᠢᠷᠮᠠᠶᠢᠨ ᠰᠤᠷᠤᠯᠴᠠᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠥᠪᠡᠷ ᠤᠨ ᠲᠠᠷᠢᠬᠢ ᠲᠣᠯᠣᠭᠠᠢ ᠪᠠᠨ ᠵᠡᠪᠰᠡᠭᠯᠡᠬᠦ ᠬᠡᠷᠡᠭᠲᠡᠢ᠃ ᠴᠢᠳᠠᠮᠠᠭᠠᠶ ᠪᠠᠷ ᠰᠡᠳᠬᠢᠵᠦ᠂ ᠤᠴᠢᠷ | ᠶᠠᠪᠤᠳᠠᠯ ᠲᠣᠬᠢᠶᠠᠯᠳᠤᠪᠠᠯ ᠳᠠᠬᠢᠨ ᠳᠠᠪᠲᠠᠨ ᠪᠣᠳᠣᠯᠬᠢᠯᠠᠭᠰᠠᠨ ᠤ ᠳᠠᠷᠠᠭ᠎ᠠ ᠬᠢᠵᠦ᠂ ᠤᠷᠢᠳ ᠢᠶᠠᠷ ᠰᠠᠨᠠᠯ ᠢ ᠰᠣᠨᠣᠰᠴᠤ | ᠳᠠᠷᠠᠭ᠎ᠠ ᠨᠢ ᠰᠢᠢᠤᠡᠪᠤᠷᠢᠳᠤ ᠪᠣᠳᠣᠯᠭ᠎ᠠ ᠲᠣᠭᠲᠠᠭᠠᠵᠤ᠂ ᠴᠠᠭ ᠲᠤᠬᠠᠶ ᠳᠤᠨᠢ ᠠᠵᠢᠯ ᠤᠨ ᠳ᠋ᠦᠩᠨᠡᠯᠲᠡ ᠪᠠ | ᠪᠣᠳᠣᠯᠬᠢᠯᠠᠯ ᠬᠢᠬᠦ ᠬᠡᠷᠡᠭᠲᠡᠶ︔ ᠵᠣᠷᠢᠭᠲᠠᠶ ᠪᠠᠷ ᠦᠢᠯᠡᠳᠦᠯᠭᠡ ᠬᠢᠵᠦ᠂ ᠦᠨᠳᠦᠰᠦᠨ ᠱᠠᠲᠤᠨ ᠳᠤ ᠣᠴᠢᠵᠤ᠂ ᠤᠯᠠᠨ | ᠲᠦᠮᠡᠨ ᠤ ᠳᠤᠮᠳᠠ ᠣᠴᠢᠵᠤ ᠠᠰᠠᠭᠤᠳᠠᠯ ᠢ ᠡᠷᠢᠵᠦ᠂ ᠠᠷᠭ᠎ᠠ᠂ ᠬᠠᠷᠢᠭᠤᠯᠲᠠ ᠶᠢ ᠡᠷᠢᠵᠦ᠂ ᠦᠢᠯᠡᠳᠦᠯᠭᠡ ᠶᠢᠨ | ᠳᠤᠮᠳᠠ ᠲᠠᠰᠤᠷᠠᠯᠳᠠ ᠦᠭᠡᠢ ᠲᠤᠷᠰᠢᠯᠭ᠎ᠠ ᠬᠤᠷᠠᠮᠳᠤᠭᠤᠯᠵᠤ᠂ ᠰᠢᠨ᠎ᠡ ᠮᠡᠳᠡᠯᠭᠡ ᠶᠢ ᠤᠯᠬᠤ ᠬᠡᠷᠡᠭᠲᠡᠶ᠃ | ᠵᠣᠷᠢᠭᠲᠠᠶ ᠪᠠᠷ ᠰᠢᠨ᠎ᠡ ᠶᠢ ᠡᠭᠦᠳᠴᠦ᠂ ᠵᠣᠷᠢᠭᠲᠠᠶ ᠪᠠᠷ ᠰᠡᠳᠬᠢᠵᠦ᠂ ᠵᠣᠷᠢᠭᠲᠠᠶ ᠪᠠᠷ ᠬᠡᠯᠡᠵᠦ᠂ ᠵᠣᠷᠢᠭᠲᠠᠶ ᠪᠠᠷ ᠬᠢᠵᠦ | ᠂ ᠵᠣᠷᠢᠭᠲᠠᠶ ᠪᠠᠷ ᠤᠷᠤᠭᠰᠢᠯᠠᠵᠤ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ | ᠲᠤᠰᠠ ᠶᠢᠨ ᠲᠥᠯᠥᠭᠡ ᠠᠯᠢᠪᠠ ᠠᠶᠤᠯ ᠲᠦᠭᠰᠢᠭᠦᠷᠢ ᠶᠢ ᠵᠣᠷᠢᠭᠲᠠᠶ ᠪᠠᠷ ᠡᠭᠦᠷᠭᠡᠯᠡᠬᠦ ᠬᠡᠷᠡᠭᠲᠡᠶ᠃ ᠳᠤᠷᠠᠲᠠᠶ᠎ᠠ ᠬᠠᠷᠠᠮ | ᠦᠭᠡᠢ ᠵᠢᠳᠬᠦᠬᠦ ᠬᠡᠷᠡᠭᠲᠡᠢ᠂ ᠤᠳᠤᠷᠢᠳᠬᠤ ᠺᠠᠳ᠋ᠷᠴᠤᠳ ᠪᠣᠯᠤᠭᠰᠠᠨ ᠤ ᠬᠤᠪᠢ ᠳᠤ ᠨᠠᠮ ᠳᠤ ᠣᠷᠣᠬᠤ ᠳᠠᠭᠠᠨ | ᠶᠠᠭᠤᠨ ᠤ ᠤᠴᠢᠷ ᠠᠴᠠ ᠨᠠᠮ ᠳᠤ ᠣᠷᠣᠬᠤ᠂ ᠨᠣᠶᠠᠨ ᠰᠠᠭᠤᠭᠠᠳ ᠶᠠᠭᠤ ᠬᠢᠬᠦ᠂ ᠬᠤᠵᠢᠮ ᠶᠠᠭᠤ ᠦᠯᠡᠳᠡᠭᠡᠬᠦ ᠶᠢ | ᠲᠣᠳᠣᠷᠬᠠᠶᠢᠯᠠᠵᠤ᠂ ︽ᠬᠡᠨ ᠤ ᠲᠥᠯᠥᠭᠡ ᠠᠮᠢᠳᠤᠷᠠᠬᠤ᠂ ᠬᠡᠷᠬᠢᠨ ᠬᠥᠮᠦᠨ ᠪᠣᠯᠬᠤ︾ ᠠᠰᠠᠭᠤᠳᠠᠯ ᠢ ᠴᠢᠷᠮᠠᠶᠢᠨ | ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠤ ᠵᠢᠭᠠᠵᠤ ᠭᠠᠷᠭᠠᠪᠠ᠃ | | | | | ᠠᠩᠭᠢ ᠡᠬᠢᠯᠡᠬᠦ ᠶᠣᠰᠣᠯᠠᠯ ᠳᠤ᠂ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠬᠦ ᠶᠢ ᠨᠠᠮ ᠤᠨ | ᠰᠤᠷᠭᠠᠭᠤᠯᠢ ᠶᠢᠨ ᠠᠯᠢᠪᠠ ᠠᠵᠢᠯ ᠤᠨ ᠦᠨᠳᠦᠰᠦᠨ ᠵᠠᠷᠴᠢᠮ᠂ ᠦᠨᠳᠦᠰᠦᠨ ᠵᠢᠷᠤᠮᠯᠠᠯ ᠪᠣᠯᠭᠠᠵᠤ᠂ ᠨᠠᠮ ᠤᠨ | ᠰᠤᠷᠭᠠᠭᠤᠯᠢ ᠶᠢᠨ ᠠᠵᠢᠯ ᠤᠨ ᠪᠥᠬᠦ ᠶᠠᠪᠤᠴᠠ ᠪᠠ ᠡᠯ᠎ᠡ ᠲᠠᠯ᠎ᠠ ᠳᠤ ᠠᠭᠤᠰᠤᠯᠴᠠᠭᠤᠯᠬᠤ ᠬᠡᠷᠡᠭᠲᠡᠶ︔ | ᠰᠠᠨᠠᠭᠠᠴᠢᠯᠠᠭ᠎ᠠ ᠠᠴᠠ ᠪᠠᠨ ᠶᠡᠭᠡ ᠲᠠᠯ᠎ᠠ ᠳᠤ ᠦᠢᠯᠡᠴᠢᠯᠡᠵᠦ᠂ ᠬᠥᠮᠦᠵᠢᠯ ᠪᠣᠯᠪᠠᠰᠤᠷᠠᠯ ᠢᠶᠠᠷ ᠳᠠᠮᠵᠢᠭᠤᠯᠵᠤ᠂ | ᠺᠠᠳ᠋ᠷᠴᠤᠳ ᠤᠨ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ | ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠨᠠᠮᠴᠢ ᠴᠢᠨᠠᠷ ᠤᠨ ᠪᠣᠯᠪᠠᠰᠤᠷᠠᠯ ᠢ | ᠴᠢᠩᠭᠠᠳᠬᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠤᠨ ᠤᠬᠠᠮᠰᠠᠷ ᠢ | ᠴᠢᠩᠭᠠᠳᠬᠠᠵᠤ᠂ ︽ᠨᠠᠢᠮᠠᠨ ᠵᠦᠢᠯ ᠤᠨ ᠴᠢᠳᠠᠪᠤᠷᠢ︾ ︽ᠲᠤᠯᠤᠭᠠᠨ ᠵᠦᠢᠯ ᠤᠨ ᠴᠢᠳᠠᠪᠤᠷᠢ︾ ᠶᠢ ᠴᠢᠩᠭᠠᠳᠬᠠᠬᠤ | ᠬᠡᠷᠡᠭᠲᠡᠢ︔ ᠰᠤᠷᠭᠠᠭᠤᠯᠢ ᠶᠢ ᠴᠢᠩᠭ᠎ᠠ ᠵᠠᠰᠠᠬᠤ ᠬᠢᠷᠢ ᠲᠦᠪᠰᠢᠨ ᠢ ᠦᠨᠡᠨ ᠬᠦ ᠴᠢᠩᠭᠠᠳᠬᠠᠵᠤ᠂ ᠰᠤᠷᠭᠠᠭᠤᠯᠢ ᠶᠢ | ᠴᠢᠩᠭ᠎ᠠ ᠵᠠᠰᠠᠬᠤ᠂ ᠰᠤᠷᠭᠠᠨ ᠬᠥᠮᠦᠵᠢᠯ ᠢ ᠴᠢᠩᠭ᠎ᠠ ᠵᠠᠰᠠᠬᠤ᠂ ᠰᠤᠷᠭᠠᠭᠤᠯᠢ ᠶᠢ ᠴᠢᠩᠭ᠎ᠠ ᠵᠠᠰᠠᠬᠤ ᠱᠠᠭᠠᠷᠳᠠᠯᠭ᠎ᠠ ᠶᠢ | ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠤᠨ᠎ᠠ ᠭᠡᠵᠤ ᠵᠢᠭᠠᠪᠠ᠃ | ᠠᠩᠭᠢ ᠡᠬᠢᠯᠡᠬᠦ ᠶᠣᠰᠣᠯᠠᠯ ᠳᠡᠭᠡᠷ᠎ᠡ ᠪᠠᠰᠠ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ | ᠳᠡᠳ᠋ ᠫᠷᠤᠹᠤᠰᠰᠤᠷ ᠯᠢᠦ ᠰᠢᠶᠤᠤ ᠶᠢ ᠤᠷᠢᠵᠤ ︽ᠳᠤᠮᠳᠠᠳᠤ ᠤᠯᠤᠰ ᠤᠨ ᠡᠪ ᠬᠠᠮᠲᠤ ᠨᠠᠮ ᠬᠢᠭᠡᠳ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ — ︿ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ | ᠶᠡᠭᠡ ᠠᠮᠵᠢᠯᠲᠠ ᠪᠦᠲᠦᠮᠵᠢ ᠪᠠ ᠲᠡᠤᠬᠡᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠰᠢᠢᠤᠡᠪᠤᠷᠢ﹀ ᠶᠢ ᠰᠤᠷᠤᠯᠴᠠᠶ᠎ᠠ︾ ᠭᠡᠬᠦ ᠲᠤᠰᠬᠠᠶ ᠰᠡᠳᠦᠪᠲᠦ ᠲᠠᠶᠢᠯᠤᠮᠵᠢ ᠬᠢᠯᠭᠡᠵᠡᠶ᠃ | ᠣᠶᠢᠯᠠᠭᠠᠭᠰᠠᠨ ᠢᠶᠠᠷ᠂ ᠲᠤᠭᠤᠷᠢᠭ ᠤᠨ ᠰᠢᠨ᠎ᠡ ᠪᠠᠷ ᠲᠤᠰᠢᠶᠠᠯ ᠡᠭᠦᠷᠭᠡᠯᠡᠭᠰᠡᠨ ᠰᠠᠯᠠᠭᠠᠨ ᠤ ᠲᠠᠰ ᠤᠨ ᠤᠳᠤᠷᠢᠳᠬᠤ | ᠺᠠᠳ᠋ᠷᠴᠤᠳ ᠤᠨ ᠪᠣᠯᠪᠠᠰᠤᠷᠠᠯ ᠤᠨ ᠠᠩᠭᠢ ᠪᠠ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠬᠦ | ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠶᠢᠨ ᠪᠥᠬᠦ ᠰᠣᠷᠣᠭᠴᠢ ᠵᠢᠴᠢ ᠲᠤᠭᠤᠷᠢᠭ ᠤᠨ ᠨᠠᠮ ᠤᠨ | ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠪᠥᠬᠦ ᠠᠵᠢᠯᠲᠠᠨ ᠠᠵᠢᠯᠴᠢᠨ ᠨᠡᠶᠢᠲᠡ 110 ᠭᠠᠷᠤᠶ ᠬᠥᠮᠦᠨ | ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠠᠶ᠃ | | |