ᠲᠣᠭᠤᠷᠢᠨ ᠪᠠᠶᠢᠴᠠᠭᠠᠵᠤ ᠵᠢᠭᠠᠨ ᠵᠢᠯᠣᠭᠤᠳᠴᠤ ᠬᠢᠨᠠᠨ ᠵᠢᠯᠣᠭᠤᠳᠬᠤ ᠠᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠪᠠ    ᠵᠠᠩ ᠶᠠᠨ ᠲᠤᠰᠬᠠᠢ ᠰᠡᠳᠦᠪᠲᠦ ᠪᠣᠯᠪᠠᠰᠤᠷᠠᠯ ᠤᠨ ᠬᠠᠪᠰᠤᠷᠤᠨ ᠵᠢᠯᠤᠭᠤᠳᠤᠯᠭ᠎ᠠ ᠬᠢᠵᠦ ᠰᠦᠨ ᠬᠤᠤ ᠬᠤᠷᠠᠯ ᠡᠷᠬᠢᠯᠡᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/9/19
      9 ᠰᠠᠷ᠎ᠠ ᠶᠢᠨ 18᠎ ᠤ ᠡᠳᠦᠷ᠂ ᠲᠣᠭᠤᠷᠢᠨ ᠪᠠᠶᠢᠴᠠᠭᠠᠵᠤ ᠵᠢᠭᠠᠨ ᠵᠢᠯᠣᠭᠤᠳᠴᠤ ᠬᠢᠨᠠᠨ ᠵᠢᠯᠣᠭᠤᠳᠬᠤ ᠠᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠬᠠᠶᠢᠷᠤᠪ ᠤᠨ ᠲᠤᠬᠤᠢ ᠲᠣᠭᠤᠷᠢᠭ ᠤᠨ ᠨᠠᠮ ᠵᠠᠰᠠᠭ ᠤᠨ ᠶᠣᠰᠣᠯᠠᠯ ᠤᠨ ᠲᠠᠩᠬᠢᠮ ᠳᠤ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠨᠢᠭᠡᠳᠦᠭᠡᠷ ᠴᠠᠭᠳᠠᠨ ᠪᠠᠶᠢᠴᠠᠭᠠᠵᠤ ᠵᠢᠭᠠᠨ ᠵᠢᠯᠣᠭᠤᠳᠴᠤ ᠰᠢᠪᠠᠳᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠵᠠᠩ ᠶᠠᠨ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠠᠪᠰᠤᠷᠤᠨ ᠵᠢᠯᠣᠭᠤᠳᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ᠃
微信图片_20220919092923.jpg    
      ᠵᠠᠩ ᠶᠠᠨ᠂ ᠵᠢᠭᠠᠨ ᠵᠢᠯᠣᠭᠤᠳᠴᠤ ᠬᠢᠨᠠᠨ ᠵᠢᠯᠣᠭᠤᠳᠬᠤ ᠪᠣᠯ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠳᠡᠭᠡᠳᠦ ᠲᠤᠤᠷᠠᠳᠤ ᠱᠠᠳᠤ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠬᠤ᠂ ᠲᠣᠭᠤᠷᠢᠨ ᠪᠠᠶᠢᠴᠠᠭᠠᠬᠤ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠯ ᠢ ᠪᠠᠶᠢᠭᠤᠯᠬᠤ ᠴᠢᠬᠤᠯᠠ ᠭᠠᠷᠳᠠᠴᠠ ᠮᠥᠨ᠃ ᠰᠢ ᠶᠢᠨ ᠫᠢᠩ ᠶᠡᠷᠦᠩᠬᠡᠢ ᠱᠦᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠬᠤ ᠦᠭᠡ ᠶᠠᠷᠢᠶᠠᠨ ᠤ ᠰᠢᠰᠲ᠋ᠧᠮ ᠢ ᠣᠨᠣᠪᠴᠢᠲᠠᠢ ᠤᠢᠢᠯᠠᠭᠠᠨ ᠲᠠᠨᠢᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠤᠯᠤᠰ ᠲᠦᠷᠦ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠤᠷᠴᠠ ᠰᠡᠯᠡᠮ᠎ᠡ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠨᠢᠭᠡᠳᠦᠯᠲᠡᠢ ᠤᠳᠤᠷᠢᠳᠬᠤ᠂ ᠱᠠᠳᠤ ᠬᠤᠪᠢᠶᠠᠨ ᠬᠠᠷᠢᠭᠤᠴᠠᠬᠤ ᠶᠢ ᠪᠠᠷᠢᠮᠲᠠᠯᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠ ᠨᠠᠮ ᠤᠨ ᠬᠤᠷᠢᠶᠠᠨ ᠤ ᠱᠦᠵᠢ ᠶᠢᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ᠂ ᠤᠳᠤᠷᠢᠳᠬᠤ ᠳᠤᠭᠤᠶᠢᠯᠠᠩ ᠤᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠲᠣᠰᠬᠤᠨ ︵ᠨᠡᠶᠢᠭᠡᠮ ᠲᠣᠭᠤᠷᠢᠭ︶᠎ ᠤ ᠲᠣᠭᠤᠷᠢᠨ ᠪᠠᠶᠢᠴᠠᠭᠠᠬᠤ ᠶᠢ ᠪᠦᠬᠦᠨ ᠢ ᠪᠦᠷᠬᠦᠬᠦᠯᠬᠦ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠬᠤᠳᠠ ᠶᠢᠨ ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠨᠢᠭᠡ ᠴᠤᠭᠴᠠᠵᠢᠭᠤᠯᠤᠨ ᠠᠬᠢᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠬᠤ ᠠᠵᠢᠯ ᠢ ᠵᠢᠷᠤᠮᠵᠢᠭᠤᠯᠬᠤ ᠬᠠᠤᠯᠢᠵᠢᠭᠤᠯᠬᠤ ᠵᠢᠩᠬᠢᠨᠢᠴᠢᠯᠡᠬᠦ ᠪᠠᠶᠢᠭᠤᠯᠤᠯᠲᠠ ᠶᠢ ᠴᠢᠩᠭᠠᠳᠬᠠᠵᠤ᠂ ᠲᠦᠷᠢᠮ ᠤᠨ ᠪᠠᠶᠢᠭᠤᠯᠤᠯᠲᠠ᠂ ᠪᠠᠶᠢᠭᠤᠯᠤᠮᠵᠢ ᠡᠩᠨᠡᠭᠡᠨ ᠤ ᠪᠠᠶᠢᠭᠤᠯᠤᠯᠲᠠ᠂ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠲᠣᠭᠤᠷᠢᠨ ᠪᠠᠶᠢᠴᠠᠭᠠᠬᠤ ᠺᠠᠳ᠋ᠷᠴᠤᠤᠡ ᠤᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ  ᠭᠡᠵᠤ ᠬᠡᠯᠡᠪᠡ᠃      ᠰᠦᠨ ᠬᠤᠤ᠄ ᠪᠦᠬᠦ ᠲᠤᠭᠤᠷᠢᠭ ᠤᠨ ᠡᠯ᠎ᠡ ᠱᠠᠲᠤᠨ ᠤ ᠰᠠᠯᠠᠭ᠎ᠠ ᠮᠥᠴᠢᠷ ᠨᠢᠭᠡᠴᠡ᠂ ᠤᠳᠤᠷᠢᠳᠬᠤ ᠺᠠᠳ᠋ᠷᠴᠤᠤᠡ ᠡᠷᠬᠡᠪᠰᠢ ᠲᠤᠰ ᠤᠳᠠᠭᠠᠨ ᠤ ᠲᠣᠭᠤᠷᠢᠨ ᠪᠠᠶᠢᠴᠠᠭᠠᠵᠤ ᠵᠢᠭᠠᠨ ᠵᠢᠯᠣᠭᠤᠳᠴᠤ ᠬᠢᠨᠠᠨ ᠵᠢᠯᠣᠭᠤᠳᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠨᠠᠨ ᠵᠢᠯᠤᠭᠤᠳᠤᠯᠭ᠎ᠠ ᠶᠢ ᠬᠦᠯᠢᠶᠡᠬᠦ ᠶᠢ ᠦᠨᠡᠨᠬᠦ ᠠᠵᠢᠯ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ᠂ ᠠᠵᠢᠯ ᠤᠨ ᠲᠦᠪᠰᠢᠨ ᠢᠶᠠᠨ ᠳᠡᠭᠡᠭᠰᠢᠯᠡᠭᠦᠯᠬᠦ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠶᠢᠨ ᠠᠰᠢᠭᠲᠠᠢ ᠠᠵᠠ ᠲᠣᠬᠢᠶᠠᠯ ᠪᠣᠯᠭᠠᠵᠤ᠂  ᠬᠢᠨᠠᠨ ᠵᠢᠯᠤᠭᠤᠳᠤᠯᠭ᠎ᠠ ᠶᠢ ᠤᠬᠠᠮᠰᠠᠷ ᠠᠴᠠ ᠪᠠᠨ ᠬᠦᠯᠢᠶᠡᠵᠦ᠂ ᠬᠠᠮᠢᠶ᠎ᠠ ᠪᠦᠬᠦᠢ ᠠᠵᠢᠯ ᠳᠤ ᠪᠦᠬᠦ ᠬᠦᠴᠦᠨ ᠢᠶᠠᠷ ᠢᠶᠠᠨ ᠬᠠᠮᠵᠢᠯᠴᠠᠵᠤ᠂ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠲᠠᠯ᠎ᠠ ᠪᠠᠷ ᠰᠠᠶᠢᠲᠤᠷ ᠬᠢᠵᠦ᠂ ᠬᠢᠨᠠᠨ ᠵᠢᠯᠤᠭᠤᠳᠤᠯᠭ᠎ᠠ ᠶᠢᠨ ᠠᠵᠢᠯ ᠤᠨ ᠤᠷᠤᠭᠰᠢᠲᠠᠢ ᠲᠡᠭᠦᠰ ᠠᠮᠵᠢᠯᠲᠠ ᠲᠠᠢ ᠪᠡᠶᠡᠯᠡᠭᠳᠡᠵᠦ᠂ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠲᠣᠭᠤᠷᠢᠨ ᠴᠠᠭᠳᠠᠬᠤ ᠠᠵᠢᠯ ᠢ ᠰᠠᠶᠢᠲᠤᠷ ᠬᠢᠬᠦ ᠦᠵᠡᠯ ᠰᠠᠨᠠᠭ᠎ᠠ ᠤᠨᠤᠯ ᠤᠨ ᠲᠦᠪᠰᠢᠨ ᠪᠣᠯᠤᠨ ᠤᠯᠤᠰ ᠲᠦᠷᠦ ᠶᠢᠨ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠵᠢᠴᠢ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ᠂ ᠤᠯᠤᠰ ᠲᠦᠷᠦ ᠶᠢᠨ ᠲᠣᠭᠤᠷᠢᠨ ᠴᠠᠭᠳᠠᠬᠤ ᠱᠠᠭᠠᠷᠳᠠᠯᠭ᠎ᠠ ᠶᠢ ᠡᠷᠡᠰ ᠲᠤᠤᠱᠯᠠᠭᠤᠯᠵᠤ᠂ ᠤᠬᠠᠮᠰᠠᠷ ᠠᠴᠠ ᠪᠠᠨ ᠲᠣᠭᠤᠷᠢᠨ ᠴᠠᠭᠳᠠᠬᠤ ᠠᠵᠢᠯ ᠢ ᠶᠡᠭᠡ ᠲᠠᠯ᠎ᠠ ᠳᠤ ᠲᠠᠯᠪᠢᠵᠤ ᠰᠡᠳᠬᠢᠬᠦ᠂ ᠪᠠᠶᠢᠷᠢ ᠲᠣᠭᠲᠠᠭᠠᠬᠤ ᠪᠠ ᠪᠠᠶᠢᠷᠢᠯᠠᠭᠤᠯᠬᠤ ᠬᠡᠷᠡᠭᠲᠡᠢ᠃ ᠣᠳᠣᠬᠠᠨ ᠤ ᠠᠵᠢᠯ ᠤᠨ ᠳᠤᠮᠳᠠᠬᠢ ᠳᠤᠲᠠᠭᠤᠳᠠᠯ ᠪᠠ ᠪᠠᠭᠤᠷᠠᠶ ᠲᠠᠯ᠎ᠠ ᠪᠠᠨ ᠲᠦᠷᠭᠡᠨ ᠨᠥᠬᠦᠪᠥᠷᠢᠯᠡᠵᠦ᠂ ᠵᠢᠭᠠᠨ ᠵᠢᠯᠣᠭᠤᠳᠴᠤ ᠬᠢᠨᠠᠨ ᠵᠢᠯᠣᠭᠤᠳᠬᠤ ᠳᠤᠭᠤᠶᠢᠯᠠᠩ ᠤᠨ ᠲᠣᠭᠲᠠᠭᠠᠭᠰᠠᠨ ᠬᠢᠨᠠᠨ ᠵᠢᠯᠣᠭᠤᠳᠬᠤ ᠠᠭᠤᠯᠭ᠎ᠠ ᠪᠠ ᠠᠵᠢᠯ ᠤᠨ ᠲᠥᠯᠥᠪᠯᠡᠭᠡ ᠶᠢᠨ ᠲᠣᠭᠤᠷᠢᠨ ᠳᠤ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠣᠨᠴᠠᠯᠢᠭ ᠲᠠᠢ ᠬᠢᠯᠠᠰ ᠴᠡᠭ᠂ ᠠᠵᠢᠯ ᠤᠨ ᠦᠷ᠎ᠡ ᠪᠦᠲᠦᠮᠵᠢ ᠪᠠ ᠺᠠᠳ᠋ᠷᠴᠤᠤᠡ ᠤᠨ ᠤᠶᠤᠨ ᠰᠠᠨᠠᠭᠠᠨ ᠤ ᠳᠦᠷᠰᠦ ᠪᠠᠶᠢᠳᠠᠯ ᠢ ᠪᠦᠬᠦ ᠲᠠᠯ᠎ᠠ ᠪᠠᠷ ᠢᠯᠡᠷᠡᠭᠦᠯᠬᠦ ᠮᠥᠷᠲᠡᠭᠡᠨ ᠪᠠᠰᠠ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠳᠤ ᠵᠣᠷᠢᠭᠲᠠᠢ ᠪᠠᠷ ᠵᠥᠪ ᠢᠶᠠᠷ ᠬᠠᠨᠳᠤᠵᠤ᠂ ᠵᠢᠭᠠᠨ ᠵᠢᠯᠣᠭᠤᠳᠴᠤ ᠬᠢᠨᠠᠨ ᠵᠢᠯᠣᠭᠤᠳᠬᠤ ᠳᠤᠭᠤᠶᠢᠯᠠᠩ ᠤᠨ ᠮᠠᠨ ᠤ ᠲᠤᠭᠤᠷᠢᠭ ᠤᠨ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠦᠨᠡᠨ ᠪᠣᠳᠠᠲᠠᠢ ᠪᠠᠷ ᠣᠶᠢᠯᠠᠭᠠᠵᠤ᠂ ᠪᠦᠬᠦ ᠲᠠᠯ᠎ᠠ ᠪᠠᠷ ᠡᠵᠡᠮᠰᠢᠬᠦ ᠶᠢ ᠦᠨᠡᠨᠬᠦ ᠪᠠᠲᠤᠯᠠᠬᠤ ᠬᠡᠷᠡᠭᠲᠡᠢ᠃ ᠲᠣᠭᠤᠷᠢᠨ ᠪᠠᠶᠢᠴᠠᠭᠠᠬᠤ ᠠᠵᠢᠯ ᠤᠨ ᠶᠠᠰᠤ ᠴᠢᠨᠠᠷ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ︽ᠭᠤᠷᠪᠠᠨ ᠠᠩᠬᠠᠷᠤᠯ ᠢ ᠲᠥᠪᠯᠡᠷᠡᠭᠦᠯᠬᠦ︾ ᠱᠠᠭᠠᠷᠳᠠᠯᠭ᠎ᠠ ᠶᠢ ᠴᠢᠩᠭ᠎ᠠ ᠬᠠᠷᠭᠤᠭᠤᠯᠵᠤ᠂ ᠲᠣᠭᠤᠷᠢᠨ ᠪᠠᠶᠢᠴᠠᠭᠠᠬᠤ ᠠᠵᠢᠯ ᠤᠨ ᠲᠥᠯᠥᠪᠯᠡᠭᠡ ᠪᠣᠯᠤᠨ ᠬᠢᠨᠠᠯᠲᠠ ᠲᠠᠯᠪᠢᠬᠤ ᠭᠤᠣᠯᠳᠠᠯᠭ᠎ᠠ ᠶᠢ ᠴᠢᠭᠯᠡᠭᠦᠯᠬᠦ ᠴᠢᠨᠠᠷᠲᠠᠢ ᠪᠠᠷ ᠲᠣᠭᠲᠠᠭᠠᠵᠤ᠂ ᠲᠣᠭᠤᠷᠢᠨ ᠪᠠᠶᠢᠴᠠᠭᠠᠬᠤ ᠺᠠᠳ᠋ᠷᠴᠤᠤᠡ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ ᠲᠠᠢ ᠴᠠᠭᠳᠠᠨ ᠪᠠᠶᠢᠴᠠᠭᠠᠬᠤ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ ᠭᠡᠵᠤ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号