ᠬᠠᠶᠢᠷᠤᠪ ᠤᠨ ᠲᠤᠬᠤᠢ ᠶᠢᠨ ᠬᠢᠨ ᠵᠣᠯ ᠵᠢᠷᠭᠠᠯᠲᠤ ᠠᠮᠢᠳᠤᠷᠠᠯ ᠢ ᠬᠦᠷᠢᠶᠡᠯᠡᠨ᠎ᠡ︕
ᠨᠡᠶᠢᠲᠡᠯᠡᠭᠰᠡᠨ ᠴᠠᠭ᠄
2022/9/19
      ᠴᠠᠩ ᠴᠢᠩ ᠨᠡᠶᠢᠭᠡᠮ ᠲᠣᠭᠤᠷᠢᠭ ︽ᠬᠥᠮᠦᠨ ᠢᠶᠠᠷ ᠦᠨᠳᠦᠰᠦ ᠪᠣᠯᠭᠠᠨ ᠰᠠᠭᠤᠭᠠᠯᠢ ᠠᠷᠠᠳ ᠲᠤ ᠦᠢᠯᠡᠴᠢᠯᠡᠬᠦ︾ ᠠᠵᠢᠯ ᠤᠨ ᠵᠣᠷᠢᠯᠲᠠ ᠪᠠᠷ᠂ ᠨᠢᠭᠡ ᠮᠦᠴᠡᠳᠤ ᠨᠡᠶᠢᠭᠡᠮ ᠲᠣᠭᠤᠷᠢᠭ ᠤᠨ ᠠᠮᠢᠳᠤᠷᠠᠯ ᠤᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠬᠤᠳᠠ ᠶᠢᠨ ᠰᠢᠨᠡᠴᠢᠯᠡᠯᠲᠡ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠪᠠᠷ ᠠᠵᠠ ᠲᠣᠬᠢᠶᠠᠯ ᠪᠣᠯᠭᠠᠵᠤ᠂ ᠤᠯᠠᠨ ᠠᠷᠭ᠎ᠠ ᠵᠠᠮ᠂ ᠤᠯᠠᠨ ᠠᠷᠭ᠎ᠠ ᠬᠡᠮᠵᠢᠶ᠎ᠡ᠂ ᠤᠯᠠᠨ ᠲᠠᠯ᠎ᠠ ᠠᠴᠠ ︽ᠨᠢᠭᠡ ᠮᠦᠴᠡᠳᠤ ᠨᠡᠶᠢᠭᠡᠮ ᠲᠣᠭᠤᠷᠢᠭ ᠤᠨ ᠠᠮᠢᠳᠤᠷᠠᠯ ᠤᠨ ᠲᠣᠭᠤᠷᠢᠭ︾᠎ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠠᠢ᠃
微信图片_20220919101038.png   
      ᠲᠦᠷᠦᠭᠦᠦ ᠪᠦᠯᠦᠭ ᠤᠨ ᠲᠤᠷᠰᠢᠯᠲᠠ ᠶᠢᠨ ᠨᠡᠶᠢᠭᠡᠮ ᠲᠣᠭᠤᠷᠢᠭ ᠪᠣᠯᠤᠭᠰᠠᠨ ᠤ ᠬᠤᠪᠢ ᠳᠤ᠂ ᠴᠠᠩ ᠴᠢᠩ ᠨᠡᠶᠢᠭᠡᠮ ᠲᠣᠭᠤᠷᠢᠭ ᠤᠨ ᠲᠤᠤᠷᠴᠢᠯᠠᠭᠰᠠᠨ ᠬᠠᠮᠢᠶᠠᠷᠤᠯᠲᠠ ᠶᠢᠨ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠵᠤ᠂ ᠨᠡᠶᠢᠭᠡᠮ ᠤᠨ ᠵᠠᠰᠠᠯᠲᠠ ᠶᠢᠨ ᠰᠢᠨ᠎ᠡ ᠬᠥᠳᠡᠯᠭᠡᠬᠦ ᠬᠦᠴᠦᠨ ᠢ ᠲᠠᠰᠤᠷᠠᠯᠳᠡ ᠦᠭᠡᠢ ᠬᠠᠶᠢᠨ ᠰᠦᠪᠡᠭᠴᠢᠯᠡᠵᠦ᠂ ᠦᠵᠡᠰᠬᠦᠯᠡᠩᠲᠦ ᠰᠠᠶᠢᠬᠠᠨ ᠨᠡᠶᠢᠭᠡᠮ ᠲᠣᠭᠤᠷᠢᠭ ᠢ ᠨᠢᠭᠡ ᠮᠦᠴᠡᠳᠤ ᠨᠡᠶᠢᠭᠡᠮ ᠲᠣᠭᠤᠷᠢᠭ ᠤᠨ ᠠᠮᠢᠳᠤᠷᠠᠯ ᠤᠨ  ᠬᠦᠷᠢᠶ᠎ᠡ ᠶᠢᠨ ᠪᠦᠳᠦᠭᠡᠨ ᠪᠠᠶᠢᠭᠤᠯᠤᠯᠲᠠ᠂ ᠲᠤᠤᠷᠴᠢᠯᠠᠭᠰᠠᠨ ᠦᠨᠳᠦᠰᠦᠨ ᠱᠠᠲᠤᠨ ᠤ ᠵᠠᠰᠠᠯᠲᠠ ᠲᠠᠢ ᠤᠶᠠᠯᠳᠤᠭᠤᠯᠵᠤ᠂ ︽ᠵᠡᠭᠡᠯᠢ ᠭᠤᠳᠤᠮᠵᠢ ᠶᠢᠨ ᠶᠡᠭᠡ ᠠᠵᠢᠯ ᠤᠨ ᠬᠤᠷᠢᠶ᠎ᠠ︾᠂ ︽ᠨᠡᠶᠢᠭᠡᠮ ᠲᠣᠭᠤᠷᠢᠭ ᠤᠨ ᠶᠡᠭᠡ ᠨᠠᠮ ᠤᠨ ᠬᠤᠷᠢᠶ᠎ᠠ︾᠎ ᠶᠢᠨ ᠠᠵᠢᠯ ᠤᠨ ᠲᠣᠭᠲᠠᠴᠠ ᠶᠢ ᠬᠡᠷᠡᠭᠵᠢᠭᠦᠯᠪᠡ︔ ᠡᠭᠦᠨ ᠤ ᠬᠠᠮᠲᠤ᠂ ᠰᠢᠨ᠎ᠡ ᠬᠠᠭᠤᠴᠢᠨ ᠨᠡᠶᠢᠭᠡᠮ ᠲᠣᠭᠤᠷᠢᠭ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠪᠠᠶᠢᠭᠤᠯᠤᠯᠲᠠ ᠶᠢᠨ ᠪᠠᠶᠢᠳᠠᠯ ᠢ ᠪᠥᠬᠦ ᠬᠦᠴᠦᠨ ᠢᠶᠠᠷ ᠢᠶᠠᠨ ᠣᠶᠢᠯᠠᠭᠠᠵᠤ᠂ ︽ᠨᠢᠭᠡ ᠮᠦᠴᠡᠳᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾᠎ ᠶᠢᠨ ᠰᠠᠭᠤᠷᠢ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠪᠠ︔ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠤᠣᠰ ᠱᠤᠭᠤᠮ ᠤᠨ ᠪᠠᠶᠢᠴᠠᠭᠠᠯᠲᠠ ᠶᠢ ᠥᠷᠨᠢᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠪᠦᠬᠦ ᠲᠠᠯ᠎ᠠ ᠪᠠᠷ ᠣᠷᠣᠯᠴᠠᠵᠤ ᠬᠠᠷᠢᠯᠴᠠᠨ ᠬᠥᠳᠡᠯᠦᠯᠴᠡᠬᠦ ᠶᠢ ᠪᠡᠶᠡᠯᠡᠭᠦᠯᠵᠦ᠂ ︽ᠨᠢᠭᠡ ᠬᠤᠷᠰᠢᠶᠠᠨ ᠳᠤ ᠨᠢᠭᠡ ᠵᠢᠯ ᠳᠤ ᠨᠢᠭᠡ ᠶᠠᠪᠤᠳᠠᠯ︾᠎ ᠤᠨ ᠲᠣᠭᠲᠠᠴᠠ ᠪᠠᠷ ᠯᠠᠪᠯᠠᠯᠲᠠ ᠪᠣᠯᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠰᠦᠯᠵᠢᠶᠡᠨ ᠤ ᠠᠵᠢᠯᠳᠠᠨ᠂ ᠠᠰᠠᠷ ᠤᠨ ᠳᠠᠷᠤᠭ᠎ᠠ ᠵᠡᠷᠭᠡ ᠬᠦᠴᠦᠨ ᠢ ᠴᠤᠭᠯᠠᠭᠤᠯᠤᠨ ᠠᠷᠠᠳ ᠤᠨ ᠪᠠᠶᠢᠳᠠᠯ ᠤᠨ ᠠᠷᠠᠳ ᠤᠨ ᠰᠠᠨᠠᠭ᠎ᠠ ᠶᠢ ᠪᠠᠶᠢᠴᠠᠭᠠᠬᠤ ᠠᠵᠢᠯ ᠳᠤ ᠬᠠᠮᠲᠤ ᠪᠠᠷ ᠣᠷᠣᠯᠴᠠᠭᠤᠯᠵᠤ᠂ ᠠᠷᠠᠳ ᠤᠯᠠᠨ ᠤ ᠦᠨᠡᠨ ᠪᠣᠳᠠᠲᠠᠶ ᠪᠤᠳᠤᠯ ᠰᠠᠨᠠᠯ ᠢ ᠴᠤᠭᠯᠠᠭᠤᠯᠵᠤ᠂ ᠠᠷᠠᠳ ᠤᠨ ᠰᠠᠨᠠᠭ᠎ᠠ ᠬᠡᠷᠡᠭᠴᠡᠭᠡ ᠱᠠᠭᠠᠷᠳᠠᠯᠭ᠎ᠠ ᠶᠢᠨ ᠡᠭᠡ ᠲᠠᠩᠰᠠ ᠶᠢ ᠪᠠᠶᠢᠭᠤᠯᠪᠠ᠃
微信图片_20220919101041.png
微信图片_20220919101044.png
         ︽ᠨᠢᠭᠡ ᠮᠦᠴᠡᠳᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾᠎ ᠶᠢ ᠲᠦᠷᠭᠡᠨ ᠪᠠᠶᠢᠭᠤᠯᠬᠤ ᠶᠢᠨ ᠲᠥᠯᠥᠭᠡ᠂ ᠠᠵᠢᠯᠲᠠᠳ ᠴᠠᠩ ᠴᠢᠩ ᠨᠡᠶᠢᠭᠡᠮ ᠲᠣᠭᠤᠷᠢᠭ ᠤᠨ 15 ᠲᠣᠣᠷ ᠲᠤ ᠭᠦᠨᠵᠡᠭᠡᠶᠢᠷᠡᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠣᠶᠢᠯᠠᠭᠠᠵᠤ᠂ ᠠᠷᠠᠳ ᠲᠤ ᠲᠦᠬᠦᠮ ᠦᠵᠡᠭᠦᠯᠬᠦ ᠠᠮᠢᠳᠤᠷᠠᠯ ᠤᠨ ᠬᠦᠷᠢᠶ᠎ᠡ ᠶᠢᠨ ᠪᠠᠶᠢᠭᠤᠯᠤᠯᠲᠠ ᠶᠢ ᠰᠦᠪᠡᠭᠴᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ᠂ ᠬᠤᠳᠠ ᠶᠢ ᠨᠡᠩ ᠳᠤᠯᠠᠭᠠᠴᠠ ᠲᠠᠢ᠂ ᠠᠷᠠᠳ ᠲᠦᠮᠡᠨ ᠢ ᠨᠡᠩ ᠵᠣᠯ ᠵᠢᠷᠭᠠᠯ ᠲᠠᠢ ᠪᠣᠯᠭᠠᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠴᠢᠷᠮᠠᠶᠢᠨ ᠪᠡᠶᠡᠯᠡᠭᠦᠯᠵᠡᠢ᠃ ᠭᠦᠢᠴᠡᠳ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠴᠠᠩ ᠴᠢᠩ ᠨᠡᠶᠢᠭᠡᠮ ᠲᠣᠭᠤᠷᠢᠭ ᠤᠨ ᠬᠢᠨ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠲᠤᠰ ᠪᠡᠶ᠎ᠡ ᠶᠢᠨ ᠰᠠᠭᠤᠭᠠᠯᠢ ᠠᠷᠠᠳ ᠤᠨ ᠲᠣᠭᠤᠷᠢᠭ ᠤᠨ ᠪᠠᠶᠢᠷᠢᠰᠢᠯ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠠᠷᠬᠠᠯᠲᠠ ᠶᠢᠨ ᠪᠠᠶᠢᠳᠠᠯ ᠢᠶᠠᠨ ᠦᠨᠳᠦᠰᠦᠯᠡᠵᠦ᠂ ᠨᠢᠭᠡ ᠣᠷᠣᠨ ᠨᠢᠭᠡ ᠣᠨᠴᠠᠯᠢᠭ ᠲᠠᠢ ᠪᠠᠶᠢᠬᠤ ᠵᠠᠷᠴᠢᠮ ᠶᠣᠰᠣᠭᠠᠷ᠂ ᠨᠡᠶᠢᠭᠡᠮ ᠲᠣᠭᠤᠷᠢᠭ ᠢ ᠡᠮᠦᠨ᠎ᠡ ᠲᠣᠭᠤᠷᠢᠭ᠂ ᠳᠤᠮᠳᠠ ᠲᠣᠭᠤᠷᠢᠭ᠂ ᠬᠤᠶᠢᠲᠤ ᠲᠣᠭᠤᠷᠢᠭ ᠭᠡᠵᠦ ᠭᠤᠷᠪᠠᠨ ᠬᠡᠰᠡᠭ ᠬᠤᠪᠢᠶᠠᠵᠤ᠂ ᠭᠤᠷᠪᠠᠨ ᠣᠷᠣᠨ ᠲᠣᠭᠤᠷᠢᠭ ᠢ ᠲᠤᠰ ᠲᠤᠰ ᠣᠷᠣᠰᠢᠨ ᠰᠠᠭᠤᠬᠤ ᠳᠤ ᠲᠣᠬᠢᠷᠠᠮᠵᠢᠲᠠᠢ ᠠᠷᠠᠴᠢᠯᠠᠬᠤ ᠳᠤ ᠲᠣᠬᠢᠷᠠᠮᠵᠢᠲᠠᠢ ᠬᠦᠷᠢᠶ᠎ᠡ᠂ ᠳᠥᠭᠦᠮ ᠳᠥᠲᠡ ᠪᠠᠷᠠᠭ᠎ᠠ ᠬᠤᠳᠠᠯᠳᠤᠨ ᠠᠪᠬᠤ ᠬᠦᠷᠢᠶ᠎ᠡ᠂ ᠤᠨᠴᠠᠯᠢᠭᠳᠤ ᠰᠣᠶᠣᠯ ᠤᠨ ᠬᠦᠷᠢᠶ᠎ᠡ ᠶᠢ ᠪᠠᠶᠢᠭᠤᠯᠬᠤ ᠪᠠᠷ ᠲᠥᠯᠥᠪᠯᠡᠵᠦ ᠪᠤᠢ᠃ ᠴᠠᠩ ᠴᠢᠩ ᠨᠡᠶᠢᠭᠡᠮ ᠲᠣᠭᠤᠷᠢᠭ ᠪᠠᠰᠠ ᠤᠳᠤ ᠶᠢᠨ ᠪᠠᠶᠢᠭ᠎ᠠ ᠤᠯᠠᠨ ᠨᠡᠶᠢᠲᠡ ᠶᠢᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠶᠡᠭᠡ ᠎ ᠪᠠᠷ ᠨᠤᠷᠠᠭᠠᠵᠤ ᠶᠡᠭᠡ ᠪᠠᠷ ᠪᠠᠶᠢᠭᠤᠯᠬᠤ ᠦᠭᠡᠢ ᠪᠠᠶᠢᠬᠤ ᠰᠠᠭᠤᠷᠢᠨ ᠳᠡᠭᠡᠷ᠎ᠡ᠂ ᠳᠤᠲᠠᠭᠤᠳᠠᠯ ᠢ ᠨᠥᠬᠦᠪᠥᠷᠢᠯᠡᠵᠦ᠂ ᠲᠦᠷᠦᠯ ᠵᠦᠢᠯ ᠢ ᠬᠦᠴᠦᠷᠬᠡᠭᠵᠢᠭᠦᠯᠵᠦ᠂ ᠴᠢᠳᠠᠮᠵᠢ ᠶᠢ ᠨᠢ ᠨᠡᠮᠡᠭᠳᠡᠭᠦᠯᠵᠦ᠂ ᠡᠷᠡᠭᠦᠯ ᠮᠡᠨᠳᠦ ᠶᠢᠨ ᠬᠠᠮᠢᠶᠠᠷᠤᠯᠲᠠ᠂ ᠨᠠᠰᠤᠲᠠᠶᠢᠴᠤᠳ ᠲᠤ ᠦᠢᠯᠡᠴᠢᠯᠡᠬᠦ᠂ ᠨᠠᠰᠤᠨ ᠲᠤᠷᠰᠢᠳᠠ ᠶᠢᠨ ᠰᠤᠷᠭᠠᠨ ᠬᠥᠮᠦᠵᠢᠯ᠂ ᠰᠣᠶᠣᠯ ᠤᠨ ᠠᠵᠢᠯᠯᠠᠭ᠎ᠠ᠂ ᠪᠡᠶ᠎ᠡ ᠶᠢᠨ ᠲᠠᠮᠢᠷ ᠤᠨ ᠪᠠᠶᠢᠭᠤᠯᠤᠯᠲᠠ᠂ ᠬᠤᠳᠠᠯᠳᠤᠭᠠᠨ ᠤ ᠦᠢᠯᠡᠴᠢᠯᠡᠭᠡ᠂ ᠵᠠᠰᠠᠭ ᠵᠠᠬᠢᠷᠭᠠᠨ ᠤ ᠬᠠᠮᠢᠶᠠᠷᠤᠯᠲᠠ ᠪᠠ ᠬᠤᠳᠠ ᠶᠢᠨ ᠶᠠᠪᠤᠳᠠᠯ ᠤᠨ ᠲᠥᠬᠦᠭᠡᠷᠦᠮᠵᠢ ᠵᠡᠷᠭᠡ ᠨᠠᠢᠮᠠᠨ ᠲᠦᠷᠦᠯ ᠢ ᠭᠤᠣᠯᠳᠠᠯᠭ᠎ᠠ ᠲᠠᠢ ᠪᠠᠷ ᠡᠮᠬᠢᠯᠡᠨ ᠲᠡᠭᠦᠯᠳᠡᠷᠵᠢᠭᠦᠯᠪᠡ᠃ ᠳᠤᠮᠳᠠᠳᠤ ᠶᠢᠨ ᠦᠨᠳᠦᠰᠦᠲᠡᠨ ᠤ ︽ᠶᠠᠳᠠᠭᠤ ᠶᠢ ᠲᠡᠳᠬᠦᠵᠦ ᠬᠦᠴᠢᠷᠳᠡᠯᠲᠡᠶ ᠶᠢ ᠬᠠᠪᠰᠤᠷᠬᠤ ᠂ ᠬᠠᠷᠢᠯᠴᠠᠨ ᠬᠠᠪᠰᠤᠷᠴᠤ ᠬᠠᠷᠢᠯᠴᠠᠨ ᠬᠠᠪᠰᠤᠷᠤᠯᠴᠠᠬᠤ᠂ ᠬᠠᠶᠢᠷ᠎ᠠ ᠬᠠᠯᠠᠮᠵᠢ ᠪᠠᠨ ᠡᠷᠭᠦᠬᠦ︾ ᠤᠯᠠᠮᠵᠢᠯᠠᠯᠲᠤ ᠰᠠᠶᠢᠬᠠᠨ ᠰᠤᠷᠲᠠᠯ ᠢ ᠭᠦᠢᠴᠡᠤᠡ ᠪᠠᠳᠠᠷᠠᠭᠤᠯᠵᠤ᠂  ᠴᠡᠭᠡᠯ ᠠᠭᠤᠯᠠ ᠪᠠᠯᠭᠠᠰᠤᠨ ᠤ ᠲᠤᠸᠠᠨ ᠵᠢᠶᠧ ᠰᠢᠨ᠎ᠡ ᠲᠤᠰᠬᠤᠨ ᠤ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠳᠤ ᠲᠦᠰᠢᠭᠯᠡᠨ᠂ ᠬᠠᠶᠢᠷ᠎ᠠ ᠬᠠᠯᠠᠮᠵᠢ ᠨᠢᠭᠦᠯᠡᠰᠦᠩᠭᠦᠶ ᠶᠢᠨ ᠬᠡᠲᠦ ᠳᠡᠯᠭᠡᠭᠦᠷ ᠢ ᠪᠣᠶ ᠪᠣᠯᠭᠠᠵᠤ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠪᠣᠬᠢᠷᠲᠤᠯ ᠥᠬᠡᠶ ᠪᠦᠲᠦᠭᠡᠭᠳᠡᠬᠦᠨ ᠢ ᠬᠤᠲᠠ ᠳᠤ ᠣᠷᠣᠭᠤᠯᠬᠤ︾ ᠠᠷᠠᠳ ᠲᠤ ᠲᠥᠬᠦᠮ ᠦᠵᠡᠭᠦᠯᠬᠦ ᠢᠨᠵᠧᠨᠧᠷᠢᠩ ᠢ ᠬᠠᠮᠲᠤ ᠪᠠᠷ ᠥᠷᠨᠢᠭᠦᠯᠵᠦ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠢ ᠦᠨᠡᠨᠬᠦ ᠳᠠᠶᠢᠴᠢᠯᠠᠨ ᠶᠠᠳᠠᠭᠤ ᠠᠴᠠ ᠠᠩᠭᠢᠵᠢᠷᠠᠭᠤᠯᠵᠤ᠂ ᠪᠣᠬᠢᠷᠲᠤᠯ ᠥᠬᠡᠶ ᠡᠷᠡᠭᠦᠯ ᠰᠠᠷᠠᠭᠤᠯ ᠠᠮᠢᠳᠤᠷᠠᠯ ᠢ ᠪᠣᠶ ᠪᠣᠯᠭᠠᠬᠤ ᠬᠡᠷᠡᠭᠲᠡᠶ︔ ᠬᠠᠭᠤᠴᠢᠨ ᠪᠠ ᠬᠠᠭᠤᠴᠢᠷᠬᠠᠰᠠᠨ ᠵᠢᠵᠢᠭ ᠲᠣᠭᠤᠷᠢᠭ ᠢ ᠥᠭᠡᠷᠡᠴᠢᠯᠡᠬᠦ ᠲᠠᠢ ᠤᠶᠠᠯᠳᠤᠭᠤᠯᠤᠨ᠂ ᠠᠵᠤ ᠤᠶᠢᠯᠡᠤᠡᠪᠤᠷᠢ ᠶᠢᠨ ᠪᠠᠩᠬᠢ ᠶᠢᠨ ᠡᠮᠦᠨ᠎ᠡ ᠵᠢᠵᠢᠭ ᠲᠣᠭᠤᠷᠢᠭ ᠢᠶᠠᠷ ᠲᠤᠷᠰᠢᠯᠲᠠ ᠶᠢᠨ ᠴᠡᠭ ᠪᠣᠯᠭᠠᠵᠤ᠂ ᠣᠷᠴᠢᠨ ᠲᠣᠭᠤᠷᠢᠨ ᠢᠶᠠᠷ ᠭᠤᠶᠢᠳᠠ ᠰᠠᠶᠢᠬᠠᠨ ᠣᠳᠣᠬᠢᠴᠢᠯᠠᠭᠰᠠᠨ ᠣᠷᠣᠨ ᠰᠠᠭᠤᠴᠠ ᠶᠢᠨ ᠵᠢᠵᠢᠭ ᠲᠣᠭᠤᠷᠢᠭ ᠢ ᠢᠳᠡᠪᠬᠢᠲᠡᠶ ᠪᠠᠷ ᠴᠣᠭᠴᠠᠯᠠᠨ ᠪᠠᠶᠢᠭᠤᠯᠵᠤ᠂ ᠵᠢᠵᠢᠭ ᠲᠣᠭᠤᠷᠢᠭ ᠤᠨ ᠣᠯᠠᠨ ᠨᠡᠶᠢᠲᠡ ᠶᠢᠨ ᠴᠡᠴᠡᠷᠯᠢᠭ ᠢᠶᠠᠷ ︽ᠴᠡᠭ︾ ᠪᠣᠯᠭᠠᠭᠰᠠᠨ᠂ ᠵᠠᠮ ᠤᠨ ᠬᠠᠵᠠᠭᠤ ᠳᠤ ᠨᠣᠭᠤᠭᠠᠷᠠᠭᠤᠯᠵᠤ ᠳᠦᠷᠰᠦ ᠪᠦᠲᠦᠭᠡᠬᠦ ᠪᠠᠷ ︽ᠱᠤᠭᠤᠮ︾ ᠪᠣᠯᠭᠠᠭᠰᠠᠨ᠂ ᠣᠷᠣᠨ ᠰᠠᠭᠤᠴᠠ ᠶᠢᠨ ᠬᠦᠷᠢᠶ᠎ᠡ ᠬᠠᠰᠢᠶ᠎ᠠ ᠶᠢ ᠭᠤᠶᠤᠵᠢᠭᠤᠯᠬᠤ ᠪᠠᠷ ︽ᠨᠢᠭᠤᠷ︾ ᠪᠣᠯᠭᠠᠭᠰᠠᠨ ᠨᠣᠭᠤᠭᠠᠷᠠᠭᠤᠯᠤᠯᠲᠠ ᠶᠢᠨ ᠪᠠᠶᠢᠷᠢᠰᠢᠯ ᠢ ᠢᠳᠡᠭ ᠢᠳᠡᠭ ᠢᠶᠠᠷ ᠪᠣᠶ ᠪᠣᠯᠭᠠᠵᠤ᠂ ᠰᠠᠭᠤᠭᠠᠯᠢ ᠠᠷᠠᠳ ᠢ ᠬᠡᠷ ᠲᠡᠭᠡᠨ ᠬᠠᠷᠢᠵᠤ ᠴᠡᠴᠡᠷᠯᠢᠭ ᠲᠤ ᠣᠷᠣᠬᠤ᠂ ᠭᠠᠵᠠᠷ ᠪᠣᠯᠭᠠᠨ ᠳᠤ ᠦᠵᠡᠮᠵᠢ ᠰᠣᠨᠢᠷᠬᠠᠬᠤ ᠲᠠᠭᠠᠯᠠᠮᠵᠢᠲᠠᠶ ᠠᠮᠢᠳᠤᠷᠠᠯ ᠲᠠᠢ ᠪᠣᠯᠭᠠᠨ᠎ᠠ᠃
微信图片_20220919101050.png
微信图片_20220919101047.png
         ᠡᠨᠡ ᠵᠢᠯ ᠠᠴᠠ ᠨᠠᠰᠢ᠂ ᠴᠠᠩ ᠴᠢᠩ ᠨᠡᠶᠢᠭᠡᠮ ᠲᠣᠭᠤᠷᠢᠭ ᠰᠠᠭᠤᠭᠠᠯᠢ ᠠᠷᠠᠳ ᠤᠨ ᠲᠣᠭᠤᠷᠢᠭ ᠤᠨ ᠵᠣᠯ ᠵᠢᠷᠭᠠᠯᠲᠤ ᠲᠣᠭᠤᠷᠢᠭ ᠢ ᠪᠠᠶᠢᠭᠤᠯᠬᠤ ᠪᠠᠷ ᠳᠠᠮᠵᠢᠭᠤᠯᠤᠨ᠂ ᠨᠢᠭᠡ ᠮᠦᠴᠡᠳᠤ ᠨᠡᠶᠢᠭᠡᠮ ᠲᠣᠭᠤᠷᠢᠭ ᠤᠨ ᠠᠮᠢᠳᠤᠷᠠᠯ ᠤᠨ ᠲᠣᠭᠤᠷᠢᠭ ᠢ ᠪᠠᠶᠢᠭᠤᠯᠬᠤ ᠪᠠ ︽ᠨᠢᠭᠡ ᠬᠤᠷᠰᠢᠶᠠᠨ ᠳᠤ ᠨᠢᠭᠡ ᠵᠢᠯ ᠳᠤ ᠨᠢᠭᠡ ᠤᠴᠢᠷ ᠶᠠᠪᠤᠳᠠᠯ︾᠎ ᠢ ᠪᠠᠶᠢᠭᠤᠯᠬᠤ ᠠᠵᠢᠯ ᠢ ᠬᠠᠷᠢᠯᠴᠠᠨ ᠤᠶᠠᠯᠳᠤᠭᠤᠯᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠡᠯ᠎ᠡ  ᠵᠤᠶᠢᠯ ᠤᠨ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠨᠠᠶᠢᠳᠠᠪᠤᠷᠢᠵᠢᠭᠤᠯᠪᠠ᠃ ᠨᠡᠶᠢᠭᠡᠮ ᠲᠣᠭᠤᠷᠢᠭ ᠤᠨ ᠬᠢᠨ ᠤᠯᠠᠨ ᠰᠠᠯᠠᠭ᠎ᠠ ᠮᠥᠴᠢᠷ ᠲᠠᠢ ᠬᠤᠯᠪᠣᠭᠠᠯᠠᠨ ᠬᠥᠳᠡᠯᠦᠯᠴᠡᠵᠦ ᠬᠠᠮᠲᠤᠪᠠᠷ ᠪᠠᠶᠢᠭᠤᠯᠵᠤ᠂ ᠰᠠᠭᠤᠷᠢ ᠶᠢ ᠲᠡᠭᠦᠯᠳᠡᠷᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠣᠨᠴᠠᠯᠢᠭ ᠢ ᠪᠤᠢ ᠪᠣᠯᠭᠠᠬᠤ ᠵᠠᠷᠴᠢᠮ ᠶᠣᠰᠣᠭᠠᠷ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠵᠤ᠂ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠲᠠᠩᠰᠠ ᠶᠢ ᠠᠷᠠᠳ ᠲᠤ ᠲᠦᠬᠦᠮ ᠦᠵᠡᠭᠦᠯᠬᠦ ᠠᠮᠢᠳᠤᠷᠠᠯ ᠤᠨ ᠬᠦᠷᠢᠶᠡᠨ ᠤ ᠪᠦᠳᠦᠭᠡᠨ ᠪᠠᠶᠢᠭᠤᠯᠤᠯᠲᠠ ᠳᠤ ᠣᠷᠣᠭᠤᠯᠵᠤ᠂ ᠵᠡᠭᠡᠯᠢ ᠭᠤᠳᠤᠮᠵᠢ ᠳᠤ ᠱᠦᠭᠯᠦ ᠦᠯᠢᠶᠡᠬᠦ᠂ ᠰᠠᠯᠠᠭ᠎ᠠ ᠮᠥᠴᠢᠷ ᠤᠨ ᠨᠡᠷ᠎ᠡ ᠮᠡᠳᠡᠭᠦᠯᠬᠦ ᠠᠷᠭ᠎ᠠ ᠬᠡᠯᠪᠡᠷᠢ ᠪᠠᠷ ᠡᠨᠡᠬᠦ ᠠᠵᠢᠯ ᠢ ᠤᠯᠠᠮ ᠴᠢᠨᠠᠭᠰᠢᠳᠠ ᠰᠢᠨᠵᠢᠯᠡᠬᠦ ᠤᠬᠠᠭᠠᠨᠴᠢ ᠪᠠᠷ ᠨᠠᠶᠢᠳᠠᠪᠤᠷᠢᠵᠢᠭᠤᠯᠤᠨ ᠨᠠᠷᠢᠯᠢᠬᠵᠢᠭᠤᠯᠬᠤ ᠬᠡᠷᠡᠭᠲᠡᠢ︔ ᠡᠭᠦᠨ ᠤ ᠬᠠᠮᠲᠤ᠂ ᠠᠰᠠᠭᠤᠳᠠᠯ ᠢ  ᠰᠢᠢᠤᠡᠪᠤᠷᠢᠯᠡᠬᠦ ᠪᠠ ᠬᠢᠯᠠᠰ ᠴᠡᠭ ᠢ ᠡᠭᠦᠳᠬᠦ ᠶᠢ ᠬᠠᠷᠢᠯᠴᠠᠨ ᠤᠶᠠᠯᠳᠤᠭᠤᠯᠵᠤ᠂ ᠨᠠᠰᠤᠲᠠᠶᠢᠴᠤᠳ ᠲᠤ ᠦᠢᠯᠡᠴᠢᠯᠡᠬᠦ ᠪᠠᠷ ᠲᠠᠰᠤᠷᠠᠯᠲᠠ ᠦᠭᠡᠶ ᠳᠡᠭᠡᠭᠰᠢᠯᠡᠭᠦᠯᠵᠦ᠂ ᠣᠶᠢᠷ᠎ᠠ ᠵᠠᠶ ᠠᠴᠠ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠨᠡᠪᠲᠡᠷᠡᠭᠦᠯᠵᠦ᠂ ᠬᠠᠷᠢᠶᠠᠲᠤ ᠣᠷᠣᠨ ᠤ ᠨᠠᠰᠤᠲᠠᠶᠢᠴᠤᠳ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠦᠴᠢᠷᠳᠡᠯ ᠲᠠᠢ ᠡᠷᠦᠬᠡ ᠵᠢᠴᠢ ᠬᠥᠳᠡᠯᠵᠦ ᠪᠠᠷᠢᠬᠤ ᠳᠤ ᠳᠥᠭᠦᠮ ᠦᠭᠡᠢ ᠰᠠᠭᠤᠭᠠᠯᠢ ᠠᠷᠠᠳ ᠲᠤ ᠴᠢᠭᠯᠡᠭᠦᠯᠦᠨ᠂ ᠨᠡᠶᠢᠭᠡᠮ ᠲᠣᠭᠤᠷᠢᠭ ᠤᠨ ᠠᠵᠢᠯᠲᠠᠨ ᠵᠢᠴᠢ ᠰᠦᠯᠵᠢᠶᠡᠨ ᠤ ᠠᠵᠢᠯᠲᠠᠨ ᠰᠠᠨᠠᠭᠠᠴᠢᠯᠠᠭ᠎ᠠ ᠠᠴᠠ ᠪᠠᠨ ᠡᠷᠦᠬᠡ ᠳᠤ ᠣᠷᠣᠵᠤ᠂ ᠰᠠᠭᠤᠭᠠᠯᠢ ᠠᠷᠠᠳ ᠥᠪᠡᠷ ᠤᠨ ᠪᠡᠶ᠎ᠡ ᠶᠢᠨ ᠦᠨᠡᠮᠯᠡᠯ ᠪᠠ ᠡᠷᠦᠬᠡ ᠠᠮᠠ ᠶᠢᠨ ᠳᠡᠪᠲᠡᠷ ᠵᠡᠷᠭᠡ ᠬᠠᠮᠢᠶ᠎ᠠ ᠪᠥᠬᠦᠶ ᠦᠨᠡᠮᠯᠡᠯ ᠢᠶᠠᠨ ᠭᠠᠷᠭᠠᠨ ᠦᠵᠡᠭᠦᠯᠵᠦ᠂ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠴᠤᠭᠯᠠᠭᠤᠯᠬᠤ ᠵᠢᠵᠢᠭ ᠲᠠᠰ ᠳᠠᠷᠠᠭᠠᠯᠠᠯ᠂ ᠠᠷᠠᠳ ᠤᠨ ᠶᠠᠪᠤᠳᠠᠯ ᠤᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠰᠢᠰᠲ᠋ᠧᠮ ᠤᠨ App ᠵᠢᠴᠢ ᠣᠶᠤᠨᠴᠢ ᠠᠪᠤᠷᠠᠨ ᠲᠤᠰᠠᠯᠠᠯᠲᠠ ᠶᠢᠨ ᠰᠢᠯᠵᠢᠮᠡᠯ ᠠᠯᠪᠠᠨ ᠤ App᠎ ᠢᠶᠠᠷ ᠳᠡᠮᠵᠢᠨ᠂ ᠥᠨᠳᠥᠷ ᠨᠠᠰᠤᠨ ᠤ ᠨᠡᠮᠡᠭᠦᠷᠢ᠂ ᠵᠡᠮᠳᠡᠭ ᠵᠡᠷᠭᠡ ᠬᠥᠮᠦᠰ ᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠪᠡᠯ᠂ ᠰᠠᠭᠤᠭᠠᠯᠢ ᠠᠷᠠᠳ ᠬᠡᠷ ᠠᠴᠠ ᠪᠠᠨ ᠭᠠᠷᠬᠤ ᠥᠬᠡᠶ ᠪᠠᠷ ᠣᠨ ᠤ ᠬᠢᠨᠠᠨ ᠪᠠᠶᠢᠴᠠᠭᠠᠯᠲᠠ ᠶᠢ ᠭᠦᠢᠴᠡᠤᠡᠭᠡᠵᠤ ᠪᠣᠯᠤᠨ᠎ᠠ᠃     ᠣᠯᠠᠨ ᠦᠷ᠎ᠡ ᠠᠰᠢᠭ ᠢ ᠠᠭᠤᠰᠤᠯᠴᠠᠭᠤᠯᠤᠨ ᠬᠠᠮᠲᠤᠪᠠᠷ ᠪᠠᠶᠢᠭᠤᠯᠬᠤ ᠶᠢ ᠪᠡᠶᠡᠯᠡᠭᠦᠯᠬᠦ ᠶᠢᠨ ᠲᠥᠯᠥᠭᠡ᠂ ᠴᠠᠩ ᠴᠢᠩ ᠨᠡᠶᠢᠭᠡᠮ ᠲᠣᠭᠤᠷᠢᠭ ᠤᠨ ᠬᠢᠨ ᠪᠠᠰᠠ ᠪᠦᠬᠦ ᠠᠷᠠᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ  ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠤᠳᠤ ᠶᠢᠨ ᠹᠧᠩ ᠬᠤᠸᠠᠩ ᠯᠢᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠵᠠᠰᠠᠵᠤ ᠴᠢᠮᠡᠭᠯᠡᠬᠦ ᠠᠵᠢᠯ ᠨᠢᠭᠡᠨᠲᠡ ᠳᠠᠭᠤᠰᠴᠤ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠨᠢᠭᠡᠨᠲᠡ ᠡᠬᠢᠯᠡᠭᠦᠯᠪᠡ᠂ ᠡᠳᠡᠭᠡᠷ ᠲᠦᠷᠦᠯ ᠵᠦᠢᠯ ᠨᠢ ᠴᠠᠩ ᠴᠢᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠬᠦᠭᠡᠷᠦᠮᠵᠢ ᠶᠢ ᠴᠢᠨᠠᠭᠰᠢᠳᠠ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠪᠠ ᠨᠡᠶᠢᠭᠡᠮ ᠲᠣᠭᠤᠷᠢᠭ ᠤᠨ ᠵᠠᠰᠠᠯᠲᠠ ᠶᠢᠨ ᠠᠷᠭ᠎ᠠ ᠬᠡᠯᠪᠡᠷᠢ ᠶᠢ ᠨᠠᠷᠢᠯᠢᠬᠵᠢᠭᠤᠯᠬᠤ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠣᠯᠤᠨ᠎ᠠ᠃ ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠬᠢᠨ ᠪᠠᠰᠠ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠬᠤᠶᠠᠷ ︽ᠬᠠᠷᠮᠠᠨ ᠴᠡᠴᠡᠷᠯᠢᠭ︾ ᠪᠠᠶᠢᠭᠤᠯᠬᠤ ᠪᠠᠷ ᠲᠥᠯᠥᠪᠯᠡᠵᠦ ᠪᠣᠶ᠃ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠲᠠᠢ ᠤᠶᠠᠯᠳᠤᠭᠤᠯᠤᠨ᠂ ᠨᠠᠰᠤᠲᠠᠨ ᠢ ᠠᠰᠠᠷᠠᠵᠤ ᠨᠢᠯᠬᠠᠰ ᠢ ᠰᠠᠭᠠᠲᠠᠭᠤᠯᠬᠤ᠂ ᠰᠣᠶᠣᠯ ᠪᠡᠶ᠎ᠡ ᠶᠢᠨ ᠲᠠᠮᠢᠷ ᠤᠨ ᠠᠵᠢᠯᠯᠠᠭᠠᠨ ᠤ ᠲᠠᠯᠠᠪᠤᠷ ᠢ ᠰᠢᠨ᠎ᠡ ᠪᠠᠷ ᠪᠠᠶᠢᠭᠤᠯᠵᠤ᠂ ᠬᠤᠭ ᠨᠣᠪᠰᠢ ᠶᠢ ᠲᠥᠷᠥᠯ ᠬᠤᠪᠢᠶᠠᠨ ᠢᠵᠢ ᠪᠥᠷᠢᠳᠦᠭᠦᠯᠬᠦ ᠪᠡᠯᠡᠳᠬᠡᠮᠵᠢ ᠶᠢ ᠵᠠᠰᠠᠭ ᠤᠨ ᠣᠷᠳᠣᠨ ᠤ ᠡᠯ᠎ᠡ ᠵᠤᠶᠢᠯ ᠤᠨ ᠢᠨᠵᠧᠨᠧᠷᠢᠩ ᠳᠤ ᠲᠦᠰᠢᠭᠯᠡᠨ᠂ ᠴᠢᠨᠠᠷ ᠰᠠᠶᠢᠲᠠᠶ  ᠤᠶᠢᠯᠡᠴᠢᠯᠡᠭᠡᠨ ᠤ ᠲᠥᠷᠥᠯ  ᠵᠤᠶᠢᠯ ᠢ ᠪᠣᠶ ᠪᠣᠯᠭᠠᠵᠤ᠂ ᠡᠯ᠎ᠡ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠡᠯ᠎ᠡ ᠨᠢᠭᠡᠴᠡ ᠶᠢᠨ ᠠᠷᠢᠭᠤᠨ ᠴᠡᠪᠡᠷ ᠤᠨ ᠥᠷᠥᠭᠡ ᠶᠢ ᠴᠢᠯᠥᠭᠡᠲᠡᠶ ᠨᠡᠭᠡᠭᠡᠵᠦ᠂ ᠨᠡᠶᠢᠭᠡᠮ ᠲᠣᠭᠤᠷᠢᠭ ᠤᠨ ᠠᠮᠢᠳᠤᠷᠠᠯ ᠤᠨ ᠲᠣᠭᠤᠷᠢᠭ ᠤᠨ ᠬᠤᠭᠤᠷᠣᠨᠳᠣᠬᠢ ᠡᠯ᠎ᠡ ᠲᠥᠷᠥᠯ ᠤᠨ ᠤᠶᠢᠯᠡᠴᠢᠯᠡᠭᠡᠨ ᠤ ᠬᠦᠴᠦᠨ ᠵᠤᠶᠢᠯ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号