9 ᠰᠠᠷ᠎ᠠ ᠶᠢᠨ 16 ᠤ ᠡᠳᠦᠷ᠂ ᠶᠢᠰᠦᠳᠦᠭᠡᠷ ᠬᠤᠭᠤᠴᠠᠭᠠᠨ ᠤ ᠬᠠᠶᠢᠷᠤᠪ ᠤᠨ ᠲᠤᠬᠤᠢ ᠲᠣᠭᠤᠷᠢᠭ ᠤᠨ | ᠨᠠᠮ ᠤᠨ ᠬᠤᠷᠢᠶᠠᠨ ᠤ ᠭᠤᠷᠪᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠲᠠᠶᠢᠴᠢᠯᠠᠯᠳᠠ ᠪᠠᠶᠢᠷᠢᠯᠠᠭᠤᠯᠤᠯᠲᠠ ᠶᠢᠨ | ᠬᠤᠷᠠᠯ ᠬᠤᠷᠠᠯᠳᠤᠪᠠ᠃ ᠬᠤᠷᠠᠯ ᠠᠴᠠ ᠪᠥᠬᠦ ᠤᠯᠤᠰ ᠤᠨ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠵᠢᠴᠢ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠶᠢᠰᠦᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ | ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ᠂ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠨᠢᠭᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ᠂ ᠨᠠᠢᠮᠠᠳᠤᠭᠠᠷ ᠬᠤᠭᠤᠴᠠᠭᠠᠨ ᠤ ᠦᠬᠠᠶ ᠬᠤᠲᠠ ᠶᠢᠨ ᠨᠠᠮ ᠤᠨ ᠬᠤᠷᠢᠶᠠᠨ ᠤ | ᠭᠤᠷᠪᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠵᠢᠴᠢ ᠭᠤᠷᠪᠠᠨ ᠲᠤᠭᠤᠷᠢᠭ ᠤᠨ ᠨᠠᠮ ᠤᠨ ᠬᠤᠷᠢᠶᠠᠨ ᠤ | ᠲᠣᠭᠤᠷᠢᠨ ᠪᠠᠶᠢᠴᠠᠭᠠᠬᠤ ᠠᠵᠢᠯ ᠢ ᠵᠢᠯᠣᠭᠤᠳᠤᠨ ᠬᠢᠨᠠᠨ ᠵᠢᠯᠣᠭᠤᠳᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠡᠭᠦᠨ ᠤ ᠬᠠᠮᠲᠤ ᠶᠢᠰᠦᠳᠦᠭᠡᠷ ᠬᠤᠭᠤᠴᠠᠭᠠᠨ ᠤ ᠬᠠᠶᠢᠷᠤᠪ ᠤᠨ | ᠲᠤᠬᠤᠢ ᠲᠤᠭᠤᠷᠢᠭ ᠤᠨ ᠨᠠᠮ ᠤᠨ ᠬᠤᠷᠢᠶᠠᠨ ᠤ ᠭᠤᠷᠪᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ | ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠯᠲᠠ ᠵᠢᠴᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠤᠬᠠᠢ | ᠲᠣᠭᠲᠠᠭᠠᠯ ᠢ ᠨᠡᠶᠢᠲᠡᠯᠡᠪᠡ᠃ | | | ᠬᠤᠷᠠᠯ ᠠᠴᠠ ᠵᠢᠭᠠᠵᠤ ᠭᠠᠷᠭᠠᠭᠰᠠᠨ ᠨᠢ᠂ ᠲᠤᠰ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠪᠣᠯ | ᠬᠤᠲᠠ ᠶᠢᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠵᠢᠯᠣᠭᠤᠳᠣᠯᠭ᠎ᠠ ᠳᠣᠣᠷ᠎ᠠ ᠬᠢᠭᠰᠡᠨ ᠨᠢᠭᠡ ᠵᠦᠢᠯ ᠤᠨ ᠤᠯᠤᠰ ᠲᠥᠷᠥ ᠶᠢᠨ ᠡᠭᠦᠷᠭᠡ ᠪᠣᠯᠤᠨ᠎ᠠ᠂ ᠬᠤᠲᠠ ᠶᠢᠨ | ᠨᠠᠮ ᠤᠨ ᠬᠤᠷᠢᠶ᠎ᠠ ᠠᠴᠠ ᠬᠠᠶᠢᠷᠤᠪ ᠤᠨ ᠲᠤᠬᠤᠢ ᠲᠣᠭᠤᠷᠢᠭ ᠤᠨ ᠴᠠᠭᠳᠠᠨ ᠪᠠᠶᠢᠴᠠᠭᠠᠬᠤ ᠠᠵᠢᠯ ᠳᠤ ᠬᠢᠭᠰᠡᠨ ᠨᠢᠭᠡ | ᠤᠳᠠᠭᠠᠨ ᠤ ᠲᠤᠬᠠᠶ ᠶᠢᠨ ᠭᠠᠵᠠᠷ ᠤᠨ ᠪᠠᠶᠢᠴᠠᠭᠠᠯᠲᠠ ᠪᠣᠯᠤᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ | ᠪᠠᠷᠢᠮᠲᠠᠯᠠᠵᠤ᠂ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠡᠯ᠎ᠡ | ᠵᠤᠶᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠶᠢᠷᠤᠪ ᠤᠨ ᠲᠣᠬᠤᠶ | ᠲᠣᠭᠤᠷᠢᠭ ᠤᠨ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠣᠷᠣᠨ ᠰᠠᠭᠤᠴᠠ ᠶᠢᠨ | ᠪᠠᠲᠤᠯᠠᠭ᠎ᠠ᠂ ᠬᠤᠲᠠ ᠶᠢᠨ ᠪᠥᠲᠥᠭᠡᠨ ᠪᠠᠶᠢᠭᠤᠯᠤᠯᠲᠠ᠂ ᠲᠣᠰᠬᠤᠨ ᠪᠠᠯᠭᠠᠰᠤ ᠶᠢᠨ ᠪᠥᠲᠥᠭᠡᠨ ᠪᠠᠶᠢᠭᠤᠯᠤᠯᠲᠠ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠵᠡᠷᠭᠡ ᠶᠢᠨ ᠲᠤᠬᠠᠶ ᠨᠠᠮ ᠤᠨ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠰᠢᠢᠤᠡᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ ᠤᠯᠤᠰ | ᠲᠥᠷᠥ ᠶᠢᠨ ᠲᠣᠭᠤᠷᠢᠨ ᠪᠠᠶᠢᠴᠠᠭᠠᠯᠲᠠ ᠥᠷᠨᠢᠭᠦᠯᠦᠨ᠎ᠡ᠃ ᠲᠤᠰ ᠡᠭᠡᠯᠵᠢ ᠶᠢᠨ ᠴᠠᠭᠳᠠᠨ ᠪᠠᠶᠢᠴᠠᠭᠠᠯᠲᠠ᠂ | ᠬᠤᠲᠠ ᠶᠢᠨ ᠨᠠᠮ ᠤᠨ ᠬᠤᠷᠢᠶ᠎ᠠ ᠠᠴᠠ ᠲᠣᠭᠤᠷᠢᠨ ᠪᠠᠶᠢᠴᠠᠭᠠᠬᠤ ᠳᠤᠭᠤᠶᠢᠯᠠᠩ ᠢ ᠪᠠᠶᠢᠷᠢᠯᠠᠭᠤᠯᠵᠤ᠂ ᠱᠠᠲᠤ | ᠳᠡᠪᠰᠢᠭᠦᠯᠦᠨ ᠪᠠᠯᠭᠠᠰᠤ ᠶᠢ ᠲᠣᠭᠤᠷᠢᠨ ᠲᠣᠰᠬᠤᠨ ᠢ ᠳᠠᠭᠠᠭᠤᠯᠬᠤ ᠠᠵᠢᠯ ᠢ ᠥᠷᠨᠢᠭᠦᠯᠵᠦ᠂ ᠬᠠᠶᠢᠷᠤᠪ ᠤᠨ ᠲᠤᠬᠤᠢ | ᠲᠣᠭᠤᠷᠢᠭ ᠤᠨ ᠬᠢᠨ ᠪᠠᠰᠠ ᠲᠣᠭᠤᠷᠢᠨ ᠪᠠᠶᠢᠴᠠᠭᠠᠬᠤ ᠳᠤᠭᠤᠶᠢᠯᠠᠩ ᠲᠣᠮᠢᠯᠠᠨ ᠴᠡᠭᠡᠯ ᠠᠭᠤᠯᠠ ᠪᠠᠯᠭᠠᠰᠤᠨ ᠤ | ᠨᠠᠮ ᠤᠨ ᠬᠤᠷᠢᠶᠠᠨ ᠤ ᠬᠠᠷᠢᠶᠠᠨ ᠳᠠᠬᠢ 7 ᠲᠣᠰᠬᠤᠨ ︵ᠨᠡᠶᠢᠭᠡᠮ ᠲᠣᠭᠤᠷᠢᠭ︶ ᠳᠤ ᠲᠣᠭᠤᠷᠢᠨ ᠪᠠᠶᠢᠴᠠᠭᠠᠯᠲᠠ | ᠥᠷᠨᠢᠭᠦᠯᠵᠡᠢ᠃ ᠤᠯᠠᠨ ᠲᠦᠮᠡᠨ ᠤ ᠬᠦᠴᠢᠷ ᠲᠦᠪᠡᠭᠲᠡᠢ ᠠᠰᠠᠭᠤᠳᠠᠯ ᠲᠥᠪᠯᠡᠷᠡᠯ ᠤᠨ ᠴᠡᠭ ᠲᠤ ᠠᠩᠬᠠᠷᠤᠯ ᠢᠶᠠᠨ | ᠲᠥᠪᠯᠡᠷᠡᠭᠦᠯᠦᠨ ᠬᠢᠨᠠᠯᠲᠠ ᠲᠠᠯᠪᠢᠵᠤ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠡᠷᠭᠡ | ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠦᠯᠡᠳᠡᠭᠡᠨ ᠠᠪᠴᠤ ᠨᠡᠭᠦᠯᠭᠡᠨ ᠬᠡᠷᠡᠭᠯᠡᠬᠦ᠂ ᠠᠷᠠᠳ ᠲᠠᠢ | ᠠᠰᠢᠭ ᠪᠤᠯᠢᠶᠠᠯᠳᠤᠬᠤ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠢᠯᠵᠢᠷᠡᠯ ᠤᠨ ᠠᠰᠠᠭᠤᠳᠠᠯ ᠢ ᠴᠢᠩᠭ᠎ᠠ | ᠠᠩᠬᠠᠷᠴᠤ᠂ ᠡᠭᠦᠨ ᠢᠶᠠᠷ ᠦᠨᠳᠦᠰᠦᠨ ᠱᠠᠲᠤᠨ ᠤ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ | ᠴᠡᠪᠡᠷᠰᠢᠭᠦᠯᠬᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠵᠣᠯ ᠵᠢᠷᠭᠠᠯᠲᠤ ᠲᠦᠷᠦᠭᠳᠡᠯ ᠠᠮᠤᠷ ᠲᠦᠪᠰᠢᠨ ᠤ | ᠲᠦᠷᠦᠭᠳᠡᠯ ᠢ ᠦᠨᠡᠨᠬᠦ ᠨᠡᠮᠡᠭᠳᠡᠭᠦᠯᠬᠦ ᠵᠣᠷᠢᠯᠭ᠎ᠠ ᠳᠤ ᠬᠦᠷᠬᠦ ᠬᠡᠷᠡᠭᠲᠡᠢ ᠭᠡᠪᠡ᠃ | | | ᠬᠤᠷᠠᠯ ᠠᠴᠠ ᠱᠠᠭᠠᠷᠳᠠᠭᠰᠠᠨ ᠨᠢ᠂ ᠬᠢᠨᠠᠨ ᠵᠢᠯᠣᠭᠤᠳᠣᠯᠭ᠎ᠠ ᠶᠢ ᠬᠦᠯᠢᠶᠡᠬᠦ ᠶᠠᠪᠤᠳᠠᠯ ᠢ ᠠᠵᠢᠯ ᠤᠨ ᠦᠷ᠎ᠡ | ᠪᠦᠲᠦᠮᠵᠢ ᠪᠠᠨ ᠰᠢᠯᠭᠠᠨ ᠪᠠᠶᠢᠴᠠᠭᠠᠬᠤ᠂ ᠠᠵᠢᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ᠂ ᠠᠵᠢᠯ ᠤᠨ | ᠰᠤᠷᠲᠠᠯ ᠢᠶᠠᠨ ᠰᠠᠶᠢᠵᠢᠷᠠᠭᠤᠯᠬᠤ ᠠᠰᠢᠭᠲᠠᠶ ᠲᠣᠬᠢᠶᠠᠯ ᠪᠣᠯᠭᠠᠵᠤ᠂ ᠡᠨᠡ ᠤᠳᠠᠭ᠎ᠠ ᠶᠢᠨ ᠣᠯᠳᠠᠬᠤᠶ᠎ᠠ ᠪᠡᠷᠬᠡ | ᠰᠤᠷᠤᠯᠴᠠᠬᠤ ᠠᠵᠠ ᠲᠣᠬᠢᠶᠠᠯ ᠢ ᠴᠢᠩᠭ᠎ᠠ ᠠᠳᠬᠤᠵᠤ᠂ ᠬᠢᠨᠠᠨ ᠵᠢᠯᠤᠭᠤᠳᠤᠯᠭ᠎ᠠ ᠶᠢ ᠪᠦᠬᠦ ᠲᠠᠯ᠎ᠠ ᠪᠠᠷ ᠬᠦᠯᠢᠶᠡᠬᠦ | ᠶᠠᠪᠤᠴᠠ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ | ᠥᠭᠦᠯᠡᠯᠲᠡ ᠶᠢ ᠰᠤᠷᠤᠯᠴᠠᠨ ᠣᠶᠢᠯᠠᠭᠠᠬᠤ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠲᠣᠭᠤᠷᠢᠨ ᠪᠠᠶᠢᠴᠠᠭᠠᠬᠤ | ᠺᠠᠳ᠋ᠷᠴᠤᠤᠡ ᠤᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠣᠭᠤᠷᠢᠨ ᠪᠠᠶᠢᠴᠠᠭᠠᠬᠤ | ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ︽12+N︾ | ᠬᠡᠯᠪᠡᠷᠢ ᠶᠢ ᠦᠷᠭᠦᠯᠵᠢᠯᠡᠨ ᠭᠦᠢᠴᠡᠳ ᠬᠡᠷᠡᠭᠯᠡᠵᠦ ᠰᠠᠶᠢᠲᠤᠷ ᠬᠡᠷᠡᠭᠯᠡᠬᠦ ᠳᠡᠭᠡᠷ᠎ᠡ ᠬᠦᠴᠦ ᠲᠠᠯᠪᠢᠵᠤ᠂ ᠠᠵᠢᠯᠯᠠᠬᠤ | ᠠᠷᠭ᠎ᠠ ᠪᠠᠨ ᠰᠠᠶᠢᠵᠢᠷᠠᠭᠤᠯᠵᠤ᠂ ᠠᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠤᠯᠪᠣᠭᠳᠠᠯ ᠪᠦᠬᠦᠢ ᠬᠦᠷᠢᠶᠡᠨ ᠤ ᠭᠦᠨ ᠳᠠᠪᠬᠤᠷᠭ᠎ᠠ ᠶᠢᠨ | ᠠᠰᠠᠭᠤᠳᠠᠯ ᠢ ᠭᠦᠨᠵᠡᠭᠡᠢ ᠠᠭᠤᠳᠠᠯᠵᠤ᠂ ᠴᠠᠭᠳᠠᠨ ᠪᠠᠶᠢᠴᠠᠭᠠᠭᠳᠠᠵᠤ ᠪᠠᠶᠢᠭ᠎ᠠ ᠨᠢᠭᠡᠴᠡ ᠶᠢᠨ ᠳᠤᠪᠤᠶᠢᠮ᠎ᠠ ᠠᠰᠠᠭᠤᠳᠠᠯ | ᠂ ᠮᠥᠨ ᠴᠢᠨᠠᠷ ᠤᠨ ᠠᠰᠠᠭᠤᠳᠠᠯ ᠢ ᠣᠨᠣᠪᠴᠢᠲᠠᠢ ᠡᠷᠢᠵᠦ ᠤᠯᠬᠤ ᠬᠡᠷᠡᠭᠲᠡᠢ᠃ ᠲᠣᠭᠤᠷᠢᠨ ᠪᠠᠶᠢᠴᠠᠭᠠᠵᠤ ᠬᠢᠨᠠᠯᠲᠠ | ᠲᠠᠯᠪᠢᠬᠤ ᠶᠢ ᠰᠠᠯᠠᠭ᠎ᠠ ᠮᠥᠴᠢᠷ ᠤᠨ ᠵᠠᠰᠠᠯᠲᠠ᠂ ᠠᠵᠢᠯ ᠲᠦᠷᠦᠯ ᠤᠨ ᠵᠠᠰᠠᠯᠲᠠ᠂ ᠨᠢᠭᠡᠴᠡ ᠶᠢᠨ ᠵᠠᠰᠠᠯᠲᠠ ᠯᠤᠭ᠎ᠠ | ᠨᠡᠪᠲᠡᠷᠡᠯᠴᠡᠭᠦᠯᠬᠦ ᠶᠢ ᠰᠦᠪᠡᠭᠴᠢᠯᠡᠵᠦ᠂ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠨᠡᠶᠢᠲᠡᠴᠢ ᠴᠢᠨᠠᠷᠲᠠᠢ | ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠵᠦ᠂ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠲᠠᠢ ᠰᠢᠭᠤᠳ | ᠬᠤᠯᠪᠣᠭᠳᠠᠬᠤ ᠪᠣᠳᠠᠲᠠᠢ ᠠᠰᠠᠭᠤᠳᠠᠯ ᠳᠤ᠂ ᠲᠣᠭᠤᠷᠢᠨ ᠪᠠᠶᠢᠴᠠᠭᠠᠬᠤ ᠶᠢᠨ ᠳᠠᠭᠠᠤ ᠥᠭᠡᠷᠡᠴᠢᠯᠡᠬᠦ᠂ ᠪᠠᠷᠢᠨ | ᠬᠡᠷᠡᠭᠵᠢᠭᠦᠯᠵᠦ ᠪᠠᠷᠢᠨ ᠥᠭᠡᠷᠡᠴᠢᠯᠡᠬᠦ ᠶᠢ ᠪᠠᠷᠢᠮᠲᠠᠯᠠᠵᠤ᠂ ᠠᠪᠤᠨ ᠳᠣᠣᠷ᠎ᠠ ᠪᠠᠨ ᠠᠮᠵᠢᠯᠲᠠ ᠤᠯᠬᠤ ᠦᠷ᠎ᠡ | ᠪᠦᠲᠦᠮᠵᠢ ᠶᠢ ᠪᠤᠢ ᠪᠣᠯᠭᠠᠬᠤ ᠬᠡᠷᠡᠭᠲᠡᠢ ᠭᠡᠪᠡ᠃ | | |