ᠦᠬᠠᠶ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠦᠬᠠᠶ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ︽ᠠᠵᠤ ᠠᠬᠤᠶᠢᠯᠠᠯ ᠤᠨ ᠰᠢᠨ᠎ᠡ ᠮᠠᠶ᠋ᠢᠭ ᠤᠨ ᠱᠠᠪᠢ | ᠠᠵᠢᠯᠴᠢᠨ ᠤ ᠳᠦᠷᠢᠮᠲᠦ ᠪᠣᠯᠪᠠᠰᠤᠷᠠᠭᠤᠯᠤᠯ ᠤᠨ ᠨᠥᠬᠦᠪᠥᠷᠢ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠬᠢᠨᠠᠨ ᠲᠣᠭᠲᠠᠭᠠᠯᠲᠠ ᠶᠢᠨ ᠨᠥᠬᠦᠪᠥᠷᠢ ᠶᠢ ᠭᠠᠷᠳᠠᠨ ᠭᠦᠢᠴᠡᠳᠬᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ | ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠪᠡᠯ᠂ ᠡᠳᠦᠭᠡ ᠦᠬᠠᠶ | ᠬᠤᠲᠠ ᠶᠢᠨ ᠵᠢᠩ ᠶᠦᠨ ᠲᠦᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ | ᠠᠵᠤ ᠠᠬᠤᠶᠢᠯᠠᠯ ᠤᠨ ᠰᠢᠨ᠎ᠡ ᠮᠠᠶ᠋ᠢᠭ ᠤᠨ ᠱᠠᠪᠢ ᠣᠷᠣᠬᠤ ᠲᠦᠷᠢᠮ ᠤᠨ ᠪᠣᠯᠪᠠᠰᠤᠷᠠᠭᠤᠯᠤᠯ ᠤᠨ ᠨᠥᠬᠦᠪᠥᠷᠢ | ᠭᠤᠶᠤᠴᠢᠯᠠᠵᠤ᠂ 98 ᠠᠵᠢᠯᠲᠠᠨ ᠠᠵᠢᠯᠴᠢᠨ ᠳᠤ ᠠᠰᠢᠭ ᠬᠦᠷᠲᠡᠭᠡᠵᠦ᠂ ᠠᠵᠤ ᠠᠬᠤᠶᠢᠯᠠᠯ ᠤᠨ ᠰᠢᠨ᠎ᠡ ᠮᠠᠶ᠋ᠢᠭ ᠤᠨ | ᠱᠠᠪᠢ ᠣᠷᠣᠬᠤ ᠲᠦᠷᠢᠮ ᠤᠨ ᠪᠣᠯᠪᠠᠰᠤᠷᠠᠭᠤᠯᠤᠯ ᠤᠨ 50% ᠶᠢᠨ ᠨᠥᠬᠦᠪᠥᠷᠢ ᠶᠢ ᠤᠷᠢᠳᠴᠢᠯᠠᠨ ᠥᠭᠴᠦ᠂ | ᠭᠤᠶᠤᠴᠢᠯᠠᠭᠰᠠᠨ ᠠᠵᠤ ᠠᠬᠤᠶᠢᠯᠠᠯ ᠤᠨ ᠰᠢᠨ᠎ᠡ ᠮᠠᠶ᠋ᠢᠭ ᠤᠨ ᠱᠠᠪᠢ ᠣᠷᠣᠬᠤ ᠲᠦᠷᠢᠮ ᠤᠨ ᠪᠣᠯᠪᠠᠰᠤᠷᠠᠭᠤᠯᠤᠯ ᠤᠨ | ᠨᠥᠬᠦᠪᠥᠷᠢ ᠶᠢᠨ ᠨᠡᠷᠡᠰ ᠢ ᠵᠠᠷᠯᠠᠨ ᠨᠡᠶᠢᠲᠡᠯᠡᠶ᠎ᠡ᠃ | ᠵᠠᠷᠯᠠᠨ ᠨᠡᠶᠢᠲᠡᠯᠡᠬᠦ ᠬᠤᠭᠤᠴᠠᠭ᠎ᠠ ᠨᠢ 2022 ᠣᠨ ᠤ 9 ᠰᠠᠷ᠎ᠠ ᠶᠢᠨ 16 ᠤ ᠡᠳᠦᠷ ᠠᠴᠠ 9 ᠰᠠᠷ᠎ᠠ ᠶᠢᠨ | 22 ᠤᠨ ᠡᠳᠦᠷ ᠪᠣᠯᠲᠠᠯ᠎ᠠ᠂ ᠵᠠᠷᠯᠠᠨ ᠨᠡᠶᠢᠲᠡᠯᠡᠬᠦ ᠨᠡᠷᠡᠰ ᠲᠤ ᠣᠨᠳᠣᠤ ᠰᠠᠨᠠᠯ ᠲᠠᠢ ᠪᠠᠶᠢᠪᠠᠯ᠂ ᠬᠢᠨᠠᠯᠲᠠ ᠲᠠᠯᠪᠢᠵᠤ | ᠢᠯᠡᠴᠢᠯᠡᠨ ᠮᠡᠳᠡᠭᠦᠯᠬᠦ ᠤᠲᠠᠰᠤ ᠪᠠᠷ ᠤᠲᠠᠰᠤᠳᠠᠭᠠᠷᠠᠶ᠃ | ᠢᠯᠡᠴᠢᠯᠡᠨ ᠮᠡᠳᠡᠭᠦᠯᠬᠦ ᠤᠲᠠᠰᠤ᠄ 0473 — 2059708 | ᠬᠠᠶ᠋ᠢᠭ᠄ ᠬᠠᠶᠢᠷᠤᠪ ᠤᠨ ᠲᠤᠬᠤᠢ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠪᠤᠷᠢ ᠶᠢᠨ ᠲᠤᠪᠴᠢᠶ᠎ᠠ | | |