ᠬᠠᠶᠢᠷᠤᠪ ᠤᠨ ᠲᠤᠬᠤᠢ ᠶᠢᠨ ᠠᠷᠠᠯᠵᠢᠶᠠᠴᠢᠨ ᠤᠷᠢᠵᠤ ᠪᠡᠯᠡ ᠮᠥᠩᠭᠦ ᠲᠠᠲᠠᠬᠤ ᠬᠠᠮ ᠠᠷᠭ᠎ᠠ ᠪᠠᠷᠢᠯ ᠢ ᠰᠠᠶᠢᠲᠤᠷ ᠬᠡᠷᠡᠭᠯᠡᠵᠡᠢ
ᠨᠡᠶᠢᠲᠡᠯᠡᠭᠰᠡᠨ ᠴᠠᠭ᠄
2022/9/20
     ᠡᠨᠡ ᠵᠢᠯ ᠠᠴᠠ ᠨᠠᠰᠢ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠦᠬᠦ ᠶᠠᠪᠤᠴᠠ ᠳᠤ ᠲᠤᠤᠱᠯᠠᠭᠤᠯᠵᠤ᠂ ᠲᠠᠰᠤᠷᠠᠯᠲᠠ ᠦᠭᠡᠢ ᠦᠵᠡᠯ ᠰᠠᠨᠠᠭ᠎ᠠ ᠪᠠᠨ ᠴᠢᠯᠥᠭᠡᠯᠡᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ  ᠬᠡᠪᠴᠢᠶ᠎ᠡ ᠪᠠᠨ ᠥᠷᠭᠡᠳᠬᠡᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃     ᠬᠠᠶᠢᠷᠤᠪ ᠤᠨ ᠲᠤᠬᠤᠢ ᠲᠣᠭᠤᠷᠢᠭ ‍ᠤᠨ‌ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠤᠳᠤᠷᠢᠳᠬᠤ ᠬᠠᠷᠢᠭᠤᠴᠠᠯᠭ᠎ᠠ ᠪᠣᠯᠤᠨ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠤ ᠦᠢᠯᠡᠰ ᠢ ᠴᠢᠩᠭ᠎ᠠ ᠠᠩᠬᠠᠷᠴᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠤᠨ ᠬᠥᠭᠵᠢᠭᠦᠯᠬᠦ ᠴᠢᠬᠤᠯᠠ ᠠᠷᠭ᠎ᠠ ᠵᠠᠮ ᠪᠣᠯᠭᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠶᠢ  ᠠᠬᠢᠭᠤᠯᠪᠠ︔ ᠬᠤᠳᠠᠯᠳᠤᠭᠠᠴᠢᠨ ᠤᠷᠢᠬᠤ ᠵᠢᠷᠤᠭ ᠤᠨ ᠵᠢᠭᠰᠠᠯ ᠢ ᠨᠠᠷᠢᠯᠢᠭ ᠣᠨᠣᠴᠠᠲᠠᠶ ᠪᠠᠷ ᠵᠢᠷᠤᠵᠤ᠂ ᠬᠡᠷᠡᠯ ᠴᠡᠨᠡᠭ ᠤᠨ ᠮᠠᠲ᠋ᠧᠷᠢᠶᠠᠯ ᠤᠨ ᠪᠥᠬᠦ ᠠᠵᠤ ᠤᠶᠢᠯᠡᠰ ᠤᠨ ᠬᠡᠯᠬᠢᠶ᠎ᠡ᠂ ᠨᠡᠭᠦᠷᠡᠰᠦᠲᠥ᠋ᠷᠥᠭᠴᠢ ᠪᠠᠭ᠎ᠠ ᠲᠡᠮᠦᠷᠯᠢᠭ ᠪᠣᠯᠪᠠᠰᠤᠷᠠᠭᠤᠯᠬᠤ ᠳᠡᠭᠡᠳᠦ ᠲᠠᠰ ᠤᠨ ᠲᠣᠨᠤᠭ ᠲᠥᠬᠦᠭᠡᠷᠦᠮᠵᠢ ᠤᠶᠢᠯᠡᠤᠡᠬᠦ᠂ ᠪᠣᠬᠢᠷᠲᠤᠯ ᠥᠬᠡᠶ ᠴᠠᠬᠢᠯᠭᠠᠨ ᠨᠣᠭᠤᠭᠠᠨ ᠤᠰᠤᠲᠥ᠋ᠷᠥᠭᠴᠢ ᠶᠢ ᠡᠷᠭᠢᠯᠳᠦᠭᠦᠯᠦᠨ ᠬᠥᠭᠵᠢᠭᠦᠯᠬᠦ ᠵᠡᠷᠭᠡ 14 ᠭᠤᠤᠯᠳᠠᠯᠭ᠎ᠠ ᠲᠠᠢ ᠠᠵᠤ ᠤᠶᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠦᠨ ᠪᠣᠳᠠᠲᠤ ᠴᠣᠭᠴᠠᠵᠢᠭᠤᠯᠤᠨ ᠬᠤᠳᠠᠯᠳᠤᠭᠠᠴᠢᠨ ᠤᠷᠢᠬᠤ ᠶᠢᠨ ᠬᠠᠮᠲᠤ ᠯᠦᠩ ᠶᠤᠸᠠᠨ ᠴᠠᠬᠢᠯᠭᠠᠨ ᠬᠦᠴᠦᠨ᠂ ᠰᠠᠶᠢᠰᠤᠫ ᠵᠡᠷᠭᠡ ᠳᠠᠪᠠᠭᠤᠯᠢᠭ ᠠᠵᠤ ᠠᠬᠤᠶᠢᠯᠠᠯ ᠳᠤ ᠲᠦᠰᠢᠭᠯᠡᠨ ᠬᠤᠳᠠᠯᠳᠤᠭᠠᠴᠢᠨ ᠤᠷᠢᠪᠠ᠃ ᠣᠳᠣᠬᠠᠨ ᠪᠣᠯᠲᠠᠯ᠎ᠠ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠬᠤᠳᠠᠯᠳᠤᠭᠠᠴᠢᠨ ᠤᠷᠢᠬᠤ ᠶᠠᠷᠢᠯᠴᠠᠬᠤ ᠬᠤᠷᠠᠯ ᠰᠣᠯᠢᠯᠴᠠᠭᠠᠨ ᠤ ᠬᠤᠷᠠᠯ ᠢ 30 ᠭᠠᠷᠤᠢ ᠤᠳᠠᠭ᠎ᠠ ᠬᠤᠷᠠᠯᠳᠤᠭᠤᠯᠵᠤ᠂ 12 ᠳᠤᠭᠤᠶᠢᠯᠠᠩ 52 ᠬᠥᠮᠦᠨ ᠤᠳᠠᠭ᠎ᠠ ᠶᠢ ᠪᠡᠭᠡᠵᠢᠩ᠂ ᠰᠧᠴᠤᠸᠠᠨ᠂ ᠱᠠᠩᠬᠠᠢ᠂ ᠵᠢᠶᠠᠩᠰᠦ᠂ ᠬᠤᠨᠠᠨ᠂ ᠭᠤᠸᠠᠩᠳᠦ᠋ᠩ ᠵᠡᠷᠭᠡ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠠᠮᠤᠭ ᠤᠨ ᠡᠮᠦᠨ᠎ᠡ ᠹᠷᠣᠨᠲ ᠤᠨ ᠬᠤᠳᠠ ᠪᠣᠯᠤᠨ ᠭᠠᠵᠠᠷ ᠣᠷᠣᠨ ᠳᠤ ᠲᠣᠮᠢᠯᠠᠵᠤ ᠠᠷᠠᠯᠵᠢᠶᠠᠴᠢᠨ ᠤᠷᠢᠵᠤ ᠪᠡᠯᠡ ᠣᠷᠣᠭᠤᠯᠵᠤ᠂ ᠰᠤᠷᠪᠤᠯᠵᠢᠯᠠᠬᠤ ᠪᠠᠷ ᠢᠷᠡᠭᠰᠡᠨ ᠠᠵᠤ ᠠᠬᠤᠶᠢᠯᠠᠯ ᠢ 36 ᠬᠦᠯᠢᠶᠠᠨ ᠠᠪᠴᠠᠢ᠃      ᠬᠠᠶᠢᠷᠤᠪ ᠤᠨ ᠲᠤᠬᠤᠢ ᠲᠣᠭᠤᠷᠢᠭ ᠤᠨ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠭᠤᠣᠯᠳᠠᠯᠭ᠎ᠠ ᠲᠠᠢ ᠲᠥᠷᠥᠯ ᠵᠦᠢᠯ ᠢ ᠳᠣᠪᠤᠶᠢᠯᠭᠠᠵᠤ᠂ ᠰᠢᠨ᠎ᠡ ᠡᠨᠧᠷᠭᠢ ᠶᠢᠨ ᠠᠵᠤ ᠤᠶᠢᠯᠡᠰ ᠢ ᠠᠵᠤ ᠤᠶᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠪᠦᠲᠦᠴᠡ ᠶᠢᠨ ᠲᠣᠬᠢᠷᠠᠭᠤᠯᠤᠯᠲᠠ ᠶᠢᠨ ᠴᠢᠬᠤᠯᠠ ᠭᠠᠷᠳᠠᠴᠠ ᠪᠣᠯᠭᠠᠵᠤ᠂ ᠦᠬᠠᠶ ᠶᠢᠨ ᠳ᠋ᠦᠩ ᠵᠢᠩ ᠰᠢᠨ᠎ᠡ ᠮᠠᠲ᠋ᠧᠷᠢᠶᠠᠯ ᠤᠨ ᠬᠡᠷᠡᠯ ᠴᠡᠨᠡᠭ ᠤᠨ ᠠᠵᠤ ᠤᠶᠢᠯᠡᠰ ᠤᠨ ᠬᠡᠯᠬᠢᠶ᠎ᠡ᠂ ︽ᠨᠡᠭᠦᠷᠡᠰᠦᠲᠥ᠋ᠷᠥᠭᠴᠢ ᠥᠬᠡᠶ︾ ᠤᠶᠤᠨᠲᠤ ᠲᠣᠨᠤᠭ ᠲᠥᠬᠦᠭᠡᠷᠦᠮᠵᠢ᠂ ᠰᠠᠯᠬᠢᠨ ᠬᠦᠴᠦᠨ ᠤ ᠴᠠᠬᠢᠯᠭᠠᠨ ᠤ ᠴᠢᠳᠬᠤᠮᠠᠯ ᠲᠣᠨᠤᠭ ᠵᠢᠴᠢ ᠰᠠᠯᠬᠢᠨ ᠬᠦᠴᠦᠨ ᠤ ᠴᠠᠬᠢᠯᠭᠠᠨ ᠭᠠᠷᠭᠠᠯᠲᠠ᠂ ᠲᠣᠮᠣ ᠬᠡᠯᠪᠡᠷᠢ ᠶᠢᠨ ᠠᠵᠤ  ᠤᠶᠢᠯᠡᠤᠡᠪᠤᠷᠢᠵᠢᠯᠲᠡ ᠶᠢᠨ ᠰᠢᠩᠭᠡᠨ ᠤᠰᠤᠲᠥ᠋ᠷᠥᠭᠴᠢ ᠶᠢᠨ ᠬᠠᠳᠠᠭᠠᠯᠠᠯᠲᠠ᠂ ᠳᠤᠮᠳᠠᠳᠤ ᠪᠤᠯᠢᠸᠢᠶ᠎ᠠ ᠶᠢᠨ ᠰᠢᠨ᠎ᠡ ᠡᠨᠧᠷᠭᠢ ᠶᠢᠨ ᠮᠠᠲ᠋ᠧᠷᠢᠶᠠᠯ ᠤᠨ ᠬᠡᠷᠡᠯ ᠴᠡᠨᠡᠭ ᠤᠨ ᠰᠢᠯ ᠤᠨ ᠤᠶᠢᠯᠡᠤᠡᠪᠤᠷᠢᠯᠡᠯ᠂ ᠢᠯᠴᠢ ᠶᠢᠨ ᠴᠠᠬᠢᠯᠭᠠᠨ ᠤ ᠠᠮᠢᠳᠤᠯᠢᠭ ᠴᠢᠨᠠᠷ ᠢ ᠥᠭᠡᠷᠡᠴᠢᠯᠡᠨ ᠳᠣᠭᠢᠷᠠᠭᠤᠯᠬᠤ 100MW ᠬᠡᠷᠡᠯ ᠴᠡᠨᠡᠭ ᠤᠨ ᠵᠡᠷᠭᠡ 11 ᠲᠥᠷᠥᠯ ᠵᠤᠶᠢᠯ ᠢ ᠣᠷᠣᠭᠤᠯᠤᠨ ᠠᠪᠴᠢᠷᠠᠵᠤ᠂ 358.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ︔ ᠲᠠᠷᠢᠶᠠᠯᠠᠩ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠡᠯᠪᠡᠷᠢ ᠪᠠᠨ ᠬᠤᠪᠢᠷᠠᠭᠤᠯᠬᠤ ᠶᠢ ᠳᠥᠯᠭᠢᠨ ᠠᠬᠢᠭᠤᠯᠵᠤ᠂᠎ ᠶᠢᠨ ᠪᠥᠸᠧ ᠯᠢ ᠲᠠᠷᠢᠶᠠᠯᠠᠩ ᠤᠨ ᠲᠠᠯᠠᠪᠠᠶ ᠶᠢᠨ ᠲᠥᠷᠥᠯ ᠵᠤᠶᠢᠯ ︵ᠨᠢᠭᠡᠳᠦᠭᠡᠷ ᠬᠤᠭᠤᠴᠠᠭ᠎ᠠ︶᠂ ᠣᠳᠣᠬᠢᠴᠢᠯᠠᠭᠰᠠᠨ ᠲᠠᠷᠢᠶᠠᠯᠠᠩ ᠤᠨ ᠠᠵᠤ ᠤᠶᠢᠯᠡᠰ ᠤᠨ ᠬᠦᠷᠢᠶᠡᠯᠡᠩ ᠤᠨ ᠲᠥᠷᠥᠯ ᠵᠤᠶᠢᠯ᠂ ᠦᠬᠠᠶ ᠶᠢᠨ ᠳ᠋ᠠᠶ ᠱᠠᠨ ᠤ ︽ᠬᠠᠴᠢᠨ ᠭᠠᠶᠢᠬᠠᠯᠲᠠᠶ ᠲᠠᠷᠢᠶᠠᠯᠠᠩ ᠤᠨ ᠲᠠᠯᠠᠪᠠᠶ︾᠎ ᠶᠢᠨ ᠤᠶᠤᠨᠴᠢᠯᠠᠭᠰᠠᠨ ᠬᠦᠯᠡᠮᠵᠢ ᠶᠢᠨ ᠲᠠᠷᠢᠶᠠᠯᠠᠩ ᠤᠨ ᠠᠵᠤ ᠤᠶᠢᠯᠡᠰ ᠤᠨ ᠬᠦᠷᠢᠶᠡᠯᠡᠩ ᠵᠡᠷᠭᠡ 3 ᠲᠥᠷᠥᠯ ᠵᠤᠶᠢᠯ ᠢ ᠭᠤᠤᠯᠳᠠᠯᠭ᠎ᠠ ᠲᠠᠢ ᠣᠷᠣᠭᠤᠯᠤᠨ ᠠᠪᠴᠢᠷᠠᠵᠤ᠂ 3.3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ︔ ᠦᠬᠠᠶ ᠶᠢᠨ ᠳ᠋ᠠᠶ ᠱᠠᠨ ᠤ ︽ᠬᠠᠴᠢᠨ ᠭᠠᠶᠢᠬᠠᠯᠲᠠᠶ ᠲᠠᠷᠢᠶᠠᠯᠠᠩ ᠤᠨ ᠲᠠᠯᠠᠪᠠᠶ︾᠎ ᠶᠢᠨ ᠲᠣᠭᠤᠷᠢᠨ ᠦᠵᠡᠬᠦ ᠵᠢᠭᠤᠯᠴᠢᠯᠠᠯ ᠤᠨ ᠠᠵᠤ ᠤᠶᠢᠯᠡᠰ ᠤᠨ ᠬᠦᠷᠢᠶᠡᠯᠡᠩ ᠵᠡᠷᠭᠡ 4 ᠲᠥᠷᠥᠯ ᠵᠤᠶᠢᠯ ᠢ ᠭᠤᠤᠯᠳᠠᠯᠭ᠎ᠠ ᠲᠠᠢ ᠣᠷᠣᠭᠤᠯᠤᠨ ᠠᠪᠴᠢᠷᠠᠵᠤ᠂ 27.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠃    ᠵᠠᠯᠭᠠᠭᠠᠳ ᠬᠠᠶᠢᠷᠤᠪ ᠤᠨ ᠲᠤᠬᠤᠢ ᠲᠣᠭᠤᠷᠢᠭ ᠤᠨ ᠬᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠠᠮ ᠠᠷᠭ᠎ᠠ ᠶᠢ ᠰᠠᠶᠢᠲᠤᠷ ᠬᠡᠷᠡᠭᠯᠡᠵᠦ᠂ ᠭᠠᠳᠠᠭᠠᠳᠤ ᠳᠤ ᠰᠠᠭᠤᠭ᠎ᠠ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠨᠠᠶᠢᠳᠠᠯᠭ᠎ᠠ ᠪᠠᠷ ᠠᠷᠠᠯᠵᠢᠶᠠᠴᠢᠨ ᠤᠷᠢᠬᠤ ᠂ ᠰᠦᠯᠵᠢᠶᠡᠨ ᠳᠡᠭᠡᠷ᠎ᠡ ᠠᠷᠠᠯᠵᠢᠶᠠᠴᠢᠨ ᠤᠷᠢᠬᠤ ᠵᠡᠷᠭᠡ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠎ᠠ︔ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ ᠢ ᠨᠠᠶᠢᠳᠠᠪᠤᠷᠢᠵᠢᠭᠤᠯᠬᠤ᠂ ᠪᠠᠶᠢᠭᠤᠯᠵᠤ ᠳᠠᠭᠤᠰᠬᠠᠬᠤ᠂ ᠦᠢᠯᠡᠳᠪᠦᠷᠢᠯᠡᠯ ᠳᠤ ᠣᠷᠣᠭᠤᠯᠬᠤ ᠶᠢ ᠪᠠᠲᠤᠯᠠᠬᠤ ᠬᠡᠷᠡᠭᠲᠡᠢ︔ ᠲᠠᠪᠴᠠᠩ ᠤᠨ ᠠᠵᠤ ᠠᠬᠤᠶ᠂ ᠰᠥᠨᠢ ᠶᠢᠨ ᠠᠵᠤ ᠠᠬᠤᠶ᠂ ᠰᠦᠯᠵᠢᠶᠡᠨ ᠤ ᠠᠵᠤ ᠠᠬᠤᠶ ᠪᠠ ᠠᠩᠬᠠᠨ ᠤ ᠳᠡᠯᠭᠡᠭᠦᠷ ᠤᠨ ᠠᠵᠤ ᠠᠬᠤᠶ ᠶᠢ ᠬᠦᠴᠦᠯᠡᠨ ᠬᠥᠭᠵᠢᠭᠦᠯᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠰᠣᠩᠭᠤᠯᠲᠠ ᠶᠢ ᠲᠠᠰᠤᠷᠠᠯᠲᠠ ᠥᠬᠡᠶ ᠥᠷᠭᠡᠳᠬᠡᠨ᠂ ᠰᠠᠭᠤᠭᠠᠯᠢ ᠠᠷᠠᠳ ᠤᠨ ᠴᠢᠨᠠᠷ ᠰᠠᠶᠢᠲᠠᠶ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号