ᠬᠠᠶᠢᠷᠤᠪ ᠤᠨ ᠲᠤᠬᠤᠢ ᠲᠣᠭᠤᠷᠢᠭ ᠤᠨ ᠲᠣᠰᠬᠤᠨ ︵ᠨᠡᠶᠢᠭᠡᠮ ᠲᠣᠭᠤᠷᠢᠭ︶᠎ ᠤ ᠵᠡᠮᠳᠡᠭᠴᠦᠳ ᠤᠨ ᠨᠡᠶᠢᠭᠡᠮᠯᠢᠭ᠂ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠤ ᠵᠡᠮᠳᠡᠭᠴᠦᠳ ᠤᠨ ᠬᠤᠯᠪᠣᠭ᠎ᠠ ᠶᠢᠨ ᠬᠤᠭᠤᠴᠠᠭ᠎ᠠ ᠰᠣᠯᠢᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠡᠢ
ᠨᠡᠶᠢᠲᠡᠯᠡᠭᠰᠡᠨ ᠴᠠᠭ᠄
2022/9/20
      ᠦᠨᠳᠦᠰᠦᠨ ᠱᠠᠲᠤᠨ ᠤ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠲᠠᠰᠤᠷᠠᠯᠳᠠ ᠥᠭᠡᠢ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠵᠡᠮᠳᠡᠭᠴᠦᠳ ᠤᠨ ᠬᠤᠯᠪᠣᠭ᠎ᠠ ᠶᠢᠨ ᠬᠤᠭᠤᠴᠠᠭ᠎ᠠ ᠰᠣᠯᠢᠬᠤ ᠠᠵᠢᠯ ᠤᠨ ᠲᠤᠬᠠᠶ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠵᠡᠮᠳᠡᠭᠴᠦᠳ ᠤᠨ ᠬᠤᠯᠪᠣᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠬᠠᠶᠢᠷᠤᠪ ᠤᠨ ᠲᠤᠬᠤᠢ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠢᠳᠡᠪᠬᠢᠲᠡᠶ ᠪᠠᠷ ᠪᠠᠶᠢᠷᠢᠯᠠᠭᠤᠯᠵᠤ᠂ ᠪᠥᠬᠦ ᠲᠤᠭᠤᠷᠢᠭ ᠤᠨ ᠡᠯ᠎ᠡ ᠲᠣᠰᠬᠤᠨ ︵ᠨᠡᠶᠢᠭᠡᠮ ᠲᠣᠭᠤᠷᠢᠭ︶᠎ ᠤ ᠵᠡᠮᠳᠡᠭᠴᠦᠳ ᠤᠨ ᠨᠡᠶᠢᠭᠡᠮᠯᠢᠭ᠂ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠤ ᠵᠡᠮᠳᠡᠭᠴᠦᠳ ᠤᠨ ᠬᠤᠯᠪᠣᠭ᠎ᠠ ᠶᠢᠨ ᠬᠤᠭᠤᠴᠠᠭ᠎ᠠ ᠰᠣᠯᠢᠬᠤ ᠠᠵᠢᠯ ᠎ ᠢ ᠲᠥᠯᠬᠢᠨ ᠠᠬᠢᠭᠤᠯᠤᠨ᠎ᠠ᠃ 8 ᠰᠠᠷ᠎ᠠ ᠶᠢᠨ ᠰᠡᠭᠦᠯᠴᠢ ᠪᠣᠯᠲᠠᠯ᠎ᠠ᠂ ᠬᠠᠶᠢᠷᠤᠪ ᠤᠨ ᠲᠤᠬᠤᠢ ᠲᠣᠭᠤᠷᠢᠭ ᠤᠨ ᠬᠢᠨ 41 ᠲᠣᠰᠬᠤᠨ ︵ᠨᠡᠶᠢᠭᠡᠮ ᠲᠣᠭᠤᠷᠢᠭ︶᠎ ᠤ ᠵᠡᠮᠳᠡᠭᠴᠦᠳ ᠤᠨ ᠨᠡᠶᠢᠭᠡᠮᠯᠢᠭ᠂ 7 ᠪᠠᠯᠭᠠᠰᠤ ︵ᠵᠡᠭᠡᠯᠢ ᠭᠤᠳᠤᠮᠵᠢ ᠵᠢᠨ‌‍ᠬᠡᠷᠡᠭ ᠡᠷᠬᠢᠯᠡᠬᠦ ᠭᠠᠵᠠᠷ︶᠎ ᠤ ᠵᠡᠮᠳᠡᠭᠴᠦᠳ ᠤᠨ ᠬᠤᠯᠪᠣᠭ᠎ᠠ ᠶᠢᠨ ᠬᠤᠭᠤᠴᠠᠭ᠎ᠠ ᠰᠣᠯᠢᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃      ᠵᠡᠮᠳᠡᠭᠴᠦᠳ ᠤᠨ ᠬᠤᠯᠪᠣᠭ᠎ᠠ ᠶᠢᠨ ᠬᠤᠭᠤᠴᠠᠭ᠎ᠠ ᠰᠣᠯᠢᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠬᠠᠶᠢᠷᠤᠪ ᠤᠨ ᠲᠤᠬᠤᠢ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠬᠤᠭᠤᠴᠠᠭ᠎ᠠ ᠰᠣᠯᠢᠬᠤ ᠠᠵᠢᠯ ᠢ ᠠᠬᠢᠭᠤᠯᠬᠤ ᠬᠤᠷᠠᠯ ᠢ ᠣᠯᠠᠨ ᠤᠳᠠᠭ᠎ᠠ ᠬᠤᠷᠠᠯᠳᠤᠭᠤᠯᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠶᠠᠪᠤᠳᠠᠯ ᠢ ᠲᠤᠰᠬᠠᠶ ᠰᠡᠳᠦᠪ ᠢᠶᠠᠷ ᠰᠤᠳᠤᠯᠵᠤ᠂ ᠪᠥᠬᠦ ᠲᠤᠭᠤᠷᠢᠭ ᠤᠨ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠲᠣᠰᠬᠤᠨ ︵ᠨᠡᠶᠢᠭᠡᠮ ᠲᠣᠭᠤᠷᠢᠭ︶᠎ ᠤ ᠵᠡᠮᠳᠡᠭᠴᠦᠳ ᠤᠨ ᠬᠤᠯᠪᠣᠭ᠎ᠠ ᠶᠢᠨ ᠬᠤᠭᠤᠴᠠᠭ᠎ᠠ ᠰᠣᠯᠢᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ︽ᠬᠠᠶᠢᠷᠤᠪ ᠤᠨ ᠲᠤᠬᠤᠢ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠤᠭᠤᠴᠠᠭ᠎ᠠ ᠰᠣᠯᠢᠬᠤ ᠠᠵᠢᠯ ᠤᠨ ᠬᠡᠷᠡᠭᠵᠢᠭᠦᠯᠬᠦ ᠲᠥᠰᠦᠯ︾᠎ ᠢ ᠲᠣᠭᠲᠠᠭᠠᠬᠤ ᠶᠢᠨ ᠬᠠᠮᠲᠤ ᠳᠣᠷᠣᠭᠰᠢ ᠪᠠᠭᠤᠯᠭᠠᠵᠤ᠂ ᠬᠤᠭᠤᠴᠠᠭ᠎ᠠ ᠰᠣᠯᠢᠬᠤ ᠠᠵᠢᠯ ᠤᠨ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠭᠤᠤᠯ ᠡᠭᠦᠷᠭᠡ᠂ ᠬᠤᠭᠤᠴᠠᠭ᠎ᠠ ᠰᠣᠯᠢᠬᠤ ᠶᠠᠪᠤᠴᠠ ᠵᠢᠴᠢ ᠱᠠᠭᠠᠷᠳᠠᠯᠭ᠎ᠠ᠂ ᠠᠵᠢᠯ ᠤᠨ ᠰᠠᠬᠢᠯᠭ᠎ᠠ ᠪᠠᠲᠤ ᠵᠡᠷᠭᠡ ᠲᠠᠯ᠎ᠠ ᠪᠠᠷ ᠨᠠᠷᠢᠨ ᠨᠢᠭᠲᠠ ᠳᠣᠭᠢᠷᠠᠭᠤᠯᠤᠨ ᠪᠠᠶᠢᠷᠢᠯᠠᠭᠤᠯᠵᠤ᠂ ᠬᠤᠭᠤᠴᠠᠭ᠎ᠠ ᠰᠣᠯᠢᠬᠤ ᠠᠵᠢᠯ ᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠪᠠ᠃     ᠬᠤᠭᠤᠴᠠᠭ᠎ᠠ ᠰᠣᠯᠢᠬᠤ ᠠᠵᠢᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠬᠤ ᠶᠢᠨ ᠲᠥᠯᠥᠭᠡ᠂ ᠡᠯ᠎ᠡ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠶᠢᠨ ᠵᠡᠮᠳᠡᠭᠴᠦᠳ ᠤᠨ ᠬᠤᠯᠪᠣᠭ᠎ᠠ ᠶᠢᠨ ᠬᠢᠨ ᠬᠤᠭᠤᠴᠠᠭ᠎ᠠ ᠰᠣᠯᠢᠬᠤ ᠠᠴᠠ ᠡᠮᠦᠨ᠎ᠡ ᠣᠯᠠᠨ ᠲᠠᠯ᠎ᠠ ᠪᠠᠷ ᠤᠬᠠᠭᠤᠯᠵᠤ᠂ ᠵᠡᠮᠳᠡᠭ ᠣᠯᠠᠨ ᠲᠦᠮᠡᠨ ᠤ ᠣᠶᠢᠯᠠᠭᠠᠬᠤ ᠬᠡᠮᠵᠢᠶ᠎ᠡ ᠪᠠ ᠣᠷᠣᠯᠴᠠᠬᠤ ᠨᠣᠷᠮ᠎ᠠ ᠶᠢ ᠳᠡᠭᠡᠭᠰᠢᠯᠡᠭᠦᠯᠵᠦ᠂ ᠵᠡᠮᠳᠡᠭᠴᠦᠳ ᠤᠨ ᠬᠤᠯᠪᠣᠭ᠎ᠠ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠵᠣᠷᠢᠯᠲᠠ ᠶᠢᠨ ᠠᠴᠢ ᠬᠤᠯᠪᠣᠭᠳᠠᠯ᠂ ᠠᠷᠭ᠎ᠠ ᠮᠠᠶ᠋ᠢᠭ ᠠᠯᠬᠤᠮ ᠳᠠᠷᠠᠭ᠎ᠠ᠂ ᠪᠠᠷᠢᠮᠵᠢᠶ᠎ᠠ ᠨᠥᠬᠦᠴᠡᠯ᠂ ᠲᠥᠷᠥ ᠶᠢᠨ ᠪᠣᠳᠣᠯᠭ᠎ᠠ ᠶᠢᠨ ᠲᠠᠰ ᠳᠠᠷᠠᠭᠠᠯᠠᠯ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠵᠡᠷᠭᠡ ᠶᠢ ᠶᠡᠬᠡᠪᠡᠷ ᠤᠬᠠᠭᠤᠯᠵᠤ᠂ ᠵᠡᠮᠳᠡᠭᠴᠦᠳ ᠤᠨ ᠲᠥᠯᠥᠭᠡᠯᠡᠭᠴᠢ ᠶᠢᠨ ᠰᠣᠩᠭᠤᠭᠤᠯᠢ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠵᠦ᠂ ᠬᠤᠭᠤᠴᠠᠭ᠎ᠠ ᠰᠣᠯᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃     ᠬᠤᠭᠤᠴᠠᠭ᠎ᠠ ᠰᠣᠯᠢᠬᠤ ᠠᠵᠢᠯ ᠳᠤ ᠪᠥᠬᠦ ᠲᠤᠭᠤᠷᠢᠭ ᠤᠨ ᠡᠯ᠎ᠡ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠶᠢᠨ ᠵᠡᠮᠳᠡᠭᠴᠦᠳ ᠤᠨ ᠬᠤᠯᠪᠣᠭ᠎ᠠ ᠶᠢᠨ ᠢᠷᠡᠭᠡᠳᠦᠶ ᠶᠢᠨ ᠲᠠᠪᠤᠨ ᠵᠢᠯ ᠤᠨ ᠵᠡᠮᠳᠡᠭᠴᠦᠳ ᠤᠨ  ᠤᠶᠢᠯᠡᠰ ᠤᠨ ᠬᠥᠭᠵᠢᠯᠲᠡ ᠶᠢᠨ ᠴᠢᠭᠯᠡᠯ ᠪᠠ ᠭᠤᠤᠯ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠭᠰᠠᠨ ᠤ ᠬᠠᠮᠲᠤ᠂ ᠰᠢᠨ᠎ᠡ ᠨᠢᠭᠡ ᠬᠤᠭᠤᠴᠠᠭᠠᠨ ᠤ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠴᠢᠳᠠᠪᠤᠷᠢ ᠪᠠᠷ ᠨᠡᠯᠢᠶᠡᠳ ᠴᠢᠩᠭ᠎ᠠ ᠵᠡᠮᠳᠡᠭᠴᠦᠳ ᠤᠨ ᠬᠤᠯᠪᠣᠭ᠎ᠠ ᠶᠢᠨ ᠤᠳᠤᠷᠢᠳᠬᠤ ᠪᠠᠭ ᠢ ᠰᠣᠩᠭᠤᠨ ᠭᠠᠷᠭᠠᠵᠤ᠂ ᠦᠨᠳᠦᠰᠦᠨ ᠱᠠᠲᠤᠨ ᠤ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠨ᠂  ᠬᠠᠶᠢᠷᠤᠪ ᠤᠨ ᠲᠤᠬᠤᠢ ᠲᠤᠭᠤᠷᠢᠭ ᠤᠨ ᠵᠡᠮᠳᠡᠭᠴᠦᠳ ᠤᠨ ᠤᠶᠢᠯᠡᠰ ᠤᠨ ᠰᠠᠶᠢᠨ ᠪᠥᠭᠡᠳ ᠲᠦᠷᠭᠡᠨ ᠬᠥᠭᠵᠢᠬᠦ ᠶᠢ ᠠᠬᠢᠭᠤᠯᠬᠤ ᠳᠤ ᠰᠠᠶᠢᠨ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号