ᠤᠯᠤᠰ ᠤᠨ ᠲᠤᠭ ᠢ ᠮᠠᠨᠳᠤᠭᠤᠯᠵᠤ ᠤᠯᠤᠰ ᠤᠨ ᠳᠠᠭᠤᠤ ᠶᠢ ᠬᠠᠩᠬᠢᠨᠠᠭᠤᠯᠵᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 73 ᠵᠢᠯ ᠤᠨ ᠤᠢ ᠶᠢ ᠪᠡᠯᠭᠡᠯᠡᠬᠦ ᠲᠤᠬᠠᠢ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2022/9/21
      ᠡᠨᠡ ᠵᠢᠯ ᠪᠣᠯ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 73 ᠵᠢᠯ ᠤᠨ ᠤᠢ ᠪᠣᠯᠤᠨ᠎ᠠ᠂ ᠬᠦᠷ ᠬᠥᠭᠵᠢᠭᠡᠨ ᠲᠠᠢ᠂ ᠪᠠᠶᠠᠷ ᠪᠠᠭ᠋ᠠᠳᠤᠯ ᠲᠠᠢ᠂ ᠪᠦᠯᠬᠦᠮᠳᠡᠯ ᠲᠠᠢ᠂ ᠥᠭᠡᠳᠡᠯᠡᠨ ᠲᠠᠪᠰᠢᠬᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠵᠤ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠺᠠᠳ᠋ᠷᠴᠤᠤᠡ ᠤᠯᠠᠨ ᠲᠦᠮᠡᠨ ᠤ ᠤᠯᠤᠰ ᠤᠨ ᠲᠤᠭ ᠤᠨ ᠤᠬᠠᠮᠰᠠᠷ ᠪᠣᠯᠤᠨ ᠤᠯᠤᠰ ᠤᠨ ᠤᠢᠢᠯᠠᠭᠠᠭᠳᠠᠬᠤᠨ ᠢ ᠴᠢᠨᠠᠭᠰᠢᠳᠠ ᠳᠡᠭᠡᠭᠰᠢᠯᠡᠭᠦᠯᠵᠦ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠵᠦ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠬᠤ ᠶᠢᠨ ᠲᠥᠯᠥᠭᠡ᠂ ᠤᠯᠤᠰ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠦᠬᠠᠢ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠠᠳᠡ ᠨᠡᠶᠢᠭᠡᠮ ᠤᠨ ᠡᠯ᠎ᠡ ᠡᠲᠡᠭᠡᠳ ᠲᠤ ᠲᠥᠪ ᠴᠢᠩᠭ᠎ᠠ ᠪᠠᠷ ᠰᠠᠨᠠᠭᠠᠴᠢᠯᠠᠶ᠎ᠠ᠄      ᠨᠢᠭᠡ᠂ ᠤᠯᠤᠰ ᠤᠨ ᠲᠤᠭ ᠢᠶᠠᠨ ᠮᠠᠨᠳᠤᠭᠤᠯᠵᠤ᠂ ᠤᠯᠤᠰ ᠤᠨ ᠳᠠᠭᠤᠤ ᠪᠠᠨ ᠬᠠᠩᠭᠢᠨᠠᠭᠤᠯᠤᠨ᠎ᠠ᠃ ᠤᠯᠤᠰ ᠤᠨ ᠲᠤᠭ ᠮᠠᠨᠳᠤᠭᠤᠯᠵᠤ᠂ ᠤᠯᠤᠰ ᠤᠨ ᠰᠦᠯᠳᠡ ᠳᠠᠭᠤᠤ ᠶᠢ ᠬᠠᠩᠭᠢᠨᠠᠭᠤᠯᠬᠤ ᠪᠣᠯ ᠤᠯᠤᠰ ᠢᠶᠠᠨ ᠬᠠᠶᠢᠷᠠᠯᠠᠬᠤ ᠦᠵᠡᠯ ᠢᠶᠠᠷ ᠭᠤᠣᠯ ᠪᠣᠯᠭᠠᠭᠰᠠᠨ ᠠᠭᠤᠤ ᠶᠡᠭᠡ ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ︽ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠬᠡᠷᠡᠭᠵᠢᠭᠦᠯᠬᠦ ᠬᠥᠲᠥᠯᠪᠦᠷᠢ︾᠎ ᠶᠢ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠣᠯᠤᠨ᠎ᠠ᠃ ᠡᠯ᠎ᠡ ᠱᠠᠲᠤᠨ ᠤ ᠨᠠᠮ ᠵᠠᠰᠠᠭ ᠴᠡᠷᠢᠭ ᠤᠨ ᠪᠠᠶᠢᠭᠤᠯᠭ᠎ᠠ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠪᠠᠯᠭᠠᠰᠤᠨ ᠠᠴᠠ ᠡᠷᠭᠢᠯᠡᠭᠰᠡᠨ ᠨᠡᠶᠢᠭᠡᠮ ᠲᠣᠭᠤᠷᠢᠭ᠂ ᠰᠠᠭᠤᠭᠠᠯᠢ ᠠᠷᠠᠳ ᠤᠨ ᠲᠣᠭᠤᠷᠢᠭ᠂ ᠵᠡᠭᠡᠯᠢ ᠳᠠᠭᠠᠭᠰᠠᠨ ᠬᠤᠳᠠᠯᠳᠤᠭᠠᠨ ᠤ ᠳᠡᠯᠭᠡᠭᠦᠷ᠂ ᠰᠤᠷᠭᠠᠭᠤᠯᠢ ᠬᠦᠷᠢᠶᠡᠯᠡᠩ ᠭᠠᠵᠠᠷ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠵᠡᠷᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠬ ᠤᠨ ᠬᠠᠤᠯᠢ︾᠎ ᠶᠢᠨ ᠲᠣᠭᠲᠠᠭᠠᠯ ᠶᠣᠰᠣᠭᠠᠷ᠂ ᠪᠣᠳᠠᠲᠤ ᠠᠵᠢᠯᠯᠠᠭ᠎ᠠ ᠪᠠᠷ ᠢᠶᠠᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 73 ᠵᠢᠯ ᠤᠨ ᠤᠢ ᠶᠢ ᠪᠡᠯᠭᠡᠯᠡᠵᠦ᠂ ᠠᠰᠢᠭᠲᠠᠶ ᠨᠥᠬᠦᠴᠡᠯ ᠢ ᠭᠦᠢᠴᠡᠳ ᠠᠰᠢᠭᠯᠠᠨ ᠤᠯᠤᠰ ᠤᠨ ᠲᠤᠬ ᠢ ᠢᠳᠡᠪᠬᠢᠲᠡᠶ ᠪᠠᠷ ᠡᠯᠭᠦᠵᠦ᠂ ᠤᠯᠤᠰ ᠤᠨ ᠳᠠᠭᠤᠤ ᠶᠢ ᠥᠷᠭᠡᠨ ᠢᠶᠠᠷ ᠳᠠᠭᠤᠯᠠᠵᠤ᠂ ᠬᠠᠮᠤᠭ ᠤᠨ ᠴᠢᠩ ᠦᠨᠡᠨᠴᠢ ᠬᠠᠶᠢᠷ᠎ᠠ ᠰᠡᠳᠬᠢᠯᠭᠡ᠂ ᠬᠠᠮᠤᠭ ᠤᠨ ᠢᠳᠡᠪᠬᠢᠲᠡᠶ ᠠᠵᠢᠯᠯᠠᠭ᠎ᠠ ᠪᠠᠷ ᠢᠶᠠᠨ ᠮᠠᠨ ᠤ ᠤᠯᠤᠰ ᠤᠨ ᠲᠤᠬ ᠢᠶᠠᠨ ᠬᠦᠨᠳᠦᠳᠬᠡᠵᠦ᠂ ᠡᠭᠡ ᠣᠷᠣᠨ ᠢᠶᠠᠨ ᠬᠠᠶᠢᠷᠠᠯᠠᠵᠤ ᠪᠠᠶᠢᠬᠤ ᠪᠠᠨ ᠢᠯᠡᠳᠬᠡᠬᠦ ᠬᠡᠷᠡᠭᠲᠡᠶ᠃     ᠬᠤᠶᠠᠷ᠂ ᠤᠯᠤᠰ ᠤᠨ ᠲᠤᠬ ᠢ ᠵᠢᠷᠤᠮᠵᠢᠯ ᠲᠠᠢ ᠪᠠᠷ ᠡᠯᠭᠦᠬᠦ ᠬᠡᠷᠡᠭᠲᠡᠶ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾᠎ ᠶᠢᠨ ᠲᠣᠭᠲᠠᠭᠠᠯ ᠢ ᠦᠨᠳᠦᠰᠦᠯᠡᠪᠡᠯ᠂ ᠬᠠᠤᠯᠢ ᠶᠣᠰᠣᠭᠠᠷ ᠤᠯᠤᠰ ᠤᠨ ᠲᠤᠭ ᠢ ᠬᠡᠷᠡᠭᠯᠡᠵᠦ᠂ ᠤᠯᠤᠰ ᠤᠨ ᠲᠤᠭ ᠤᠨ ᠪᠠᠶᠢᠷᠢ ᠶᠢ ᠪᠤᠰᠤᠳ ᠲᠤᠭ ᠠᠴᠠ ᠳᠣᠣᠷ᠎ᠠ ᠪᠠᠶᠢᠯᠭᠠᠬᠤ ᠦᠭᠡᠶ᠂ ᠪᠤᠰᠤᠳ ᠡᠳ᠋ ᠪᠣᠳᠠᠰ ᠲᠤ ᠬᠠᠯᠬᠠᠯᠠᠭᠳᠠᠬᠤ ᠦᠭᠡᠶ᠂ ᠤᠯᠤᠰ ᠤᠨ ᠲᠤᠭ ᠢ ᠰᠣᠯᠪᠢᠴᠠᠭᠤᠯᠤᠨ ᠡᠯᠭᠦᠬᠦ ᠦᠭᠡᠶ᠂ ᠪᠤᠰᠬᠠᠨ ᠡᠯᠭᠦᠬᠦ ᠦᠭᠡᠶ᠂ ᠲᠣᠩᠭᠤᠷᠤᠭᠤᠯᠤᠨ ᠡᠯᠭᠦᠬᠦ ᠦᠭᠡᠶ᠂ ᠤᠯᠤᠰ ᠤᠨ ᠲᠤᠭ ᠢ ᠪᠤᠰᠤᠳ ᠲᠤᠭ ᠲᠠᠢ ᠰᠣᠯᠪᠢᠴᠠᠭᠤᠯᠬᠤ ᠦᠭᠡᠶ᠂ ᠡᠪᠳᠡᠷᠡᠵᠦ ᠰᠦᠢᠳᠦᠭᠰᠡᠨ᠂ ᠭᠬᠢᠷᠲᠦᠭᠰᠡᠨ᠂ ᠥᠩᠭᠡ ᠨᠢ ᠤᠨᠠᠭᠰᠠᠨ ᠪᠤᠶᠤ ᠪᠠᠷᠢᠮᠵᠢᠶ᠎ᠠ ᠳᠤ ᠨᠡᠶᠢᠴᠡᠬᠦ ᠦᠭᠡᠶ ᠤᠯᠤᠰ ᠤᠨ ᠲᠤᠭ ᠢ ᠡᠯᠭᠦᠬᠦ ᠦᠭᠡᠶ᠂ ᠤᠯᠤᠰ ᠤᠨ ᠲᠤᠭ ᠢ ᠭᠠᠵᠠᠷ ᠲᠤ ᠪᠠᠭᠤᠯᠭᠠᠬᠤ ᠦᠭᠡᠶ ᠪᠠᠶᠢᠬᠤ ᠶᠢ ᠪᠡᠶᠡᠯᠡᠭᠦᠯᠦᠨ᠎ᠡ᠃ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ 9 ᠰᠠᠷ᠎ᠠ ᠶᠢᠨ 25᠎ ᠤ ᠡᠳᠦᠷ ᠠᠴᠠ ᠡᠮᠦᠨ᠎ᠡ ᠤᠯᠤᠰ ᠤᠨ ᠲᠤᠭ ᠢᠶᠠᠨ ᠡᠯᠭᠦᠬᠦ ᠠᠵᠢᠯ ᠢᠶᠠᠨ ᠳᠠᠭᠤᠰᠬᠠᠬᠤ ᠬᠡᠷᠡᠭᠲᠡᠶ᠃     ᠭᠤᠷᠪᠠ᠂ ᠡᠬᠡ ᠣᠷᠣᠨ ᠢᠶᠠᠨ ᠬᠠᠮᠲᠤ ᠪᠠᠷ ᠢᠷᠥᠭᠡᠶ᠎ᠡ᠃ ᠨᠡᠶᠢᠭᠡᠮ ᠤᠨ ᠡᠯ᠎ᠡ ᠡᠲᠡᠭᠡᠳ ᠤᠨ ᠬᠢᠨ ᠢᠳᠡᠪᠬᠢᠲᠡᠢ ᠪᠠᠷ ᠬᠥᠳᠡᠯᠦᠯᠴᠡᠵᠦ᠂ ᠤᠯᠤᠰ ᠤᠨ ᠲᠤᠭ ᠮᠠᠨᠳᠤᠭᠤᠯᠬᠤ᠂ ᠤᠯᠤᠰ ᠤᠨ ᠳᠠᠭᠤᠤ ᠳᠠᠭᠤᠯᠠᠬᠤ ᠬᠡᠯᠪᠡᠷᠢ ᠪᠠᠷ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 73 ᠵᠢᠯ ᠤᠨ ᠤᠢ ᠶᠢ ᠪᠡᠯᠭᠡᠯᠡᠵᠦ᠂ ᠠᠭᠤᠤ ᠶᠡᠭᠡ ᠡᠬᠡ ᠤᠯᠤᠰ ᠲᠠᠭᠠᠨ ᠴᠢᠩ ᠰᠡᠳᠬᠢᠯ ᠤᠨ ᠵᠥᠩᠨᠡᠯ ᠢᠶᠠᠨ ᠢᠯᠡᠳᠬᠡᠵᠦ᠂ ᠮᠠᠨ ᠤ ᠬᠤᠳᠠ ᠶᠢᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠡᠬᠡ ᠤᠯᠤᠰ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠲᠠᠪᠤᠨ ᠣᠳᠣᠲᠤ ᠤᠯᠠᠭᠠᠨ ᠲᠤᠭ ᠢ ᠦᠬᠠᠢ ᠶᠢᠨ ᠡᠬᠡ ᠭᠠᠵᠠᠷ ᠲᠤ ᠥᠨᠳᠥᠷ ᠨᠠᠮᠢᠷᠠᠭᠤᠯᠵᠤ᠂ ᠪᠠᠶᠠᠷ ᠪᠠᠶᠠᠰᠬᠤᠯᠠᠩᠲᠠᠢ᠂ ᠡᠶ᠎ᠡ ᠨᠠᠶᠢᠷᠠᠮᠳᠠᠭᠤ᠂ ᠥᠨᠢᠷ ᠪᠠᠶᠠᠯᠢᠭ᠂ ᠬᠦᠷ ᠬᠥᠭᠵᠢᠶᠡᠨ ᠲᠠᠢ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠪᠠ᠃     ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠬᠤᠷᠢᠶᠠᠨ ᠤ ᠤᠬᠠᠭᠤᠯᠬᠤ ᠬᠡᠯᠲᠡᠰ                  2022 ᠣᠨ ᠤ 9 ᠰᠠᠷ᠎ᠠ ᠶᠢᠨ 20 ᠎ ᠤ ᠡᠳᠤᠷ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号