9 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠭᠠᠯ ᠤᠨᠲᠠᠷᠠᠭᠠᠬᠤ ᠠᠮᠤᠷ | ᠲᠦᠪᠰᠢᠨ ᠤ ᠰᠦᠨ ᠬᠤᠤ ᠨᠠᠷ ᠤᠷᠢᠳ ᠬᠤᠵᠢᠳ ᠬᠠᠶᠢᠷᠤᠪ ᠤᠨ ᠲᠤᠬᠤᠢ ᠲᠣᠭᠤᠷᠢᠭ ᠤᠨ ᠹᠦ᠋ ᠳ᠋ᠡ ᠵᠠᠬ᠎ᠠ | ᠳᠡᠯᠭᠡᠭᠦᠷ᠂ ᠰᠢᠨ ᠰᠢᠩ ᠬᠤᠳᠠᠯᠳᠤᠭᠠᠨ ᠤ ᠭᠠᠵᠠᠷ ᠲᠤ ᠬᠦᠷᠴᠦ ᠬᠤᠳᠠᠯᠳᠤᠭᠠᠨ ᠤ ᠲᠠᠯᠠᠪᠤᠷ ᠤᠨ ᠭᠠᠯ | ᠤᠨᠲᠠᠷᠠᠭᠠᠬᠤ ᠪᠠᠭᠠᠵᠢ ᠬᠡᠷᠡᠭᠰᠡᠯ ᠤᠨ ᠲᠤᠬᠢᠷᠠᠭᠤᠯᠤᠯᠳᠠ᠂ ᠭᠠᠯ ᠤᠨᠲᠠᠷᠠᠭᠠᠬᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠪᠠᠶᠢᠴᠠᠭᠠᠨ ᠦᠵᠡᠪᠡ᠃ | | ᠰᠦᠨ ᠬᠤᠤ ᠬᠡᠯᠡᠭᠰᠡᠨ ᠨᠢ᠂ ᠡᠯ᠎ᠡ ᠨᠢᠭᠡᠴᠡ ᠶᠢᠨ ᠬᠠᠷᠢᠭᠤᠴᠠᠯᠭᠠᠲᠠᠨ ᠭᠠᠯ ᠤᠨᠲᠠᠷᠭᠠᠬᠤ ᠠᠮᠤᠷ ᠲᠦᠪᠰᠢᠨ ᠤ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠮᠤᠷ ᠲᠦᠪᠰᠢᠨ ᠤ ᠳᠠᠯᠳᠠ ᠬᠡᠮ ᠢ | ᠦᠨᠳᠦᠰᠦᠨ ᠠᠴᠠ ᠨᠢ ᠠᠷᠢᠯᠭᠠᠵᠤ᠂ ᠬᠤᠳᠠᠯᠳᠤᠭᠠᠨ ᠤ ᠲᠠᠯᠠᠪᠤᠷ ᠤᠨ ᠬᠠᠮᠢᠶᠠᠷᠤᠭᠴᠢ ᠶᠢᠨ ᠰᠡᠳᠬᠢᠯ ᠤᠨ | ᠡᠪᠡᠳᠴᠢᠨ ᠢ ᠰᠢᠢᠤᠡᠪᠤᠷᠢᠯᠡᠵᠤ᠂ ᠬᠤᠳᠠᠯᠳᠤᠭᠠᠨ ᠤ ᠡᠷᠦᠬᠡ ᠶᠢᠨ ᠬᠡᠪ ᠤᠨ ᠡᠵᠡᠩᠨᠡᠯᠲᠡ ᠳᠤ ᠠᠮᠤᠷ ᠲᠦᠪᠰᠢᠨ ᠤ | ᠲᠠᠪᠴᠠᠩ ᠪᠠᠶᠢᠭᠤᠯᠤᠨ ᠥᠭᠴᠦ᠂ ᠣᠯᠠᠨ ᠲᠦᠮᠡᠨ ᠤ ᠬᠤᠳᠠᠯᠳᠤᠨ ᠠᠪᠬᠤ ᠳᠤ ᠠᠮᠤᠷ ᠲᠦᠪᠰᠢᠨ ᠨᠠᠶᠢᠳᠠᠪᠤᠷᠢᠲᠠᠶ | ᠲᠠᠯᠠᠪᠤᠷ ᠬᠠᠩᠭᠠᠬᠤ ᠬᠡᠷᠡᠭᠲᠡᠶ᠃ ᠠᠷᠠᠳ ᠲᠦᠮᠡᠨ ᠳᠤ ᠦᠢᠯᠡᠴᠢᠯᠡᠬᠦ ᠣᠶᠢᠯᠠᠭᠠᠭᠳᠠᠬᠤᠨ ᠢ ᠢᠮᠠᠭᠲᠠ ᠡᠪᠦᠷᠯᠡᠨ᠂ | ᠣᠯᠠᠨ ᠲᠦᠮᠡᠨᠴᠢ ᠱᠤᠭᠤᠮ ᠢᠶᠠᠷ ᠶᠠᠪᠤᠬᠤ ᠶᠢ ᠪᠠᠷᠢᠮᠲᠠᠯᠠᠨ᠂ ᠭᠠᠯ ᠤᠨᠲᠠᠷᠠᠭᠠᠬᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠲᠥᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠥᠪᠡᠷ ᠤᠨ | ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠨᠢᠭᠡᠴᠡ ᠶᠢᠨ ᠠᠵᠢᠯᠲᠠᠳ ᠢᠶᠠᠨ ᠲᠣᠭᠲᠠᠮᠠᠯ | ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ | ᠠᠵᠢᠯᠯᠠᠭ᠎ᠠ ᠶᠢ ᠥᠷᠨᠢᠭᠦᠯᠵᠦ᠂ ᠭᠠᠯ ᠤᠨᠲᠠᠷᠠᠭᠠᠬᠤ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠲᠠᠰᠣᠷᠠᠯᠳᠠ | ᠥᠭᠡᠢ ᠲᠡᠭᠦᠯᠳᠡᠷᠵᠢᠭᠦᠯᠦᠨ᠂ ᠭᠠᠯ ᠤᠨᠲᠠᠷᠠᠭᠠᠬᠤ ᠰᠠᠭᠤᠷᠢ ᠶᠢ ᠪᠠᠬᠢᠵᠢᠭᠦᠯᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠠᠷᠠᠳ ᠣᠯᠠᠨ ᠳᠤ ᠭᠠᠯ | ᠤᠨᠲᠠᠷᠠᠭᠠᠬᠤ ᠠᠮᠤᠷ ᠲᠦᠪᠰᠢᠨ ᠤ ᠬᠠᠮᠤᠭ ᠤᠨ ᠶᠡᠭᠡ ᠪᠠᠲᠤᠯᠠᠭ᠎ᠠ ᠶᠢ ᠬᠠᠩᠭᠠᠬᠤ ᠬᠡᠷᠡᠭᠲᠡᠶ ᠭᠡᠵᠠᠢ᠃ | |