9 ᠰᠠᠷ᠎ᠠ ᠶᠢᠨ 21 ᠤ ᠡᠳᠦᠷ ᠪᠣᠯᠲᠠᠯ᠎ᠠ᠂ ᠶᠢᠰᠦᠳᠦᠭᠡᠷ ᠬᠤᠭᠤᠴᠠᠭᠠᠨ ᠤ ᠬᠠᠶᠢᠷᠤᠪ ᠤᠨ ᠲᠤᠬᠤᠢ | ᠲᠣᠭᠤᠷᠢᠭ ᠤᠨ ᠨᠠᠮ ᠤᠨ ᠬᠤᠷᠢᠶᠠᠨ ᠤ ᠭᠤᠷᠪᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠯᠲᠠ ᠶᠢᠨ ᠣᠷᠣᠵᠤ | ᠰᠠᠭᠤᠬᠤ ᠠᠵᠢᠯ ᠨᠢᠭᠡᠨᠲᠡ ᠳᠠᠭᠤᠰᠴᠤ᠂ ᠭᠤᠷᠪᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠪᠦᠬᠦ | ᠲᠠᠯ᠎ᠠ ᠪᠠᠷ ᠡᠬᠢᠯᠡᠪᠡ᠃ | ᠲᠣᠭᠤᠷᠢᠭ ᠤᠨ ᠨᠠᠮ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠲᠤᠰ ᠡᠭᠡᠯᠵᠢ ᠶᠢᠨ ᠲᠣᠭᠤᠷᠢᠨ | ᠪᠠᠶᠢᠴᠠᠭᠠᠯᠲᠠ ᠨᠢ ᠲᠣᠭᠤᠷᠢᠭ ᠤᠨ ᠬᠤᠳᠠ ᠶᠢᠨ ᠪᠡᠯᠡ ᠣᠷᠣᠭᠤᠯᠤᠯᠲᠠ ᠶᠢᠨ ᠺᠣᠮᠫᠠᠨᠢ᠂ ᠲᠣᠭᠤᠷᠢᠭ ᠤᠨ ᠬᠥᠳᠡᠭᠡ | ᠲᠣᠰᠬᠤᠨ ᠤ ᠪᠡᠯᠡ ᠣᠷᠣᠭᠤᠯᠤᠯᠲᠠ ᠶᠢᠨ ᠺᠣᠮᠫᠠᠨᠢ᠂ ᠲᠣᠭᠤᠷᠢᠭ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ | ᠬᠥᠭᠵᠢᠯᠲᠡ ᠶᠢᠨ ᠲᠥᠪ ᠤᠨ ᠨᠠᠮ ᠤᠨ ᠤᠳᠤᠷᠢᠳᠬᠤ ᠳᠤᠭᠤᠶᠢᠯᠠᠩ᠂ ᠲᠣᠭᠤᠷᠢᠭ ᠤᠨ ᠣᠷᠣᠨ ᠰᠠᠭᠤᠴᠠ ᠪᠠ | ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ | ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠲᠣᠭᠤᠷᠢᠭ ᠤᠨ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ᠂ ᠴᠢᠶᠠᠨ ᠭᠠᠩ ᠨᠡᠶᠢᠭᠡᠮ | ᠲᠣᠭᠤᠷᠢᠭ ᠤᠨ ᠨᠠᠮ ᠤᠨ ᠬᠤᠷᠢᠶ᠎ᠠ᠂ ᠰᠢᠨ ᠶᠤᠸᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ᠂ ᠰᠢᠨ ᠾᠧ | ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ᠂ ᠰᠢᠨ ᠳ᠋ᠢ ᠲᠣᠰᠬᠤᠨ ᠤ ᠨᠠᠮ ᠤᠨ ᠬᠤᠷᠢᠶ᠎ᠠ᠂ ᠪᠠᠶᠠᠨᠨᠤᠰᠤ ᠲᠤᠰᠬᠤᠨ | ᠤ ᠨᠠᠮ ᠤᠨ ᠬᠤᠷᠢᠶ᠎ᠠ ᠳᠤ ᠵᠤᠷᠰᠢᠯ ᠤᠨ ᠴᠠᠭᠳᠠᠨ ᠪᠠᠶᠢᠴᠠᠭᠠᠯᠲᠠ ᠦᠷᠨᠢᠭᠦᠯᠤᠨ᠎ᠡ᠃9 ᠰᠠᠷ᠎ᠠ ᠶᠢᠨ 20 ᠤ | ᠡᠳᠦᠷ ᠠᠴᠠ ᠡᠬᠢᠯᠡᠵᠦ᠂ ᠲᠣᠭᠤᠷᠢᠭ ᠤᠨ ᠨᠠᠮ ᠤᠨ ᠬᠤᠷᠢᠶᠠᠨ ᠤ ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠨᠢ | ᠴᠠᠭᠳᠠᠨ ᠪᠠᠶᠢᠴᠠᠭᠠᠭᠳᠠᠬᠤ ᠨᠢᠭᠡᠴᠡ ᠳᠤ ᠲᠤᠰ ᠲᠤᠰ ᠴᠠᠭᠳᠠᠨ ᠪᠠᠶᠢᠴᠠᠭᠠᠬᠤ ᠠᠵᠢᠯ ᠤᠨ ᠣᠷᠣᠵᠤ ᠰᠠᠭᠤᠬᠤ | ᠳᠠᠶᠢᠴᠢᠯᠠᠯᠲᠠ ᠶᠢᠨ ᠬᠤᠷᠠᠯ ᠬᠢᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠦᠬᠠᠢ ᠬᠤᠳᠠ ᠶᠢᠨ ᠨᠠᠮ ᠤᠨ ᠬᠤᠷᠢᠶᠠᠨ ᠤᠲ᠋ᠣᠭᠤᠷᠢᠨ ᠪᠠᠶᠢᠴᠠᠭᠠᠬᠤ ᠲᠣᠭᠤᠷᠢᠨ ᠪᠠᠶᠢᠴᠠᠭᠠᠬᠤ ᠠᠵᠢᠯ ᠤᠨ ᠲᠤᠬᠠᠢ | ᠬᠠᠮᠢᠶ᠎ᠠ ᠪᠦᠬᠦᠢ ᠱᠠᠭᠠᠷᠳᠠᠯᠭ᠎ᠠ ᠵᠢᠴᠢ ᠲᠤᠰ ᠡᠭᠡᠯᠵᠢ ᠶᠢᠨ ᠲᠣᠭᠤᠷᠢᠨ ᠪᠠᠶᠢᠴᠠᠭᠠᠬᠤ ᠲᠠᠶᠢᠴᠢᠯᠠᠯᠳᠠ | ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠣᠭᠤᠷᠢᠨ ᠪᠠᠶᠢᠴᠠᠭᠠᠬᠤ ᠡᠭᠦᠷᠭᠡ ᠪᠣᠯᠤᠨ | ᠲᠣᠭᠤᠷᠢᠨ ᠪᠠᠶᠢᠴᠠᠭᠠᠬᠤ ᠠᠷᠭ᠎ᠠ ᠬᠡᠯᠪᠡᠷᠢ ᠶᠢ ᠤᠯᠠᠮ ᠴᠢᠨᠠᠭᠰᠢᠳᠠ ᠲᠣᠳᠣᠷᠬᠠᠶᠢᠯᠠᠭᠰᠠᠨ ᠤ ᠬᠠᠮᠲᠤ ᠤᠯᠤᠰ | ᠲᠦᠷᠦ ᠶᠢᠨ ᠬᠢᠨᠠᠯᠲᠠ ᠶᠢ ᠴᠢᠩᠭᠠᠳᠬᠠᠬᠤ᠂ ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠨ ᠰᠠᠶᠢᠲᠤᠷ ᠬᠢᠬᠦ | ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠤ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ | ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠦᠭᠡ ᠬᠡᠯᠡᠪᠡ᠃ | ᠲᠤᠰ ᠡᠭᠡᠯᠵᠢ ᠶᠢᠨ ᠴᠠᠭᠳᠠᠨ ᠪᠠᠶᠢᠴᠠᠭᠠᠬᠤ ᠶᠠᠪᠤᠴᠠ ᠳᠤ᠂ ᠲᠤᠭᠤᠷᠢᠭ ᠤᠨ ᠨᠠᠮ ᠤᠨ ᠬᠤᠷᠢᠶᠠᠨ ᠤ | ᠲᠣᠭᠤᠷᠢᠨ ᠪᠠᠶᠢᠴᠠᠭᠠᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ︽ | ᠳᠥᠷᠪᠡᠨ ᠤᠬᠠᠮᠰᠠᠷ︾ ᠢᠶᠠᠷ ᠤᠯᠤᠰ ᠲᠥᠷᠥ ᠶᠢᠨ ᠬᠡᠪ ᠳᠠᠭᠤᠷᠢᠶᠠᠯ ᠪᠣᠯᠭᠠᠵᠤ᠂ ᠤᠯᠤᠰ ᠲᠥᠷᠥ ᠶᠢᠨ ᠲᠣᠭᠤᠷᠢᠨ | ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠰᠢᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠳᠤᠪᠤᠶᠢᠯᠭᠠᠵᠤ᠂ ᠵᠠᠩᠭᠢᠯᠠᠭ᠎ᠠ ᠶᠢᠨ ᠴᠥᠭᠡᠨ ᠲᠣᠭᠠᠲᠠᠨ ᠢ ᠰᠠᠶᠢᠲᠤᠷ ᠠᠩᠬᠠᠷᠴᠤ᠂ ᠨᠠᠮ ᠤᠨ ᠲᠥᠪ ᠬᠤᠷᠢᠶᠠᠨ ᠤ | ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠳᠡᠷᠭᠡᠳᠡᠬᠢ | ᠢᠯᠵᠢᠷᠡᠯ ᠤᠨ ᠠᠰᠠᠭᠤᠳᠠᠯ ᠪᠠ ᠲᠥᠪ ᠪᠤᠰᠤ ᠰᠤᠷᠲᠠᠯ ᠵᠢᠴᠢ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠴᠣᠭᠴᠠᠯᠠᠯᠲᠠ ᠵᠢᠴᠢ ᠴᠠᠭᠳᠠᠨ ᠪᠠᠶᠢᠴᠠᠭᠠᠬᠤ᠂ ᠬᠢᠨᠠᠨ ᠪᠤᠳᠤᠬᠤ ᠵᠡᠷᠭᠡ ᠬᠢᠨᠠᠯᠲᠠ ᠲᠠᠯᠪᠢᠵᠤ | ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ | ᠠᠩᠬᠠᠷᠤᠯ ᠢᠶᠠᠨ ᠲᠥᠪᠯᠡᠷᠡᠭᠦᠯᠦᠨ ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠡ᠃ | ᠣᠶᠢᠯᠠᠭᠠᠭᠰᠠᠨ ᠢᠶᠠᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ | ᠲᠤᠬᠠᠶ ᠶᠢᠨ ᠲᠠᠯᠠᠪᠤᠷ ᠤᠨ ᠲᠣᠭᠤᠷᠢᠨ ᠪᠠᠶᠢᠴᠠᠭᠠᠬᠤ ᠴᠠᠭ ᠨᠢ 60 ᠡᠳᠦᠷ ᠣᠷᠴᠢᠮ ᠪᠠᠶᠢᠵᠤ᠂ ᠵᠠᠬᠢᠳᠠᠯ | ᠰᠤᠷᠪᠤᠯᠵᠢᠯᠠᠭ᠎ᠠ ᠶᠢ ᠭᠥᠯᠢᠶᠡᠨ ᠠᠪᠴᠤ ᠰᠢᠢᠤᠡᠪᠤᠷᠢᠯᠡᠬᠦ ᠴᠠᠭ ᠨᠢ 2022 ᠣᠨ ᠤ 9 ᠰᠠᠷ᠎ᠠ ᠶᠢᠨ 21 ᠤ | ᠡᠳᠦᠷ ᠠᠴᠠ 11 ᠰᠠᠷ᠎ᠠ ᠶᠢᠨ 16 ᠤ ᠡᠳᠦᠷ᠂ ᠦᠳᠡ ᠶᠢᠨ ᠡᠮᠦᠨᠡᠬᠢ 9᠄ 00 ᠠᠴᠠ 12᠄ 00᠂ ᠦᠳᠡ ᠶᠢᠨ | ᠬᠤᠶᠢᠨᠠᠬᠢ 3᠄ 00 ᠠᠴᠠ 6᠄ 00 ᠪᠣᠯᠤᠨ᠎ᠠ᠃ ᠲᠣᠭᠤᠷᠢᠨ ᠪᠠᠶᠢᠴᠠᠭᠠᠬᠤ ᠬᠤᠭᠤᠴᠠᠭᠠᠨ ᠳᠤ ᠲᠤᠰᠬᠠᠶ | ᠵᠢᠵᠢᠭᠦᠷ ᠤᠨ ᠳ᠋ᠢᠶᠠᠩᠬᠤᠸᠠ᠂ ᠡᠯᠧᠺᠲᠷᠣᠨ ᠰᠢᠤᠳᠠᠨ ᠤ ᠬᠠᠶᠢᠷᠴᠠᠭ ᠵᠡᠷᠭᠡ ᠶᠢ ᠳᠣᠭᠢᠷᠠᠭᠤᠯᠤᠨ᠎ᠠ᠃ ᠲᠣᠭᠤᠷᠢᠨ | ᠪᠠᠶᠢᠴᠠᠭᠠᠬᠤ ᠬᠤᠭᠤᠴᠠᠭᠠᠨ ᠳᠤ᠂ ᠭᠤᠣᠯᠳᠠᠭᠤ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ ᠵᠢᠴᠢ ᠳᠣᠣᠷ᠎ᠠ ᠨᠢᠭᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠠ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ | ᠺᠠᠳ᠋ᠷ ᠢ ᠲᠤᠰᠬᠠᠭᠰᠠᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠂ ᠭᠤᠣᠯᠳᠠᠯᠭ᠎ᠠ ᠨᠢ | ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ | ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ | ᠪᠠᠲᠤ ᠶᠢ ᠵᠥᠷᠢᠴᠡᠭᠰᠡᠨ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠠ ᠳᠤᠰᠬᠠᠯ ᠪᠣᠯᠤᠨ᠎ᠠ᠃ ᠴᠠᠭᠳᠠᠨ | ᠪᠠᠶᠢᠴᠠᠭᠠᠵᠤ ᠬᠦᠯᠢᠶᠡᠨ ᠠᠪᠴᠤ ᠰᠢᠢᠤᠡᠪᠤᠷᠢᠯᠡᠬᠦ ᠬᠡᠪᠴᠢᠶᠡᠨ ᠳᠤ ᠪᠠᠭᠲᠠᠬᠤ ᠦᠭᠡᠶ ᠵᠠᠬᠢᠳᠠᠯ ᠰᠤᠷᠪᠤᠯᠵᠢᠯᠠᠭ᠎ᠠ ᠶᠢᠨ | ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰᠢᠶᠠᠵᠤ | ᠰᠢᠢᠤᠡᠪᠤᠷᠢᠯᠡᠭᠦᠯᠤᠨ᠎ᠡ᠃ | |