︽ᠤᠯᠤᠰ ᠢᠶᠠᠨ ᠬᠦᠴᠦᠷᠬᠡᠭᠵᠢᠭᠦᠯᠬᠦ ᠰᠡᠷᠭᠦᠨ ᠮᠠᠨᠳᠤᠯᠲᠠ ᠳᠤ ᠪᠢ ᠪᠤᠢ︾ ᠭᠡᠬᠦ ᠤᠯᠠᠨ ᠲᠦᠮᠡᠨᠴᠢ | ᠴᠢᠨᠠᠷᠲᠠᠢ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠶᠢᠨ | ᠲᠥᠯᠥᠭᠡ᠂ ᠤᠢᠢᠷ᠎ᠠ ᠶᠢᠨ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠣᠮ ᠤᠨ ᠰᠠᠩ ᠬᠤᠪᠢᠰᠬᠠᠯ ᠤᠨ | ᠦᠯᠢᠭᠡᠷ ᠢ ᠰᠠᠶᠢᠲᠤᠷ ᠶᠠᠷᠢᠬᠤ — ︽ᠤᠶᠤᠨ ᠢ ᠱᠤᠭᠤᠵᠤ ᠰᠢᠨ᠎ᠡ ᠡᠷᠡᠨ ᠤ ᠵᠠᠯᠭᠠᠮᠵᠢᠯᠠᠭᠴᠢ ᠶᠢ | ᠬᠥᠮᠦᠵᠢᠭᠦᠯᠦᠶ᠎ᠡ︾ ᠭᠡᠬᠦ ᠰᠦᠯᠵᠢᠶᠡᠨ ᠳᠡᠭᠡᠷ᠎ᠡ ᠬᠦᠷᠭᠡᠬᠦ ᠠᠵᠢᠯᠯᠠᠭ᠎ᠠ ᠥᠷᠨᠢᠭᠦᠯᠵᠡᠢ᠃ | ᠲᠤᠰ ᠤᠳᠠᠭᠠᠨ ᠤ ᠰᠦᠯᠵᠢᠶᠡᠨ ᠳᠡᠭᠡᠷ᠎ᠡ ᠬᠦᠷᠭᠡᠬᠦ ᠠᠵᠢᠯᠯᠠᠭ᠎ᠠ ᠨᠢ ᠨᠠᠮ ᠤᠨ ᠬᠤᠷᠢᠳᠤᠭᠠᠷ ᠶᠡᠭᠡ ᠬᠤᠷᠠᠯ ᠢ | ᠤᠭᠲᠤᠬᠤ ᠠᠵᠢᠯ ᠤᠨ ᠭᠤᠣᠯ ᠱᠤᠭᠤᠮ ᠤᠨ ᠲᠣᠭᠤᠷᠢᠨ ᠳᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ | ᠶᠡᠭᠡ ᠠᠮᠵᠢᠯᠲᠠ ᠪᠣᠯᠤᠨ ᠲᠡᠦᠬᠡᠨ ᠲᠤᠷᠰᠢᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠦᠯᠢᠭᠡᠷ᠂ | ᠬᠤᠪᠢᠰᠬᠠᠯ ᠤᠨ ᠦᠯᠢᠭᠡᠷ᠂ ᠪᠠᠭᠠᠲᠤᠷᠯᠢᠭ ᠦᠯᠢᠭᠡᠷ ᠢ ᠰᠠᠶᠢᠲᠤᠷ ᠶᠠᠷᠢᠵᠤ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠰᠢᠬᠢ ᠨᠠᠮ ᠪᠣᠯᠤᠨ ᠤᠯᠤᠰ ᠤᠨ ᠦᠢᠯᠡᠰ ᠤᠨ ᠣᠯᠤᠭᠰᠠᠨ ᠲᠡᠦᠬᠡᠲᠦ ᠴᠢᠨᠠᠷᠲᠠᠢ ᠠᠮᠵᠢᠯᠲᠠ | ᠪᠦᠲᠦᠮᠵᠢ᠂ ᠡᠭᠦᠰᠦᠭᠰᠡᠨ ᠲᠡᠦᠬᠡᠲᠦ ᠴᠢᠨᠠᠷᠲᠠᠢ ᠬᠤᠪᠢᠰᠤᠯᠲᠠ ᠶᠢ ᠭᠤᠣᠯᠳᠠᠯᠭ᠎ᠠ ᠲᠠᠢ ᠲᠤᠪᠤᠶᠢᠯᠭᠠᠵᠦ᠂ | ᠵᠠᠯᠠᠭᠤᠴᠤᠳ ᠪᠠᠭᠠᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠨᠠᠮ ᠢᠶᠠᠨ ᠬᠠᠶᠢᠷᠠᠯᠠᠬᠤ | ᠤᠯᠤᠰ ᠢᠶᠠᠨ ᠬᠠᠶᠢᠷᠠᠯᠠᠬᠤ ᠨᠡᠶᠢᠭᠡᠮ ᠵᠢᠷᠤᠮ ᠢ ᠬᠠᠶᠢᠷᠠᠯᠠᠬᠤ ᠰᠡᠳᠬᠢᠯᠭᠡ ᠶᠢ ᠭᠦᠨ ᠪᠤᠢ ᠪᠣᠯᠭᠠᠵᠤ᠂ ᠨᠡᠶᠢᠭᠡᠮ | ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠥᠨᠢ | ᠡᠭᠦᠷᠢᠳᠡ ᠨᠠᠮ ᠢᠶᠠᠨ ᠳᠠᠭᠠᠬᠤ ᠢᠲᠡᠭᠡᠯ ᠪᠢᠰᠢᠷᠡᠯ᠂ ᠢᠲᠡᠭᠡᠯ ᠵᠣᠷᠢᠭ ᠢ ᠨᠢ ᠲᠠᠰᠤᠷᠠᠯᠲᠠ ᠦᠭᠡᠢ ᠨᠡᠮᠡᠭᠳᠡᠭᠦᠯᠬᠦ | ᠬᠡᠷᠡᠭᠲᠡᠢ᠃ | ᠲᠣᠰ ᠤᠳᠠᠭᠠᠨ ᠤ ᠰᠦᠯᠵᠢᠶᠡᠨ ᠳᠡᠭᠡᠷ᠎ᠡ ᠬᠦᠷᠭᠡᠬᠦ ᠠᠵᠢᠯᠯᠠᠭ᠎ᠠ ᠶᠢ ᠰᠠᠶᠢᠲᠤᠷ ᠬᠢᠬᠦ ᠶᠢᠨ ᠲᠥᠯᠥᠭᠡ᠂ | ᠬᠠᠶᠢᠷᠤᠪ ᠤᠨ ᠲᠤᠬᠤᠢ ᠲᠤᠭᠤᠷᠢᠭ ᠤᠨ ᠨᠣᠮ ᠤᠨ ᠰᠠᠩ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠶᠢ ᠢᠳᠡᠪᠬᠢᠲᠡᠶ | ᠠᠰᠢᠭᠯᠠᠨ ᠪᠥᠬᠦ ᠲᠠᠯ᠎ᠠ ᠪᠠᠷ ᠤᠬᠠᠭᠤᠯᠵᠤ᠂ ᠠᠵᠢᠯᠯᠠᠭ᠎ᠠ ᠶᠢᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ ᠢ | ᠤᠯᠠᠮ ᠨᠢᠭᠡ ᠠᠯᠬᠤᠮ ᠴᠢᠩᠭᠠᠷᠠᠭᠤᠯᠪᠠ᠃ | ᠳᠠᠷᠠᠭᠠᠴᠢ ᠪᠠᠷ᠂ ᠬᠠᠶᠢᠷᠤᠪ ᠤᠨ ᠲᠤᠬᠤᠢ ᠲᠤᠭᠤᠷᠢᠭ ᠤᠨ ᠨᠣᠮ ᠤᠨ ᠰᠠᠩ ᠪᠠᠰᠠ ︽ᠤᠶᠤᠨ ᠢ ᠱᠤᠭᠤᠵᠤ | ᠰᠢᠨ᠎ᠡ ᠡᠷᠡᠨ ᠤ ᠵᠠᠯᠭᠠᠮᠵᠢᠯᠠᠭᠴᠢ ᠶᠢ ᠬᠥᠮᠦᠵᠢᠭᠦᠯᠦᠶ᠎ᠡ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠲᠤᠰ | ᠤᠳᠠᠭᠠᠨ ᠤ ᠠᠵᠢᠯᠯᠠᠭ᠎ᠠ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠵᠠᠯᠠᠭᠤᠴᠤᠳ ᠪᠠᠭᠠᠴᠤᠳ ᠲᠤ | ᠬᠤᠪᠢᠰᠬᠠᠯ ᠤᠨ ᠦᠯᠢᠭᠡᠷ ᠢ ᠦᠨᠡᠨᠬᠦ ᠲᠠᠨᠢᠭᠤᠯᠵᠤ᠂ ᠣᠶᠢᠯᠠᠭᠠᠭᠤᠯᠵᠤ᠂ ᠮᠡᠳᠡᠷᠡᠭᠦᠯᠵᠦ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠤᠶᠤᠨ ᠰᠠᠨᠠᠭᠠᠨ ᠤ ᠬᠦᠴᠦᠨ ᠢ | ᠨᠢᠭᠲᠠᠷᠠᠭᠤᠯᠬᠤ ᠪᠣᠯᠤᠨ᠎ᠠ᠃ | | | |