9 ᠰᠠᠷ᠎ᠠ ᠶᠢᠨ 15 ᠤ ᠡᠳᠦᠷ᠂ ᠬᠠᠶᠢᠷᠤᠪ ᠤᠨ ᠲᠤᠬᠤᠢ ᠲᠤᠭᠤᠷᠢᠭ ᠤᠨ ᠨᠢᠭᠡᠳᠦᠭᠡᠷ ᠪᠠᠭ᠎ᠠ | ᠰᠤᠷᠭᠠᠭᠤᠯᠢ ᠶᠢᠨ ᠬᠢᠨ 25 ᠳ᠋ᠤᠭᠠᠷ ᠬᠤᠭᠤᠴᠠᠭᠠᠨ ᠤ ᠪᠦᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ | ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠥᠷᠨᠢᠭᠦᠯᠪᠡ᠃ | ᠠᠵᠢᠯᠯᠠᠭ᠎ᠠ ᠶᠢᠨ ᠳᠤᠮᠳᠠ ᠰᠤᠷᠭᠠᠭᠤᠯᠢ ᠠᠴᠠ ︽ᠪᠢᠴᠢᠭ ᠤᠨ ᠦᠨᠦᠷ ᠦᠬᠠᠶ︾ ᠫᠷᠤᠭ᠍ᠷᠠᠮ ᠤᠨ ᠬᠥᠲᠥᠯᠥᠭᠴᠢ | ᠶᠠᠩ ᠢ ᠮᠢᠩ ᠢ ᠤᠷᠢᠵᠤ᠂ ᠰᠤᠷᠤᠭᠴᠢᠳ ᠲᠤ ᠨᠡᠶᠢᠲᠡᠯᠢᠭ ᠬᠡᠯᠡᠨ ᠤ ᠦᠨᠳᠦᠰᠦᠨ ᠮᠡᠳᠡᠯᠭᠡ᠂ ᠠᠶᠠᠯᠭᠤ ᠶᠢᠨ | ᠬᠡᠷᠡᠭᠯᠡᠯᠲᠡ ᠶᠢ ᠲᠠᠶᠢᠯᠪᠤᠷᠢᠯᠠᠨ ᠥᠭᠴᠦ᠂ ᠰᠤᠷᠤᠭᠴᠢᠳ ᠢ ᠵᠢᠯᠣᠭᠤᠳᠤᠨ ᠨᠡᠶᠢᠲᠡᠯᠢᠭ ᠬᠡᠯᠡ ᠪᠠᠷ ᠬᠢᠴᠢᠶᠡᠯ ᠤᠨ | ᠪᠢᠴᠢᠭ ᠢ ᠵᠥᠪ ᠣᠨᠣᠪᠴᠢᠲᠠᠶ ᠤᠩᠰᠢᠭᠤᠯᠬᠤ ᠪᠣᠯᠭᠠᠵᠤ᠂ ᠰᠤᠷᠤᠭᠴᠢᠳ ᠢ ᠬᠠᠪᠰᠤᠷᠤᠨ ᠨᠡᠶᠢᠲᠡᠯᠢᠭ ᠬᠡᠯᠡᠨ ᠤ ᠬᠢᠷᠢ | ᠲᠦᠪᠰᠢᠨ ᠢ ᠨᠢ ᠳᠡᠭᠡᠭᠰᠢᠯᠡᠭᠦᠯᠪᠡ᠃ ᠲᠤᠬᠠᠶ ᠶᠢᠨ ᠲᠠᠯᠠᠪᠠᠶ᠂ ᠠᠮᠢᠳᠤᠯᠢᠭ ᠰᠤᠷᠤᠯᠴᠠᠬᠤ ᠠᠭᠤᠯᠭ᠎ᠠ᠂ ᠮᠥᠴᠢ ᠶᠢᠨ | ᠦᠭᠡ ᠬᠡᠯᠡ ᠪᠠᠶᠠᠯᠢᠭ᠂ ᠬᠥᠲᠥᠯᠥᠭᠴᠢ ᠲᠠᠢ ᠢᠳᠡᠪᠬᠢᠲᠡᠶ ᠬᠤᠷᠰᠢᠯᠴᠠᠬᠤ ᠬᠢᠴᠢᠶᠡᠯ ᠵᠢᠭᠠᠬᠤ ᠠᠷᠭ᠎ᠠ ᠮᠠᠶ᠋ᠢᠭ ᠨᠢ | ᠰᠤᠷᠤᠭᠴᠢᠳ ᠲᠤ ᠮᠠᠰᠢ ᠰᠣᠨᠢᠷᠬᠠᠯᠲᠠᠶ ᠰᠣᠨᠣᠰᠤᠭᠳᠠᠨ᠎ᠠ᠃ | ᠲᠤᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠢᠶᠠᠷ ᠥᠷᠭᠡᠨ ᠤᠯᠠᠨ ᠪᠠᠭᠰᠢ ᠰᠤᠷᠤᠭᠴᠢᠳ ᠤᠨ | ᠨᠡᠶᠢᠲᠡᠯᠢᠭ ᠬᠡᠯᠡ ᠶᠢ ᠲᠦᠭᠡᠮᠡᠯᠵᠢᠭᠦᠯᠬᠦ᠂ ᠨᠡᠶᠢᠲᠡᠯᠢᠭ ᠬᠡᠯᠡ ᠶᠢ ᠰᠠᠶᠢᠨ ᠰᠤᠷᠬᠤ ᠢᠳᠡᠪᠬᠢᠵᠢᠯ ᠢ ᠲᠠᠶᠢᠴᠢᠯᠠᠵᠤ᠂ | ᠪᠠᠭᠰᠢ ᠰᠤᠷᠤᠭᠴᠢᠳ ᠤᠨ ᠦᠭᠡ ᠬᠡᠯᠡᠨ ᠤ ᠳᠦᠷᠢᠮᠵᠢᠯ ᠤᠨ ᠤᠬᠠᠮᠰᠠᠷ ᠪᠠ ᠬᠡᠷᠡᠭᠯᠡᠭᠡᠨ ᠤ ᠬᠡᠯᠡ ᠬᠡᠷᠡᠭᠯᠡᠭᠡᠨ ᠤ | ᠦᠰᠦᠭ ᠤᠨ ᠳᠦᠷᠢᠮᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ ᠵᠠᠯᠭᠠᠭᠠᠳ ᠰᠤᠷᠭᠠᠭᠤᠯᠢ ᠠᠴᠠ ᠨᠡᠶᠢᠲᠡᠯᠢᠭ | ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠬᠤᠭᠤᠴᠠᠭᠠᠨ ᠳᠤ ᠪᠠᠰᠠ ᠪᠤᠰᠤᠳ | ᠪᠠᠶᠠᠯᠢᠭ ᠰᠠᠶᠢᠬᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠠᠭᠰᠢ ᠰᠤᠷᠤᠭᠴᠢᠳ ᠢ ᠬᠥᠲᠥᠯᠥᠨ | ᠵᠢᠯᠣᠭᠤᠳᠴᠤ ᠪᠠᠶᠢᠭᠠᠳ ᠨᠡᠶᠢᠲᠡᠯᠢᠭ ᠬᠡᠯᠡ ᠶᠢ ᠰᠠᠶᠢᠲᠤᠷ ᠶᠠᠷᠢᠭᠤᠯᠵᠤ᠂ ᠳᠦᠷᠢᠮᠵᠢᠭᠰᠡᠨ ᠦᠰᠦᠭ ᠢ ᠰᠠᠶᠢᠲᠤᠷ | ᠪᠢᠴᠢᠭᠦᠯᠵᠦ᠂ ᠬᠥᠮᠦᠨ ᠪᠣᠯᠭᠠᠨ ᠰᠤᠷᠬᠤ᠂ ᠬᠥᠮᠦᠨ ᠪᠣᠯᠭᠠᠨ ᠨᠡᠶᠢᠲᠡᠯᠢᠭ ᠬᠡᠯᠡ ᠪᠠᠷ ᠶᠠᠷᠢᠬᠤ ᠠᠭᠤᠷ ᠠᠮᠢᠰᠬᠤᠯ ᠢ | ᠪᠤᠶ ᠪᠣᠯᠭᠠᠵᠤ᠂ ᠡᠶ᠎ᠡ ᠵᠣᠬᠢᠴᠠᠯ ᠲᠠᠢ ᠰᠠᠶᠢᠨ ᠰᠠᠶᠢᠬᠠᠨ ᠬᠡᠯᠡᠨ ᠤ ᠣᠷᠴᠢᠨ ᠨᠥᠬᠦᠴᠡᠯ ᠢ ᠬᠠᠮᠲᠤ ᠪᠠᠷ ᠪᠤᠶ ᠪᠣᠯᠭᠠᠬᠤ | ᠪᠣᠯᠤᠨ᠎ᠠ᠃ |