ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ︽ᠠᠷᠠᠳ ᠤᠨ ᠰᠠᠨᠠᠭ᠎ᠠ  ᠶᠢ ᠪᠠᠶᠢᠴᠠᠭᠠᠵᠤ︾ ᠠᠰᠠᠭᠤᠳᠠᠯ ᠢ  ᠰᠢᠢᠤᠡᠪᠤᠷᠢᠯᠡᠵᠤ ︽ᠠᠷᠠᠳ ᠤᠨ ᠰᠡᠳᠬᠢᠯ ᠢ ᠤᠯᠪᠠ︾
ᠨᠡᠶᠢᠲᠡᠯᠡᠭᠰᠡᠨ ᠴᠠᠭ᠄
2022/9/23
      ᠥᠩᠭᠡᠷᠡᠭᠰᠡᠨ ᠨᠢᠭᠡ ᠬᠤᠭᠤᠴᠠᠭᠠᠨ ᠳᠤ᠂ ᠰᠢᠨ ᠲᠢᠶᠠᠨ ᠳ᠋ᠢ ᠨᠡᠶᠢᠲᠡ ᠶᠢᠨ ᠪᠠᠶᠢᠷᠢ ᠳᠤ ᠰᠠᠭᠤᠵᠤ ᠪᠠᠶᠢᠭᠰᠠᠨ  ᠠᠵᠤ ᠠᠬᠤᠶ ᠶᠢᠨ ᠡᠵᠡᠳ ᠡᠳᠦᠷ ᠪᠦᠷᠢ ᠨᠢᠭᠡ ᠤᠴᠢᠷ ᠲᠤ ᠰᠠᠨᠠᠭ᠎ᠠ ᠵᠣᠪᠠᠳᠠᠭ᠂ ᠡᠨᠡ ᠨᠢ ᠳᠠᠷᠤᠶ ᠤᠳᠠᠭᠠᠨ ᠵᠢᠯ ᠵᠠᠰᠠᠭᠰᠠᠨ ᠥᠬᠡᠶ ᠴᠠᠬᠢᠯᠭᠠᠨ ᠱᠠᠲᠤ ᠶᠢ ᠬᠡᠪ ᠤᠨ ᠪᠠᠶᠢᠳᠠᠯ ᠢᠶᠠᠷ ᠬᠡᠷᠡᠭᠯᠡᠵᠦ ᠳᠡᠶᠢᠯᠬᠦ ᠡᠰᠡᠬᠦ ᠳᠤ ᠰᠠᠨᠠᠭ᠎ᠠ ᠵᠣᠪᠠᠳᠠᠭ᠃ ᠣᠶᠢᠷ᠎ᠠ ᠶᠢᠨ ᠬᠤᠭᠤᠴᠠᠭᠠᠨ ᠳᠤ᠂ ᠰᠠᠭᠤᠭᠠᠯᠢ ᠠᠷᠠᠳ ᠢ ᠭᠠᠴᠢᠭᠳᠠᠭᠤᠯᠵᠤ ᠪᠠᠶᠢᠭ᠎ᠠ ᠡᠨᠡᠬᠦ ᠶᠠᠷᠰᠢᠭ ᠲᠠᠢ ᠶᠠᠪᠤᠳᠠᠯ ᠢ ᠡᠴᠦᠰ ᠲᠡᠭᠡᠨ ᠰᠢᠢᠤᠡᠪᠤᠷᠢᠯᠡᠵᠠᠢ᠃ ᠤᠤᠯ ᠨᠢ᠂ ᠬᠠᠶᠢᠷᠤᠪ ᠤᠨ ᠲᠤᠬᠤᠢ ᠲᠣᠭᠤᠷᠢᠭ  ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ︽ᠠᠷᠠᠳ ᠤᠨ ᠲᠥᠯᠥᠭᠡᠯᠡᠭᠴᠢᠳ ᠤᠨ ᠭᠡᠷ︾ ᠲᠤ ᠬᠦᠷᠴᠦ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠶᠠᠪᠤᠵᠤ ᠰᠠᠭᠤᠬᠤ ᠳᠤ ᠬᠦᠴᠢᠷ ᠠᠰᠠᠭᠤᠳᠠᠯ ᠢ ᠲᠦᠷᠭᠡᠨ ᠰᠢᠢᠳᠪᠦᠷᠢᠯᠡᠬᠦ ᠴᠢᠬᠤᠯᠠᠲᠠᠢ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠲᠤ ᠬᠤᠶᠠᠷ ᠴᠠᠬᠢᠯᠭᠠᠨ ᠱᠠᠳᠤ ᠶᠢ ᠵᠣᠬᠢᠴᠠᠭᠤᠯᠤᠨ ᠰᠣᠯᠢᠵᠤ᠂ ᠤᠯᠠᠨ ᠤ ᠲᠤᠯᠭᠠᠮ᠎ᠠ ᠪᠠᠶᠢᠳᠠᠯ ᠢ ᠲᠠᠶᠢᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠠᠷᠠᠳ ᠤᠯᠠᠨ ᠤ ᠰᠡᠳᠬᠢᠯ ᠢ ᠤᠢᠢᠷᠠᠳᠤᠭᠤᠯᠵᠠᠢ᠃      ᠣᠶᠢᠯᠠᠭᠠᠭᠰᠠᠨ ᠢᠶᠠᠷ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠲᠤ ᠣᠯᠠᠨ ᠳᠠᠪᠬᠤᠷᠭᠠᠲᠤ ᠣᠷᠣᠨ ᠰᠠᠭᠤᠴᠠ ᠳᠤ ᠴᠠᠬᠢᠯᠭᠠᠨ ᠱᠠᠲᠤ ᠨᠡᠮᠡᠵᠦ ᠤᠭᠰᠠᠷᠠᠭᠰᠠᠨ ᠵᠥᠷᠢᠴᠡᠯ ᠳᠤ ᠴᠢᠭᠯᠡᠭᠦᠯᠦᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠯᠢ ᠴᠠᠩ ᠴᠢᠩ ᠰᠠᠨᠠᠭᠠᠴᠢᠯᠠᠭ᠎ᠠ ᠠᠴᠠ ᠪᠠᠨ ᠲᠠᠨᠢᠵᠤ ᠠᠪᠤᠭᠰᠠᠨ ᠪᠠᠶᠢᠨ᠎ᠠ᠃ ᠰᠢᠨ ᠲᠢᠶᠠᠨ ᠳ᠋ᠢ ᠨᠡᠶᠢᠲᠡ ᠶᠢᠨ ᠪᠠᠶᠢᠷᠢ ᠶᠢᠨ ᠴᠠᠬᠢᠯᠭᠠᠨ ᠱᠠᠲᠤ 15 ᠵᠢᠯ ᠠᠵᠢᠯᠯᠠᠭᠠᠳ ᠣᠨ ᠤ ᠪᠠᠶᠢᠴᠠᠭᠠᠯᠲᠠ ᠬᠢᠭᠰᠡᠨ ᠦᠭᠡᠶ ᠭᠡᠳᠡᠭ ᠢ ᠣᠶᠢᠯᠠᠭᠠᠭᠰᠠᠨ ᠤ ᠳᠠᠷᠠᠭ᠎ᠠ᠂ ᠨᠢᠭᠡᠨᠲᠡ ᠬᠡᠪ ᠤᠨ ᠪᠠᠶᠢᠳᠠᠯ ᠢᠶᠠᠷ ᠬᠡᠷᠡᠭᠯᠡᠬᠦ ᠶᠢᠨ ᠠᠷᠭ᠎ᠠ ᠥᠬᠡᠶ ᠪᠣᠯᠵᠣ᠂ ᠤᠤᠯ ᠤᠨ ᠴᠠᠬᠢᠯᠭᠠᠨ ᠱᠠᠲᠤ ᠶᠢᠨ ᠤᠶᠢᠯᠡᠤᠡᠪᠤᠷᠢ ᠡᠭᠦᠳᠡ ᠪᠠᠨ ᠬᠠᠭᠠᠵᠤ᠂ ᠰᠣᠯᠢᠬᠤ ᠮᠠᠲ᠋ᠧᠷᠢᠶᠠᠯ ᠬᠤᠳᠠᠯᠳᠤᠨ ᠠᠪᠴᠤ ᠰᠡᠯᠪᠢᠨ ᠵᠠᠰᠠᠬᠤ ᠠᠷᠭ᠎ᠠ ᠥᠬᠡᠶ ᠪᠣᠯᠤᠭᠰᠠᠨ ᠪᠠᠶᠢᠳᠠᠯ ᠳᠤ ᠯᠢ ᠴᠠᠩ ᠴᠢᠩ ᠢᠳᠡᠪᠬᠢᠲᠡᠶ ᠪᠠᠷ ᠵᠣᠬᠢᠴᠠᠭᠤᠯᠤᠨ᠂ ᠣᠯᠠᠨ ᠤᠳᠠᠭ᠎ᠠ ᠵᠥᠪᠳᠡᠯᠴᠡᠬᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠥᠮᠴᠢᠲᠡᠨ ᠢ ᠬᠥᠲᠥᠯᠦᠨ ᠵᠢᠯᠣᠭᠤᠳᠴᠤ ᠪᠠᠶᠢᠭᠠᠳ ᠰᠠᠨᠠᠯ ᠱᠠᠭᠠᠷᠳᠠᠯᠭ᠎ᠠ ᠶᠢ ᠨᠢ ᠣᠶᠤᠨᠴᠢ ᠪᠠᠷ ᠢᠯᠡᠳᠬᠡᠭᠦᠯᠵᠦ᠂ ᠬᠠᠮᠤᠭ ᠰᠡᠭᠦᠯ ᠳᠤ ᠰᠢᠨ ᠲᠢᠶᠠᠨ ᠳ᠋ᠢ ᠪᠦᠯᠦᠭᠯᠡᠯ ᠠᠴᠠ 25 ᠲᠦᠮᠡᠨ ᠲᠥᠭᠦᠷᠢᠭ ᠤᠨ ᠪᠠᠯᠠ ᠮᠥᠩᠭᠦ ᠭᠠᠷᠭᠠᠵᠤ 2 ᠰᠢᠨ᠎ᠡ ᠴᠠᠬᠢᠯᠭᠠᠨ ᠱᠠᠲᠤ ᠶᠢ ᠰᠣᠯᠢᠵᠤ᠂ ᠤᠷᠤᠭᠰᠢᠲᠠᠶ ᠪᠠᠷ ᠠᠰᠢᠭᠯᠠᠯᠲᠠ ᠳᠤ ᠣᠷᠣᠭᠤᠯᠪᠠ᠃      ᠣᠳᠣᠬᠠᠨ ᠪᠣᠯᠲᠠᠯ᠎ᠠ᠂ ᠰᠢᠨ᠎ᠡ ᠬᠤᠸᠠ ᠰᠢ ᠵᠡᠭᠡᠯᠢ ᠭᠤᠳᠤᠮᠵᠢ ᠶᠢᠨ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾ 140 ᠬᠥᠮᠦᠨ ᠤᠳᠠᠭ᠎ᠠ ᠶᠢᠨ ᠰᠣᠩᠭᠤᠭᠤᠯᠢ ᠶᠢᠨ ᠠᠷᠠᠳ ᠢ ᠬᠦᠯᠢᠶᠡᠨ ᠠᠪᠴᠤ᠂ ᠤᠯᠠᠨ ᠲᠦᠮᠡᠨ ᠤ ᠪᠠᠴᠢᠮ ᠲᠤᠯᠭᠠᠮ᠎ᠠ ᠬᠦᠴᠢᠷ ᠵᠣᠪᠠᠭᠤᠷᠢ ᠲᠠᠢ 12 ᠠᠰᠠᠭᠤᠳᠠᠯ ᠢ ᠰᠢᠢᠳᠪᠦᠷᠢᠯᠡᠪᠡ᠃ ᠵᠢᠱᠢᠶᠡᠯᠡᠪᠡᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠯᠢ ᠴᠠᠩ ᠴᠢᠩ ︽ᠣᠳᠣᠨ ᠲᠠᠰ ᠤᠨ ᠦᠨᠡᠯᠡᠨ ᠲᠣᠭᠲᠠᠭᠠᠯᠲᠠ︾ ︽ᠭᠤᠷᠪᠠᠨ ᠲᠣᠳᠣᠷᠬᠠᠶ ᠬᠠᠭᠤᠳᠠᠰᠤ︾ ᠶᠢᠨ ᠰᠢᠨ᠎ᠡ ᠠᠷᠭ᠎ᠠ ᠬᠡᠮᠵᠢᠶ᠎ᠡ ᠶᠢ  ᠤᠶᠢᠯᠡᠳᠤᠯᠭᠡᠵᠢᠭᠦᠯᠬᠦ  ᠪᠠᠷ ᠳᠠᠮᠵᠢᠭᠤᠯᠤᠨ ︽ᠭᠤᠷᠪᠠᠨ ᠲᠣᠳᠣᠷᠬᠠᠶ ᠬᠠᠭᠤᠳᠠᠰᠤ︾ ᠶᠢ ᠠᠷᠢᠯᠭᠠᠬᠤ ᠳᠤᠮᠳᠠ ᠴᠠᠬᠢᠯᠭᠠᠨ ᠱᠠᠲᠤ ᠰᠣᠯᠢᠬᠤ ᠠᠰᠠᠭᠤᠳᠠᠯ ᠢ ᠲᠠᠨᠢᠵᠤ ᠠᠪᠤᠭᠠᠳ᠂ ᠨᠢᠭᠡ ᠯᠡ ᠤᠳᠠᠭ᠎ᠠ ᠳᠤ 2 ᠣᠲᠣ ᠣᠯᠵᠤ᠂ ᠪᠤᠰᠤᠳ ᠲᠥᠯᠥᠭᠡᠯᠡᠭᠴᠢ ᠴᠦ ᠵᠣᠬᠢᠴᠠᠩᠭᠤᠶ ᠠᠵᠢᠯᠯᠠᠭ᠎ᠠ ᠳᠤ ᠣᠷᠣᠯᠴᠠᠬᠤ ᠵᠡᠷᠭᠡ ᠪᠠᠷ ᠳᠠᠮᠵᠢᠭᠤᠯᠤᠨ ᠵᠣᠬᠢᠴᠠᠩᠭᠤᠶ ᠣᠲᠣ ᠣᠯᠤᠭᠰᠠᠨ ᠪᠠᠶᠢᠨ᠎ᠠ᠃ ᠡᠨᠡᠬᠦ ᠶᠠᠪᠤᠴᠠ ᠳᠤ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ︽ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠪᠢ ᠬᠠᠷᠢᠭᠤ ᠳᠤᠰᠬᠠᠯ ᠲᠠᠢ ᠪᠠᠶᠢᠬᠤ︾ ᠶᠢ ᠴᠢᠷᠮᠠᠶᠢᠨ ᠪᠡᠶᠡᠯᠡᠭᠦᠯᠵᠦ᠂ ᠤᠯᠠᠨ ᠲᠦᠮᠡᠨ ᠤ ᠳᠡᠷᠭᠡᠳᠡᠬᠢ ᠪᠠᠭ᠎ᠠ ᠶᠠᠪᠤᠳᠠᠯ ᠤᠳ᠂ ᠵᠥᠷᠢᠴᠡᠯ ᠤᠳ ᠢ ᠢᠳᠡᠪᠬᠢᠲᠡᠢ ᠰᠢᠢᠳᠪᠦᠷᠢᠯᠡᠵᠦ᠂ ᠤᠯᠠᠨ ᠲᠦᠮᠡᠨ ᠤ ᠵᠣᠯ ᠵᠢᠷᠭᠠᠯ ᠤᠨ ᠲᠦᠷᠦᠭᠳᠡᠯ ᠢ ᠨᠡᠮᠡᠭᠳᠡᠭᠦᠯᠵᠡᠢ᠃       ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠡᠷ︾ ᠢ ᠪᠠᠶᠢᠭᠤᠯᠬᠤ᠂ ᠬᠠᠮᠢᠶᠠᠷᠬᠤ᠂ ᠬᠡᠷᠡᠭᠯᠡᠬᠦ ᠶᠢ ᠦᠷᠭᠦᠯᠵᠢᠯᠡᠨ ᠨᠠᠷᠢᠨ ᠨᠢᠮᠪᠠᠢ ᠪᠣᠳᠠᠲᠠᠶᠢᠵᠢᠭᠤᠯᠬᠤ ᠪᠠᠷ ᠳᠠᠮᠵᠢᠭᠤᠯᠵᠤ᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠡᠷ︾ ᠤᠨ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠬᠦ ᠠᠴᠢᠶᠠᠯᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠠᠷᠠᠳ ᠤᠯᠠᠨ ᠤ ᠬᠠᠷᠢᠯᠴᠠᠭ᠎ᠠ ᠶᠢ ᠨᠢᠭᠲᠠᠷᠠᠭᠤᠯᠵᠤ᠂ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠰᠠᠶᠢᠨ ᠲᠠᠪᠴᠠᠩ᠂ ᠰᠤᠷᠤᠯᠴᠠᠵᠤ ᠰᠣᠯᠢᠯᠴᠠᠬᠤ ᠰᠠᠶᠢᠨ ᠵᠢᠭᠰᠠᠭᠠᠯ ᠤᠨ ᠭᠠᠵᠠᠷ᠂ ᠤᠯᠠᠨ ᠲᠦᠮᠡᠨ ᠲᠠᠢ ᠬᠠᠷᠢᠯᠴᠠᠬᠤ ᠰᠠᠶᠢᠨ ᠬᠥᠭᠦᠷᠭᠡ ᠪᠣᠯᠬᠤ ᠪᠠᠷ ᠴᠢᠷᠮᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号