ᠬᠠᠶᠢᠷᠤᠪ ᠤᠨ ᠲᠤᠬᠤᠢ ᠶᠢᠨ ᠡᠨᠡ ᠤᠳᠠᠭᠠᠨ ᠤ ᠲᠣᠭᠯᠠᠯᠲᠠ ᠭᠤᠶᠢᠳᠠ ᠰᠠᠶᠢᠬᠠᠨ︕
ᠨᠡᠶᠢᠲᠡᠯᠡᠭᠰᠡᠨ ᠴᠠᠭ᠄
2022/9/27
     9 ᠰᠠᠷ᠎ᠠ ᠶᠢᠨ 26᠎ ᠤ ᠡᠳᠦᠷ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 73 ᠵᠢᠯ ᠤᠨ ᠣᠶ ᠶᠢ ᠬᠠᠯᠠᠭᠤᠨ ᠢᠶᠠᠷ ᠪᠡᠯᠭᠡᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠶᠢ ᠤᠭᠲᠤᠬᠤ ᠶᠢᠨ ᠲᠥᠯᠥᠭᠡ᠂ ᠯᠢᠨ ᠶᠢᠨ ᠵᠡᠭᠡᠯᠢ ᠭᠤᠳᠤᠮᠵᠢ ᠶᠢᠨ ᠬᠠᠶ ᠰᠢᠨ ᠨᠡᠶᠢᠭᠡᠮ ᠲᠣᠭᠤᠷᠢᠭ ︽ᠤᠯᠤᠰ ᠤᠨ ᠪᠠᠶᠠᠷ ᠢ ᠤᠭᠲᠤᠵᠤ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠨᠠᠮ ᠢᠶᠠᠨ ᠡᠭᠦᠷᠢᠳᠡ ᠳᠠᠭᠠᠵᠤ᠂ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠶ᠎ᠠ︾ ᠭᠡᠬᠦ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠡᠷᠭᠢᠯᠡᠪᠡ᠃
    ᠡᠯ᠎ᠡ ᠤᠳᠬ᠎ᠠ ᠤᠷᠠᠯᠢᠭ ᠤᠨ ᠡᠩᠨᠡᠭᠡᠨ ᠤ ᠬᠢᠨ ᠨᠠᠷᠢᠨ ᠨᠢᠮᠪᠠᠶ ᠪᠡᠯᠡᠳᠬᠡᠯ ᠬᠢᠬᠦ ᠪᠠᠷ ᠲᠠᠮᠵᠢᠨ᠂ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠲᠤ ᠦᠵᠡᠵᠦ ᠰᠣᠨᠣᠰᠬᠤ ᠦᠪᠡᠳᠡᠭᠰᠢ ᠨᠠᠶᠢᠷ ᠢ ᠳᠡᠪᠰᠢᠭᠦᠯᠵᠦ᠂ ᠠᠭᠤᠤ ᠶᠡᠭᠡ ᠡᠭᠡ ᠣᠷᠣᠨ ᠤ ᠪᠠᠨ ᠬᠥᠭᠵᠢᠨ ᠴᠡᠴᠡᠭᠯᠡᠬᠦ ᠳᠤ ᠰᠠᠶᠢᠨ ᠰᠠᠶᠢᠬᠠᠨ ᠬᠦᠰᠡᠯ ᠵᠥᠩᠨᠡᠯ ᠢᠶᠠᠨ ᠳᠡᠪᠰᠢᠭᠦᠯᠵᠡᠶ᠃ ᠤᠷᠠᠨ ᠰᠠᠶᠢᠬᠠᠨ ᠤ ᠲᠣᠭᠯᠠᠯᠲᠠ ᠨᠢ ᠦᠬᠠᠢ ᠶᠢᠨ ᠨᠠᠰᠤᠲᠠᠶᠢᠴᠤᠳ ᠤᠨ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠪᠥᠵᠢᠭ ᠤᠨ ᠠᠩᠬᠢ ᠶᠢᠨ ᠪᠠᠶᠠᠷᠲᠤ ᠪᠥᠵᠢᠭ ︽ᠪᠠᠳᠠᠷᠠᠯᠲᠤ ᠴᠠᠭ ᠦᠶ᠎ᠡ ᠶᠢᠨ ᠪᠠᠶᠠᠷᠲᠤ ᠳᠠᠭᠤᠤ︾᠎ ᠪᠠᠷ ᠬᠥᠰᠢᠭᠡ ᠪᠠᠨ ᠰᠡᠬᠦᠵᠦ᠂ ᠳᠠᠷᠠᠭ᠎ᠠ ᠳᠤᠨᠢ ︽ᠠᠷᠪᠠᠨ ᠭᠠᠵᠠᠷ ᠤᠨ ᠪᠠᠮᠪᠠᠢ︾᠂ ︽ᠠᠭᠤᠯᠠ ᠶᠢᠨ ᠠᠶᠠᠯᠭᠤ︾᠂ ︽ᠵᠣᠯ ᠵᠢᠷᠭᠠᠯ ᠤᠨ ᠵᠠᠮ︾᠂ ︽ᠠᠷᠠᠳ ᠢᠷᠭᠡᠳ ᠤᠨ ᠶᠣᠰᠣ ᠰᠤᠷᠲᠠᠬᠤᠨ ᠤ ᠳᠠᠭᠤᠤ︾ ᠵᠡᠷᠭᠡ ᠭᠤᠶᠢᠳᠠ ᠰᠠᠶᠢᠬᠠᠨ ᠲᠣᠭᠯᠠᠯᠲᠠ ᠶᠢ ᠡᠭᠡᠯᠵᠢᠯᠡᠨ ᠲᠣᠭᠯᠠᠪᠠ᠃     ᠠᠵᠢᠯᠯᠠᠭ᠎ᠠ ᠳᠤ ᠪᠠᠰᠠ ᠬᠠᠷᠢᠶᠠᠲᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠯᠢᠳᠡᠭ ᠰᠠᠶᠢᠨ ᠳᠤᠷ᠎ᠠ ᠶᠢᠨ ᠠᠵᠢᠯᠯᠠᠭᠴᠢ ᠶᠢ  ᠬᠥᠬᠢᠭᠦᠯᠦᠨ ᠰᠠᠶᠢᠰᠢᠶᠠᠪᠠ᠃   ᠲᠣᠰ ᠤᠳᠠᠭᠠᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠨᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠵᠤ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠲᠠᠢ ᠰᠣᠶᠣᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠦᠨᠳᠦᠰᠦᠨ ᠱᠠᠲᠤᠨ ᠤ ᠠᠷᠠᠳ ᠣᠯᠠᠨ ᠤ ᠣᠶᠤᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠪᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号