9 ᠰᠠᠷ᠎ᠠ ᠶᠢᠨ 26 ᠤ ᠡᠳᠦᠷ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ | 73 ᠵᠢᠯ ᠤᠨ ᠣᠶ ᠶᠢ ᠬᠠᠯᠠᠭᠤᠨ ᠢᠶᠠᠷ ᠪᠡᠯᠭᠡᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ | ᠬᠤᠷᠠᠯᠳᠤᠬᠤ ᠶᠢ ᠤᠭᠲᠤᠬᠤ ᠶᠢᠨ ᠲᠥᠯᠥᠭᠡ᠂ ᠯᠢᠨ ᠶᠢᠨ ᠵᠡᠭᠡᠯᠢ ᠭᠤᠳᠤᠮᠵᠢ ᠶᠢᠨ ᠬᠠᠶ ᠰᠢᠨ ᠨᠡᠶᠢᠭᠡᠮ ᠲᠣᠭᠤᠷᠢᠭ | ︽ᠤᠯᠤᠰ ᠤᠨ ᠪᠠᠶᠠᠷ ᠢ ᠤᠭᠲᠤᠵᠤ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠨᠠᠮ ᠢᠶᠠᠨ ᠡᠭᠦᠷᠢᠳᠡ | ᠳᠠᠭᠠᠵᠤ᠂ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠶ᠎ᠠ︾ ᠭᠡᠬᠦ ᠤᠷᠠᠨ ᠰᠠᠶᠢᠬᠠᠨ ᠤ ᠬᠠᠮᠲᠤᠷᠠᠭᠰᠠᠨ | ᠲᠣᠭᠯᠠᠯᠲᠠ ᠡᠷᠭᠢᠯᠡᠪᠡ᠃ | | | | | ᠡᠯ᠎ᠡ ᠤᠳᠬ᠎ᠠ ᠤᠷᠠᠯᠢᠭ ᠤᠨ ᠡᠩᠨᠡᠭᠡᠨ ᠤ ᠬᠢᠨ ᠨᠠᠷᠢᠨ ᠨᠢᠮᠪᠠᠶ ᠪᠡᠯᠡᠳᠬᠡᠯ ᠬᠢᠬᠦ ᠪᠠᠷ ᠲᠠᠮᠵᠢᠨ᠂ ᠬᠠᠷᠢᠶ᠎ᠠ | ᠣᠷᠣᠨ ᠤ ᠪᠠᠨ ᠰᠠᠭᠤᠭᠠᠯᠢ ᠠᠷᠠᠳ ᠲᠤ ᠦᠵᠡᠵᠦ ᠰᠣᠨᠣᠰᠬᠤ ᠦᠪᠡᠳᠡᠭᠰᠢ ᠨᠠᠶᠢᠷ ᠢ ᠳᠡᠪᠰᠢᠭᠦᠯᠵᠦ᠂ ᠠᠭᠤᠤ ᠶᠡᠭᠡ | ᠡᠭᠡ ᠣᠷᠣᠨ ᠤ ᠪᠠᠨ ᠬᠥᠭᠵᠢᠨ ᠴᠡᠴᠡᠭᠯᠡᠬᠦ ᠳᠤ ᠰᠠᠶᠢᠨ ᠰᠠᠶᠢᠬᠠᠨ ᠬᠦᠰᠡᠯ ᠵᠥᠩᠨᠡᠯ ᠢᠶᠠᠨ ᠳᠡᠪᠰᠢᠭᠦᠯᠵᠡᠶ᠃ ᠤᠷᠠᠨ | ᠰᠠᠶᠢᠬᠠᠨ ᠤ ᠲᠣᠭᠯᠠᠯᠲᠠ ᠨᠢ ᠦᠬᠠᠢ ᠶᠢᠨ ᠨᠠᠰᠤᠲᠠᠶᠢᠴᠤᠳ ᠤᠨ ᠡᠷᠳᠡᠮ ᠰᠢᠨᠵᠢᠯᠡᠭᠡᠨ ᠤ ᠨᠡᠶᠢᠭᠡᠮᠯᠢᠭ ᠤᠨ | ᠪᠥᠵᠢᠭ ᠤᠨ ᠠᠩᠬᠢ ᠶᠢᠨ ᠪᠠᠶᠠᠷᠲᠤ ᠪᠥᠵᠢᠭ ︽ᠪᠠᠳᠠᠷᠠᠯᠲᠤ ᠴᠠᠭ ᠦᠶ᠎ᠡ ᠶᠢᠨ ᠪᠠᠶᠠᠷᠲᠤ ᠳᠠᠭᠤᠤ︾ ᠪᠠᠷ | ᠬᠥᠰᠢᠭᠡ ᠪᠠᠨ ᠰᠡᠬᠦᠵᠦ᠂ ᠳᠠᠷᠠᠭ᠎ᠠ ᠳᠤᠨᠢ ︽ᠠᠷᠪᠠᠨ ᠭᠠᠵᠠᠷ ᠤᠨ ᠪᠠᠮᠪᠠᠢ︾᠂ ︽ᠠᠭᠤᠯᠠ ᠶᠢᠨ ᠠᠶᠠᠯᠭᠤ︾᠂ ︽ | ᠵᠣᠯ ᠵᠢᠷᠭᠠᠯ ᠤᠨ ᠵᠠᠮ︾᠂ ︽ᠠᠷᠠᠳ ᠢᠷᠭᠡᠳ ᠤᠨ ᠶᠣᠰᠣ ᠰᠤᠷᠲᠠᠬᠤᠨ ᠤ ᠳᠠᠭᠤᠤ︾ ᠵᠡᠷᠭᠡ ᠭᠤᠶᠢᠳᠠ ᠰᠠᠶᠢᠬᠠᠨ | ᠲᠣᠭᠯᠠᠯᠲᠠ ᠶᠢ ᠡᠭᠡᠯᠵᠢᠯᠡᠨ ᠲᠣᠭᠯᠠᠪᠠ᠃ | ᠠᠵᠢᠯᠯᠠᠭ᠎ᠠ ᠳᠤ ᠪᠠᠰᠠ ᠬᠠᠷᠢᠶᠠᠲᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠯᠢᠳᠡᠭ | ᠰᠠᠶᠢᠨ ᠳᠤᠷ᠎ᠠ ᠶᠢᠨ ᠠᠵᠢᠯᠯᠠᠭᠴᠢ ᠶᠢ ᠬᠥᠬᠢᠭᠦᠯᠦᠨ ᠰᠠᠶᠢᠰᠢᠶᠠᠪᠠ᠃ | ᠲᠣᠰ ᠤᠳᠠᠭᠠᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠨᠢ ᠪᠠᠶᠠᠷ ᠤᠨ ᠡᠳᠦᠷ ᠤᠨ ᠠᠭᠤᠷ | ᠠᠮᠢᠰᠬᠤᠯ ᠢ ᠪᠣᠶ ᠪᠣᠯᠭᠠᠵᠤ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠲᠠᠢ ᠰᠣᠶᠣᠯ ᠤᠨ ᠪᠠᠶᠢᠭᠤᠯᠤᠯᠲᠠ ᠶᠢ ᠤᠯᠠᠮ | ᠨᠢᠭᠡ ᠠᠯᠬᠤᠮ ᠴᠢᠩᠭᠠᠳᠬᠠᠨ᠂ ᠦᠨᠳᠦᠰᠦᠨ ᠱᠠᠲᠤᠨ ᠤ ᠠᠷᠠᠳ ᠣᠯᠠᠨ ᠤ ᠣᠶᠤᠨ ᠤ ᠰᠣᠶᠣᠯ ᠤᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠭᠰᠠᠨ ᠪᠠᠶᠢᠨ᠎ᠠ᠃ | |