ᠳᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/28
      9 ᠰᠠᠷ᠎ᠠ ᠶᠢᠨ 20᠎ ᠤ ᠦᠳᠡ ᠶᠢᠨ ᠬᠤᠶᠢᠨ᠎ᠠ᠂ ᠦᠬᠠᠢ ᠬᠤᠳᠠ ᠶᠢᠨ ᠨᠠᠮ ᠤᠨ ᠬᠤᠷᠢᠶᠠᠨ ᠤ ᠬᠤᠶᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠭᠤᠷᠪᠠᠳᠤᠭᠠᠷ᠂ ᠳᠥᠷᠪᠡᠳᠦᠭᠡᠷ ᠴᠠᠭᠳᠠᠨ ᠪᠠᠶᠢᠴᠠᠭᠠᠬᠤ ᠳᠤᠭᠤᠶᠢᠯᠠᠩ ᠴᠡᠭᠡᠯ ᠠᠭᠤᠯᠠ ᠪᠠᠯᠭᠠᠰᠤᠨ ᠳᠤ ᠬᠦᠷᠴᠦ᠂ ᠲᠠᠪᠤᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠨᠠᠢᠮᠠᠳᠤᠭᠠᠷ ᠬᠤᠭᠤᠴᠠᠭᠠᠨ ᠤ ᠦᠬᠠᠢ ᠬᠤᠳᠠ ᠶᠢᠨ ᠨᠠᠮ ᠤᠨ ᠬᠤᠷᠢᠶ᠎ᠠ᠂ ᠶᠢᠰᠦᠳᠦᠭᠡᠷ ᠬᠤᠭᠤᠴᠠᠭᠠᠨ ᠤ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠴᠡᠭᠡᠯ ᠠᠭᠤᠯᠠ ᠪᠠᠯᠭᠠᠰᠤᠨ ᠤ ᠨᠠᠮ ᠤᠨ ᠬᠤᠷᠢᠶ᠎ᠠ ᠵᠢᠴᠢ ᠬᠠᠷᠢᠶ᠎ᠠ ᠲᠣᠰᠬᠤᠨ ︵ᠨᠡᠶᠢᠭᠡᠮ ᠲᠣᠭᠤᠷᠢᠭ︶᠎ ᠤ ᠨᠠᠮ ᠤᠨ ᠵᠣᠬᠢᠶᠠᠨ ᠪᠠᠶᠢᠭᠤᠯᠤᠯᠲᠠ ᠶᠢ ᠴᠠᠭᠳᠠᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠶᠢᠨ ᠬᠤᠷᠠᠯ ᠢ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ᠂ ᠲᠣᠭᠤᠷᠢᠭ ᠤᠨ ᠨᠠᠮ ᠤᠨ ᠬᠤᠷᠢᠶᠠᠨ ᠤ ᠭᠤᠷᠪᠠᠳᠤᠭᠠᠷ᠂ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠵᠠᠩᠭᠢᠯᠠᠭ᠎ᠠ ᠶᠢᠨ ᠺᠠᠳ᠋ᠷᠴᠤᠤᠡ᠂ ᠡᠯ᠎ᠡ ᠲᠣᠰᠬᠤᠨ ︵ᠨᠡᠶᠢᠭᠡᠮ ᠲᠣᠭᠤᠷᠢᠭ︶᠎ ᠤ ︽ᠬᠤᠶᠠᠷ ᠵᠥᠪᠯᠡᠯ︾᠎ ᠤᠨ ᠪᠦᠷᠢᠯᠳᠦᠬᠦᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ 100 ᠭᠠᠷᠤᠶ ᠬᠥᠮᠦᠨ ᠲᠣᠰ ᠤᠳᠠᠭᠠᠨ ᠤ ᠬᠤᠷᠠᠯ ᠳᠤ ᠣᠷᠣᠯᠴᠠᠵᠠᠶ᠃     ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠰᠢᠨ᠎ᠡ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠰᠢᠨ᠎ᠡ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ︔ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠬᠤ ᠪᠠᠷ ᠳᠠᠮᠵᠢᠨ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠪᠠᠨ ᠭᠦᠨᠵᠡᠭᠡᠢ ᠪᠠᠶᠢᠴᠠᠭᠠᠨ ᠦᠵᠡᠵᠦ᠂ ᠤᠯᠤᠰ ᠲᠦᠷᠦ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠲᠡᠮᠦᠷ ᠢ ᠳᠠᠪᠲᠠᠬᠤ ᠳᠤ ᠡᠷᠬᠡᠪᠰᠢ ᠥᠪᠡᠷ ᠢᠶᠠᠨ ᠬᠠᠲᠠᠭᠤ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠲᠤᠰ ᠤᠳᠠᠭᠠᠨ ᠤ ᠲᠣᠭᠤᠷᠢᠨ ᠪᠠᠶᠢᠴᠠᠭᠠᠯᠲᠠ ᠨᠢ ᠬᠤᠲᠠ ᠶᠢᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶ᠎ᠠ ᠠᠴᠠ ᠴᠡᠭᠡᠯ ᠠᠭᠤᠯᠠ ᠪᠠᠯᠭᠠᠰᠤᠨ ᠤ ᠪᠦᠬᠦ  ᠺᠠᠳ᠋ᠷᠴᠤᠤᠡ ᠠᠵᠢᠯᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠭ᠎ᠠ ᠶᠠᠪᠤᠳᠠᠯ ᠪᠣᠯᠬᠤ ᠪᠠᠷ ᠪᠠᠷᠠᠬᠤ ᠦᠭᠡᠶ᠂ ᠮᠥᠨᠴᠦ ᠴᠡᠭᠡᠯ ᠠᠭᠤᠯᠠ ᠪᠠᠯᠭᠠᠰᠤ ᠵᠢᠴᠢ ᠬᠠᠷᠢᠶ᠎ᠠ ᠲᠣᠰᠬᠤᠨ ︵ᠨᠡᠶᠢᠭᠡᠮ ᠲᠣᠭᠤᠷᠢᠭ︶᠎ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ︽ᠤᠯᠤᠰ ᠲᠦᠷᠦ ᠶᠢᠨ ᠪᠠᠶᠢᠴᠠᠭᠠᠯᠲᠠ︾ ᠪᠣᠯᠤᠨ᠎ᠠ᠂ ᠴᠡᠭᠡᠯ ᠠᠭᠤᠯᠠ ᠪᠠᠯᠭᠠᠰᠤ ᠵᠢᠴᠢ ᠡᠯ᠎ᠡ ᠲᠣᠰᠬᠤᠨ ︵ᠨᠡᠶᠢᠭᠡᠮ ᠲᠣᠭᠤᠷᠢᠭ︶ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠡᠯ᠎ᠡ ᠵᠦᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠠᠵᠢᠯ ᠳᠤ ᠵᠠᠶᠢᠯᠠᠭᠤᠯᠵᠤ ᠪᠣᠯᠤᠰᠢ ᠦᠭᠡᠢ ᠰᠠᠶᠢᠲᠤᠷ ᠬᠠᠮᠵᠢᠯᠴᠠᠵᠤ᠂ ᠲᠣᠭᠤᠷᠢᠨ ᠪᠠᠶᠢᠴᠠᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ  ᠭᠡᠵᠠᠢ᠃     ᠬᠤᠷᠠᠯ ᠠᠴᠠ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠪᠠᠨ ᠨᠢᠭᠡᠳᠬᠡᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠴᠠᠭᠳᠠᠨ ᠪᠠᠶᠢᠴᠠᠭᠠᠬᠤ ᠠᠵᠢᠯ ᠳᠤ ᠨᠠᠷᠢᠨ ᠬᠢᠨᠠᠮᠠᠭᠠᠢ ᠬᠠᠨᠳᠤᠬᠤ ᠬᠡᠷᠡᠭᠲᠡᠢ︔ ᠴᠠᠭᠳᠠᠨ ᠪᠠᠶᠢᠴᠠᠭᠠᠬᠤ ᠠᠵᠢᠯ ᠢᠶᠠᠷ ᠬᠥᠳᠡᠯᠭᠡᠬᠦ ᠬᠦᠴᠦᠨ ᠪᠣᠯᠭᠠᠵᠤ᠂ ᠪᠦᠬᠦ ᠪᠠᠯᠭᠠᠰᠤᠨ ᠤ ᠡᠯ᠎ᠡ ᠵᠦᠢᠯ ᠤᠨ ᠠᠵᠢᠯ ᠢ ᠴᠢᠨᠠᠭᠰᠢᠳᠠ ᠠᠬᠢᠭᠤᠯᠬᠤ ᠬᠡᠷᠡᠭᠲᠡᠢ︔ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠲᠣᠭᠤᠷᠢᠨ ᠪᠠᠶᠢᠴᠠᠭᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠠᠲᠤᠯᠠᠬᠤ ᠬᠡᠷᠡᠭᠲᠡᠢ  ᠭᠡᠵᠤ ᠱᠠᠭᠠᠷᠳᠠᠪᠠ᠃     ᠬᠤᠷᠠᠯ ᠠᠴᠠ ᠪᠠᠰᠠ ᠤᠳᠤᠷᠢᠳᠬᠤ ᠪᠠᠭ᠂ ᠤᠳᠤᠷᠢᠳᠬᠤ ᠺᠠᠳ᠋ᠷᠴᠤᠤᠡ ᠤᠨ ᠠᠷᠠᠳᠴᠢᠯᠠᠯ ᠢᠶᠠᠷ ᠰᠢᠯᠭᠠᠨ ᠦᠨᠡᠯᠡᠬᠦ ᠬᠦᠰᠦᠨᠦᠭᠲᠦ ᠶᠢ ᠲᠤᠬᠠᠢ ᠶᠢᠨ ᠲᠠᠯᠠᠪᠠᠢ ᠳᠤ ᠬᠤᠷᠢᠶᠠᠵᠠᠢ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号