ᠴᠥᠭᠡᠨ ᠬᠤᠷᠠᠯ ᠬᠢᠵᠦ ᠤᠯᠠᠨ ᠠᠵᠢᠯ ᠬᠢᠵᠦ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠤᠨ ᠬᠤᠷᠠᠯ ᠤᠨ ᠰᠤᠷᠲᠠᠯ ᠢ ᠬᠤᠪᠢᠷᠠᠭᠤᠯᠤᠶ᠎ᠠ
ᠨᠡᠶᠢᠲᠡᠯᠡᠭᠰᠡᠨ ᠴᠠᠭ᠄
2022/9/28
      ᠥᠨᠥᠳᠦᠷ ᠤᠨ ᠦᠳᠡ ᠶᠢᠨ ᠡᠮᠦᠨ᠎ᠡ ᠬᠤᠷᠠᠯᠳᠤᠭᠰᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠎ ᠤ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠵᠢᠴᠢ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠨᠢ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠬᠤᠷᠠᠯ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ᠂ ᠪᠦᠬᠦ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠶᠡᠭᠡ ᠬᠤᠷᠠᠯ ᠵᠡᠷᠭᠡ ᠭᠤᠷᠪᠠᠨ ᠬᠤᠷᠠᠯ ᠢ ᠨᠡᠶᠢᠯᠡᠭᠦᠯᠦᠨ ᠨᠢᠭᠡ ᠯᠡ ᠴᠠᠭ ᠪᠣᠯᠤᠭᠰᠠᠨ ᠦᠭᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠤᠯᠵᠤ ᠬᠤᠷᠠᠯ ᠤᠨ ᠰᠤᠷᠲᠠᠯ ᠢ ᠬᠤᠪᠢᠷᠠᠭᠤᠯᠵᠤ᠂ ᠪᠡᠶ᠎ᠡ ᠪᠠᠷ ᠢᠶᠠᠨ ᠲᠦᠷᠦᠭᠦᠯᠡᠨ ᠬᠡᠪ ᠲᠦᠷᠢᠮ ᠪᠤᠯᠵᠤ᠂ ᠳᠡᠭᠡᠳᠦ ᠱᠠᠳᠤ ᠨᠢ ᠳᠤᠤᠷᠠᠳᠦ ᠱᠠᠳᠤ ᠪᠠᠨ ᠳᠠᠶᠢᠴᠢᠯᠠᠨ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾᠎ ᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠴᠥᠭᠡᠨ ᠬᠤᠷᠠᠯ ᠬᠢᠬᠦ᠂ ᠤᠯᠠᠨ ᠠᠵᠢᠯ ᠬᠢᠬᠦ᠂ ᠦᠨᠡᠨ ᠪᠣᠳᠠᠲᠠᠢ ᠠᠵᠢᠯ ᠬᠢᠬᠦ᠂ ᠠᠵᠢᠯ ᠶᠠᠪᠤᠳᠠᠯ ᠪᠦᠲᠦᠭᠡᠬᠦ ᠢᠯᠡ ᠲᠣᠳᠣ ᠤᠳᠤᠷᠢᠳᠤᠮᠵᠢ ᠶᠢ ᠦᠷᠭᠦᠯᠵᠢᠯᠡᠨ ᠤᠯᠠᠮᠵᠢᠯᠠᠪᠠ᠃     ᠬᠡᠯᠪᠡᠷᠢᠴᠢ ᠦᠵᠡᠯ ᠪᠣᠯᠤᠨ ᠨᠣᠶᠠᠨᠴᠢ ᠰᠤᠷᠲᠠᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠤᠳᠤᠷᠢᠳᠬᠤ ᠪᠠᠶᠢᠭᠤᠯᠤᠯᠭ᠎ᠠ ᠪᠣᠯᠤᠨ ᠤᠳᠤᠷᠢᠳᠬᠤ ᠺᠠᠳ᠋ᠷᠴᠤᠤᠡ ᠠᠴᠠ ᠡᠬᠢᠯᠡᠨ ᠬᠢᠵᠦ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾᠎ ᠤ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠭᠡᠵᠦ ᠳᠤᠷᠠᠳᠪᠠ᠃ ︽ᠭᠤᠷᠪᠠᠨ ᠠᠷᠪᠢᠨ︾᠎ ᠤ ᠳᠣᠲᠣᠷᠠᠬᠢ ︽ᠨᠢᠭᠡ ᠠᠷᠪᠢᠨ︾ ᠭᠡᠳᠡᠭ ᠨᠢ ᠳᠠᠷᠤᠶ ᠬᠤᠷᠠᠯ ᠠᠷᠪᠢᠨ ᠢ ᠬᠡᠯᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠴᠠ ᠰᠢᠷᠦᠭᠦᠨ ᠢᠶᠠᠷ ᠵᠢᠭᠠᠵᠤ ᠭᠠᠷᠭᠠᠬᠤ ᠳᠠᠭᠠᠨ᠂ ᠮᠠᠰᠢ ᠤᠯᠠᠨ ᠤᠳᠤᠷᠢᠳᠬᠤ ᠺᠠᠳ᠋ᠷᠴᠤᠤᠡ ᠬᠤᠷᠠᠯ ᠬᠢᠬᠦ ᠦᠭᠡᠢ ᠪᠣᠯ ᠬᠤᠷᠠᠯ ᠬᠢᠬᠦ ᠵᠠᠮ ᠳᠠᠭᠠᠨ ᠪᠠᠶᠢᠵᠤ᠂ ᠮᠠᠰᠢ ᠤᠯᠠᠨ ᠬᠤᠷᠠᠯ ᠤᠨ ᠠᠵᠢᠯᠳᠠᠨ ᠴᠥᠭᠡᠨ ᠪᠤᠰᠤ ᠪᠠᠶᠢᠵᠤ᠂ ᠶᠠᠰᠤ ᠴᠢᠨᠠᠷ ᠢᠶᠠᠷ ᠪᠠᠷᠤᠭᠲᠠᠶ ᠪᠠᠶᠢᠵᠤ᠂ ᠴᠠᠭ ᠪᠠ ᠬᠥᠮᠦᠨ ᠤ ᠬᠦᠴᠦᠨ ᠢ ᠬᠦᠨᠳᠦ ᠨᠣᠴᠢᠲᠠᠶ ᠰᠦᠢᠳᠬᠡᠵᠦ ᠪᠠᠶᠢᠨ᠎ᠠ᠃     ︽ᠭᠤᠷᠪᠠᠨ ᠬᠤᠷᠠᠯ︾᠎ ᠢ ᠨᠢᠭᠡᠳᠬᠡᠬᠦ ᠪᠣᠯ ᠪᠠᠰᠠ ᠨᠢᠭᠡᠨ ᠤᠳᠠᠭᠠᠨ ᠤ ᠠᠵᠢᠯ ᠤᠨ ᠰᠤᠷᠲᠠᠯ ᠢ ᠬᠤᠪᠢᠷᠠᠭᠤᠯᠬᠤ ᠳᠠᠶᠢᠴᠢᠯᠠᠯᠲᠠ ᠶᠢᠨ ᠵᠠᠷᠯᠢᠭ ᠮᠥᠨ᠃ ᠬᠤᠷᠠᠯ ᠬᠢᠬᠦ ᠳᠡᠭᠡᠨ ᠴᠢᠨᠠᠷ ᠰᠠᠶᠢᠲᠠᠶ ᠬᠤᠷᠠᠯ ᠬᠢᠵᠦ᠂ ᠭᠦᠢᠴᠡᠳ ᠪᠡᠯᠡᠳᠬᠡᠯ ᠲᠠᠢ ᠬᠤᠷᠠᠯ ᠢ ᠬᠢᠬᠦ ᠬᠡᠷᠡᠭᠲᠡᠶ᠃ ᠬᠡᠷᠡᠭ ᠶᠠᠪᠤᠳᠠᠯ ᠢ ᠵᠥᠪᠯᠡᠭᠡᠳ ᠤᠴᠢᠷ ᠶᠠᠪᠤᠳᠠᠯ ᠢ ᠨᠢ ᠲᠣᠭᠲᠠᠭᠠᠬᠤ ᠦᠭᠡᠢ ᠲᠡᠶᠢᠮᠦ ᠬᠤᠷᠠᠯ ᠢ ᠠᠯᠢ ᠪᠣᠯᠬᠤ ᠪᠠᠷ ᠴᠥᠭᠡᠨ ᠬᠤᠷᠠᠯᠳᠤᠭᠤᠯᠵᠤ᠂ ᠪᠣᠳᠠᠲᠠᠶ ᠠᠰᠠᠭᠤᠳᠠᠯ ᠢ  ᠰᠢᠢᠤᠡᠪᠤᠷᠢᠯᠡᠬᠦ ᠦᠭᠡᠢ ᠲᠡᠶᠢᠮᠦ ᠬᠤᠷᠠᠯ ᠢ ᠬᠢᠬᠦ ᠦᠭᠡᠢ ᠪᠠᠶᠢᠵᠤ ᠪᠣᠯᠬᠤ ᠲᠡᠶᠢᠮᠦ ᠬᠤᠷᠠᠯ ᠢ ᠬᠢᠬᠦ ᠦᠭᠡᠢ ᠪᠠᠶᠢᠬᠤ ᠬᠡᠷᠡᠭᠲᠡᠶ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠪᠢᠴᠢᠭ ᠤᠨ ᠠᠭᠤᠯᠠ ᠬᠤᠷᠠᠯ ᠤᠨ ᠳᠠᠯᠠᠶ ᠪᠣᠯᠤᠨ ᠴᠢᠬᠤᠯᠠ ᠪᠤᠰᠤ ᠠᠵᠢᠯᠯᠠᠭ᠎ᠠ ᠶᠢᠨ ᠳᠤᠮᠳᠠ ᠠᠴᠠ ᠰᠠᠯᠵᠤ᠂ ᠰᠡᠳᠬᠢᠯ ᠢᠶᠠᠨ ᠲᠠᠢᠪᠤᠰᠢᠷᠠᠭᠤᠯᠵᠤ᠄ ᠬᠠᠷᠢᠭᠤᠴᠠᠯᠭ᠎ᠠ ᠶᠢ ᠡᠭᠦᠷᠭᠡᠯᠡᠵᠦ᠂ ᠴᠠᠭ ᠬᠤᠭᠤᠴᠠᠭ᠎ᠠ ᠪᠠ ᠤᠶᠤᠨ ᠴᠢᠳᠠᠯ ᠢᠶᠠᠨ ᠭᠤᠣᠯᠳᠠᠭᠤ ᠠᠰᠠᠭᠤᠳᠠᠯ ᠢ ᠰᠢᠢᠳᠪᠦᠷᠢᠯᠡᠬᠦ ᠪᠠ ᠨᠠᠶᠢᠳᠠᠪᠤᠷᠢᠵᠢᠭᠤᠯᠤᠯᠲᠠ ᠶᠢ ᠠᠳᠬᠤᠬᠤ ᠳᠡᠭᠡᠷ᠎ᠡ ᠲᠠᠯᠪᠢᠵᠤ᠂ ᠬᠡᠯᠪᠡᠷᠢᠴᠢ ᠦᠵᠡᠯ ᠢ ᠦᠨᠡᠨ ᠪᠣᠳᠠᠲᠠᠢ ᠪᠠᠷ ᠴᠡᠭᠴᠡᠯᠡᠨ ᠵᠠᠰᠠᠵᠤ᠂ ᠰᠤᠷᠲᠠᠯ ᠢᠶᠠᠷ ᠨᠠᠮᠴᠢ ᠴᠢᠨᠠᠷ ᠢ ᠴᠢᠩᠭᠠᠳᠬᠠᠵᠤ᠂ ᠰᠤᠷᠲᠠᠯ ᠢᠶᠠᠷ ᠬᠥᠭᠵᠢᠯᠲᠡ ᠶᠢ ᠲᠠᠶᠢᠴᠢᠯᠠᠵᠤ ᠂ ᠰᠤᠷᠲᠠᠯ ᠢᠶᠠᠷ ᠲᠦᠷᠢ ᠲᠥᠷᠬᠦ ᠶᠢ ᠪᠤᠢ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠠᠴᠠ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠨᠠᠶᠢᠳᠠᠪᠤᠷᠢᠵᠢᠭᠤᠯᠵᠤ᠂ ᠠᠵᠢᠯ ᠤᠨ ᠡᠷᠴᠢ ᠵᠣᠷᠢᠭ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠥᠪᠥᠷ ᠮᠣᠩᠭᠤᠯ ᠤᠨ ᠵᠥᠪ ᠲᠠᠯ᠎ᠠ ᠶᠢᠨ ᠲᠦᠷᠢ ᠲᠥᠷᠬᠦ ᠶᠢ ᠪᠤᠢ ᠪᠣᠯᠭᠠᠬᠤ ᠬᠡᠷᠡᠭᠲᠡᠢ ᠭᠡᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号