ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 13 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/28
      9 ᠰᠠᠷ᠎ᠠ ᠶᠢᠨ 27᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 13 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃
20220928095650149.jpg    
       ᠬᠤᠷᠠᠯ ᠠᠴᠠ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠬᠠᠭᠤᠷᠠᠢ ᠵᠠᠮ ᠤᠨ ᠴᠡᠷᠢᠭ ᠤᠨ ᠶᠠᠪᠠᠭᠠᠨ ᠴᠡᠷᠢᠭ ᠤᠨ ᠳᠡᠭᠡᠳᠦ ᠰᠤᠷᠭᠠᠭᠤᠯᠢ ᠶᠢᠨ ᠱᠢ ᠵᠢᠶᠠ ᠵᠤᠸᠠᠩ ᠰᠤᠷᠭᠠᠭᠤᠯᠢ ᠶᠢᠨ ᠲᠣᠭᠤᠷᠢᠭ ᠤᠨ ᠳᠡᠳ᠋ ᠠᠷᠮᠢ ᠶᠢᠨ ᠲᠡᠰ ᠤᠨ ᠫᠷᠤᠹᠧᠰᠰᠤᠷ ᠶᠧ ᠵᠢᠶᠠᠨ ᠮᠢᠨ ᠢ ᠣᠨᠴᠠᠭᠠᠶᠢᠯᠠᠨ ᠤᠷᠢᠵᠤ᠂ ︽ᠮᠠᠨ ᠤ ᠤᠯᠤᠰ ᠤᠨ ᠡᠷᠬᠢᠨ ᠲᠣᠭᠤᠷᠢᠨ ᠤ ᠪᠠᠶᠢᠳᠠᠯ ᠢ ᠲᠣᠳᠣᠷᠬᠠᠢ ᠲᠠᠨᠢᠵᠤ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ︾ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠥᠷᠨᠢᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠤᠳᠤᠷᠢᠳᠬᠤ ᠺᠠᠳ᠋ᠷᠴᠤᠤᠡ ᠤᠨ ᠲᠤᠰᠢᠶᠠᠯ ᠳᠤ ᠳᠡᠪᠰᠢᠵᠦ ᠪᠣᠯᠬᠤ ᠪᠠ ᠲᠤᠰᠢᠶᠠᠯ ᠠᠴᠠ ᠪᠠᠨ ᠪᠠᠭᠤᠵᠤ ᠪᠣᠯᠬᠤ ᠲᠣᠭᠲᠠᠭᠠᠯ︾᠎ ᠢ ᠪᠢᠴᠢᠭ ᠢᠶᠠᠷ ᠰᠤᠷᠤᠯᠴᠠᠵᠠᠢ᠃
20220928095708262.jpg    
       ᠬᠤᠷᠠᠯ ᠠᠴᠠ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ  ᠺᠠᠳ᠋ᠷᠴᠤᠤᠡ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠯ᠎ᠡ ᠬᠦᠷᠢᠶ᠎ᠡ᠂ ᠪᠦᠬᠦ ᠶᠠᠪᠤᠴᠠ ᠳᠤ ᠠᠭᠤᠰᠤᠯᠴᠠᠭᠤᠯᠬᠤ ᠬᠡᠷᠡᠭᠲᠡᠢ︔ ᠨᠠᠮ ᠤᠨ ᠭᠡᠰᠢᠭᠦᠨ ᠤᠳᠤᠷᠢᠳᠬᠤ ᠺᠠᠳ᠋ᠷᠴᠤᠤᠡ ᠪᠣᠯᠤᠨ ᠵᠠᠯᠠᠭᠤᠴᠤᠳ ᠪᠠᠭᠠᠴᠤᠳ ᠭᠡᠬᠦ ᠡᠨᠡᠬᠦ ᠬᠤᠶᠠᠷ ᠭᠤᠣᠯᠳᠠᠯᠭ᠎ᠠ ᠲᠠᠢ ᠡᠲᠡᠭᠡᠳ ᠢ ᠴᠢᠩᠭ᠎ᠠ ᠠᠳᠬᠤᠵᠤ᠂ ᠪᠦᠬᠦ ᠨᠡᠶᠢᠭᠡᠮ ᠳᠤ ᠳᠤᠮᠳᠠᠳᠤ ᠶᠢᠨ ᠵᠡᠭᠦᠳᠦ ᠴᠡᠷᠢᠭ ᠢᠶᠠᠨ ᠬᠦᠴᠦᠷᠬᠡᠭᠵᠢᠭᠦᠯᠬᠦ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠬᠤ ᠬᠡᠷᠡᠭᠲᠡᠢ︔ ᠠᠵᠢᠯ ᠤᠨ ᠰᠡᠳᠬᠢᠴᠡ ᠪᠠᠨ ᠵᠣᠷᠢᠭᠲᠠᠢ ᠪᠠᠷ ᠰᠢᠨᠡᠴᠢᠯᠡᠵᠦ᠂ ᠬᠠᠨᠳᠤᠰᠢ ᠳᠤᠨᠢ ᠲᠤᠬᠢᠷᠠᠭᠤᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯᠯᠠᠭ᠎ᠠ ᠥᠷᠨᠢᠭᠦᠯᠬᠦ ᠶᠢ ᠬᠦᠳᠦᠯᠦᠨ ᠵᠢᠯᠣᠭᠤᠳᠴᠤ᠂ ︽ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠳᠦᠷ︾᠎ ᠤᠨ ᠰᠢᠷᠢᠰ ᠠᠵᠢᠯᠯᠠᠭ᠎ᠠ ᠶᠢᠨ ᠲᠦᠷᠦᠯ ᠲᠡᠮᠳᠡᠭ ᠢ ᠬᠦᠴᠦᠯᠡᠨ ᠡᠭᠦᠳᠴᠦ᠂ ᠪᠠᠭᠠᠲᠤᠷᠴᠤᠳ ᠢ ᠬᠦᠨᠳᠦᠳᠬᠡᠨ ᠪᠢᠰᠢᠷᠡᠬᠦ᠂ ᠴᠡᠷᠢᠭ ᠲᠤ ᠣᠷᠣᠵᠤ ᠴᠡᠷᠢᠭ ᠤᠨ ᠡᠷᠳᠡᠮ ᠢ ᠡᠷᠬᠢᠮᠯᠡᠬᠦ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠢ︔ ᠤᠬᠠᠭᠤᠯᠭ᠎ᠠ ᠶᠢᠨ ᠠᠴᠢᠶᠠᠯᠠᠪᠤᠷᠢ ᠶᠢᠨ ᠬᠡᠯᠪᠡᠷᠢ ᠶᠢ ᠪᠠᠶᠠᠯᠢᠭᠵᠢᠭᠤᠯᠵᠤ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠶᠡᠷᠦᠩᠬᠡᠶᠢᠯᠡᠨ ᠠᠳᠬᠤᠵᠤ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠬᠤᠯᠠ ᠶᠡᠭᠡ ᠭᠤᠣᠯ ᠰᠡᠳᠦᠪᠲᠦ ᠤᠬᠠᠭᠤᠯᠭ᠎ᠠ᠂ ᠴᠠᠭ ᠤᠨ ᠪᠠᠶᠢᠳᠠᠯ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ᠂ ᠠᠮᠵᠢᠯᠲᠠ ᠪᠦᠲᠦᠮᠵᠢ ᠶᠢᠨ ᠤᠬᠠᠭᠤᠯᠭ᠎ᠠ᠂ ᠨᠡᠶᠢᠲᠡᠯᠢᠭ ᠵᠢᠱᠢᠶ᠎ᠡ ᠶᠢᠨ ᠤᠬᠠᠭᠤᠯᠭ᠎ᠠ ᠳᠤ ᠠᠭᠤᠰᠬᠠᠵᠤ᠂ ᠬᠥᠮᠦᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠴᠡᠷᠢᠭ ᠠᠩᠬᠢ ᠶᠢ ᠬᠠᠶᠢᠷᠠᠯᠠᠬᠤ᠂ ᠴᠡᠷᠢᠭ ᠤᠨ ᠬᠥᠮᠦᠨ ᠢ ᠬᠦᠨᠳᠦᠳᠬᠡᠬᠦ ᠴᠢᠩ ᠦᠨᠡᠨᠴᠢ ᠬᠠᠶᠢᠷ᠎ᠠ ᠰᠡᠳᠬᠢᠯᠭᠡ ᠶᠢ ᠬᠥᠭᠵᠢᠭᠡᠵᠦ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠨᠥᠯᠥᠭᠡᠯᠡᠬᠦ ᠬᠦᠴᠦᠨ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ  ᠭᠡᠵᠤ ᠱᠠᠭᠠᠷᠳᠠᠪᠠ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号