ᠰᠦᠯᠵᠢᠶ᠎ᠡ ᠪᠠᠷ ᠠᠵᠢᠯᠲᠠᠨ ᠡᠯᠰᠡᠬᠦ  ᠮᠡᠳᠡᠭᠳᠡᠯ
ᠨᠡᠶᠢᠲᠡᠯᠡᠭᠰᠡᠨ ᠴᠠᠭ᠄
2022/9/28
      ᠮᠠᠨ ᠤ ᠲᠤᠭᠤᠷᠢᠭ ᠤᠨ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠵᠡᠮᠳᠡᠭᠴᠦᠳ᠂ ᠠᠵᠢᠯ ᠤᠯᠬᠤ ᠳᠤ ᠬᠦᠴᠢᠷᠲᠡᠢ ᠬᠥᠮᠦᠰ ᠵᠡᠷᠭᠡ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠠᠬᠢᠭᠤᠯᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ  ᠦᠬᠠᠢ ᠳᠤ ᠠᠵᠢᠯᠯᠠᠵᠤ᠂ ᠬᠠᠮᠲᠤ ᠪᠠᠷ ᠢᠷᠡᠭᠡᠳᠦᠢ ᠪᠠᠨ ᠪᠠᠷᠠᠯᠠᠬᠤ︾ ᠰᠦᠯᠵᠢᠶ᠎ᠡ ᠪᠠᠷ ᠠᠵᠢᠯᠲᠠᠨ ᠡᠯᠰᠡᠬᠦ ᠴᠤᠭᠯᠠᠭᠠᠨ ᠢ ᠡᠷᠬᠢᠯᠡᠬᠦ ᠪᠠᠷ ᠪᠤᠢ᠃ ᠡᠳᠦᠭᠡ ᠬᠤᠯᠪᠣᠭᠳᠠᠯ ᠪᠦᠬᠦᠢ ᠵᠦᠢᠯ ᠎ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠠᠵᠢᠯᠲᠠᠨ ᠡᠯᠰᠡᠬᠦ ᠬᠤᠷᠠᠯ ᠤᠨ ᠲᠣᠪᠴᠢ ᠲᠠᠨᠢᠯᠴᠠᠭᠤᠯᠭ᠎ᠠ      ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠤ ᠰᠢᠭᠤᠳ ᠨᠡᠪᠲᠡᠷᠡᠭᠦᠯᠭᠡ ᠶᠢ ᠬᠠᠶᠢᠷᠤᠪ ᠤᠨ ᠲᠤᠬᠤᠢ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠠᠴᠠ ᠬᠠᠷᠢᠭᠤᠴᠠᠨ᠎ᠠ᠃ ᠲᠤᠬᠠᠶ ᠶᠢᠨ ᠦᠶ᠎ᠡ ᠳᠤ 20 ᠠᠵᠤ ᠠᠬᠤᠶᠢᠯᠠᠯ ᠬᠤᠷᠠᠯ ᠳᠤ ᠣᠷᠣᠯᠴᠠᠵᠤ᠂ ᠠᠷᠠᠯᠵᠢᠶ᠎ᠠ ᠬᠤᠳᠠᠯᠳᠤᠭ᠎ᠠ᠂ ᠡᠨᠧᠷᠭᠢ ᠬᠢᠮᠢ ᠶᠢᠨ ᠠᠵᠤ ᠤᠶᠢᠯᠡᠤᠡᠪᠤᠷᠢ᠂ ᠰᠣᠶᠣᠯ ᠤᠨ ᠵᠠᠭᠤᠴᠢᠯᠠᠭᠤᠷ ᠵᠡᠷᠭᠡ ᠣᠯᠠᠨ ᠲᠥᠷᠥᠯ ᠤᠨ ᠠᠵᠢᠯ ᠲᠥᠷᠥᠯ ᠢ ᠬᠠᠮᠤᠷᠴᠤ᠂ ᠵᠠᠰᠠᠭ ᠵᠠᠬᠢᠷᠭᠠᠨ ᠤ ᠬᠠᠮᠢᠶᠠᠷᠤᠯᠲᠠ᠂ ᠡᠳ᠋ ᠤᠨ ᠶᠠᠪᠤᠳᠠᠯ᠂ ᠬᠢᠮᠢ ᠶᠢᠨ ᠰᠢᠯᠭᠠᠯᠲᠠ᠂ ᠪᠣᠷᠣᠯᠠᠭᠤᠯᠭ᠎ᠠ ᠵᠡᠷᠭᠡ ᠶᠢ ᠪᠠᠭᠲᠠᠭᠠᠭᠰᠠᠨ 98 ᠠᠵᠢᠯ ᠤᠨ ᠪᠠᠶᠢᠷᠢ ᠬᠠᠩᠭᠠᠵᠤ᠂ 433 ᠬᠥᠮᠦᠨ ᠡᠯᠰᠡᠨ᠎ᠡ᠃      ᠬᠤᠶᠠᠷ᠂ ᠠᠵᠢᠯᠲᠠᠨ ᠡᠯᠰᠡᠬᠦ ᠬᠤᠷᠠᠯ ᠤᠨ ᠴᠠᠭ      2022 ᠣᠨ ᠤ 9 ᠰᠠᠷ᠎ᠠ ᠶᠢᠨ 29᠎ ᠤ ᠡᠳᠦᠷ ︵ᠭᠠᠷᠠᠭ ᠤᠨ ᠲᠦᠷᠪᠡᠨ︶     ᠦᠳᠡ ᠶᠢᠨ ᠡᠮᠦᠨ᠎ᠡ 9᠄ 30 — 12᠄ 00      ᠦᠳᠡ ᠶᠢᠨ ᠬᠤᠶᠢᠨ᠎ᠠ 15᠄ 30 — 18᠄ 00      ᠭᠤᠷᠪᠠ᠂ ᠰᠢᠭᠤᠳ ᠨᠡᠪᠲᠡᠷᠡᠭᠦᠯᠭᠡ ᠶᠢ ᠦᠵᠡᠬᠦ ᠠᠷᠭ᠎ᠠ ᠮᠠᠶ᠋ᠢᠭ      ᠠᠵᠢᠯ ᠡᠷᠢᠭᠰᠡᠳ ︽ᠠᠮᠢᠵᠢᠷᠠᠯ ᠪᠢᠯᠬᠠᠭᠰᠠᠨ ᠬᠠᠶᠢᠷᠤᠪ ᠤᠨ ᠲᠤᠬᠤᠢ︾ ᠪᠣᠯᠤᠨ ︽ᠬᠠᠶᠢᠷᠤᠪ ᠤᠨ ᠲᠤᠬᠤᠢ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ︾᠎ ᠤᠨ ᠨᠡᠶᠢᠲᠡ ᠶᠢᠨ ᠳ᠋ᠤᠭᠠᠷ ᠢ ᠠᠩᠬᠠᠷᠬᠤ ᠪᠠᠷ ᠳᠠᠮᠵᠢᠭᠤᠯᠤᠨ ᠰᠢᠭᠤᠳ ᠨᠡᠪᠲᠡᠷᠡᠭᠦᠯᠭᠡ ᠶᠢᠨ ᠪᠣᠳᠠᠲᠠᠢ ᠠᠷᠭ᠎ᠠ ᠬᠡᠯᠪᠡᠷᠢ ᠶᠢ ᠤᠢᠢᠯᠠᠭᠠᠨ ᠦᠵᠡᠵᠦ ᠪᠣᠯᠤᠨ᠎ᠠ᠃      ᠳᠥᠷᠪᠡ᠂ ᠠᠩᠬᠠᠷᠬᠤ ᠵᠦᠢᠯ      ᠲᠣᠰ ᠤᠳᠠᠭᠠᠨ ᠤ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠠᠵᠢᠯᠲᠠᠨ ᠡᠯᠰᠡᠬᠦ ᠴᠤᠭᠯᠠᠭᠠᠨ ᠳᠤ ᠵᠥᠪᠬᠡᠨ ᠡᠯ᠎ᠡ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠠᠨᠢᠯᠴᠠᠭᠤᠯᠬᠤ ᠶᠢ ᠬᠠᠷᠢᠭᠤᠴᠠᠨ᠎ᠠ᠂ ᠬᠡᠷᠪᠡ ᠲᠠᠩᠰᠠ ᠰᠢᠯᠵᠢᠭᠦᠯᠦᠨ ᠵᠣᠭᠤᠰ ᠭᠤᠪᠢᠭᠤᠯᠬᠤ ᠪᠠᠷ ᠱᠠᠭᠠᠷᠳᠠᠬᠤ᠂ ᠪᠠᠩᠬᠢ ᠶᠢᠨ ᠺᠠᠷᠲ ᠤᠨ ᠨᠢᠭᠤᠴᠠ ᠨᠣᠮᠧᠷ ᠢ ᠮᠡᠬᠡᠯᠡᠨ ᠠᠪᠬᠤ ᠵᠡᠷᠭᠡ  ᠤᠶᠢᠯᠡ ᠠᠵᠢᠯᠯᠠᠭ᠎ᠠ ᠭᠠᠷᠪᠠᠯ ᠴᠥᠮ ᠮᠡᠬᠡᠯᠡᠯ ᠪᠣᠯᠤᠨ᠎ᠠ᠂ ᠣᠯᠠᠨ ᠢᠶᠠᠷ ᠢᠶᠠᠨ ᠬᠡᠷᠰᠡᠤᠯᠡᠨ ᠰᠡᠷᠡᠮᠵᠢᠯᠡᠭᠡᠷᠡᠶ︕     ᠲᠠᠪᠤ᠂ ᠯᠠᠪᠯᠠᠯᠭ᠎ᠠ ᠥᠭᠬᠦ ᠳ᠋ᠢᠶᠠᠩᠬᠤᠸᠠ     ᠬᠠᠶᠢᠷᠤᠪ ᠤᠨ ᠲᠤᠬᠤᠢ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠄ 3890100     ᠬᠠᠶᠢᠷᠤᠪ ᠤᠨ ᠲᠤᠬᠤᠢ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ                   2022 ᠣᠨ ᠤ 9 ᠰᠠᠷ᠎ᠠ ᠶᠢᠨ 22᠎ ᠤ ᠡᠳᠤᠷ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号