ᠤᠯᠠᠨ ᠲᠦᠮᠡᠨ ᠲᠠᠢ ᠰᠡᠳᠬᠢᠯ ᠵᠢᠷᠤᠭᠡ ᠪᠠᠨ ᠬᠤᠯᠪᠣᠵᠤ ᠪᠣᠳᠠᠲᠤ ᠶᠠᠪᠤᠳᠠᠯ ᠬᠢᠨ᠎ᠡ
ᠨᠡᠶᠢᠲᠡᠯᠡᠭᠰᠡᠨ ᠴᠠᠭ᠄
2022/9/28
      ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ ᠪᠣᠳᠠᠲᠤ ᠶᠠᠪᠤᠳᠠᠯ ᠪᠦᠲᠦᠭᠡᠵᠦ᠂ ᠵᠢᠵᠢᠭ ᠰᠠᠵᠢᠭ ᠵᠦᠢᠯ ᠳᠤ ᠦᠨᠡᠨ ᠪᠠᠶᠢᠳᠠᠯ ᠢ ᠢᠯᠡᠷᠡᠭᠦᠯᠦᠨ᠎ᠡ᠃ ᠪᠠᠰᠠ ᠨᠢᠭᠡ ᠵᠢᠯ ᠤᠨ ᠡᠪᠦᠯ ᠤᠨ ᠤᠯᠠᠷᠢᠯ ᠪᠣᠯᠬᠤ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠤᠷᠢᠳᠴᠢᠯᠠᠨ ᠲᠥᠯᠥᠪᠵᠢᠭᠦᠯᠵᠦ᠂ ᠠᠯᠢ ᠡᠷᠲᠡ ᠳᠠᠯᠠᠳ ᠬᠤᠰᠢᠭᠤᠨ ᠤ ᠴᠤᠤ ᠨᠤᠤ ᠯᠢᠶᠠᠩ ᠨᠡᠭᠦᠷᠡᠰᠦᠨ ᠠᠭᠤᠷᠬᠠᠢ ᠶᠢᠨ ᠬᠦᠴᠦᠲᠡᠢ ᠳᠡᠮᠵᠢᠯᠭᠡ ᠳᠣᠣᠷ᠎ᠠ᠂ ᠰᠠᠭᠤᠭᠠᠯᠢ ᠠᠷᠠᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠪᠤᠷᠢ ᠶᠢᠨ ᠠᠵᠢᠯ ᠢ
ᠪᠡᠯᠡᠳᠬᠡᠵᠡᠢ᠃20220927111948310003.jpg
           9 ᠰᠠᠷ᠎ᠠ ᠶᠢᠨ 25 ᠤ ᠡᠳᠦᠷ᠂ ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠶᠢ ᠳᠦᠭᠦᠷᠲᠡᠯ᠎ᠡ ᠲᠡᠭᠡᠭᠡᠭᠰᠡᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡ ᠬᠠᠶᠢᠷᠤᠪ ᠤᠨ ᠲᠤᠬᠤᠢ ᠲᠣᠭᠤᠷᠢᠭ ᠤᠨ ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠲᠠᠷᠬᠠᠭᠠᠬᠤ ᠴᠡᠭ ᠲᠤ ᠬᠦᠷᠴᠦ᠂ ᠬᠠᠶᠢᠷᠤᠪ ᠤᠨ ᠲᠤᠬᠤᠢ ᠲᠣᠭᠤᠷᠢᠭ ᠤᠨ ᠰᠠᠭᠤᠭᠠᠯᠢ ᠠᠷᠠᠳ ᠲᠤ ᠡᠪᠦᠯ ᠤᠨ ᠡᠳᠦᠷ ᠤᠨ ᠬᠠᠯᠠᠭᠤᠨ ᠳᠤᠯᠠᠭᠠᠨ ᠢ ᠤᠷᠢᠳᠴᠢᠯᠠᠨ ᠬᠦᠷᠭᠡᠵᠦ ᠥᠭᠴᠡᠢ᠃      ᠴᠡᠭᠡᠯ ᠠᠭᠤᠯᠠ ᠪᠠᠯᠭᠠᠰᠤᠨ ᠤ ᠲᠦᠭᠡᠭᠡᠯᠲᠡ ᠶᠢᠨ ᠭᠠᠵᠠᠷ ᠲᠤ᠂ ᠰᠠᠭᠤᠭᠠᠯᠢ ᠠᠷᠠᠳ ︽ᠰᠡᠳᠬᠢᠯ ᠳᠤᠯᠠᠭᠠᠴᠠᠭᠤᠯᠬᠤ ᠨᠡᠭᠦᠷᠡᠰᠦᠨ ᠪᠢᠯᠧᠲ︾ ᠢᠶᠠᠷ ᠡᠮᠬᠢ ᠳᠢᠭᠯᠢᠮ ᠲᠠᠢ ᠮᠥᠷᠯᠡᠵᠦ᠂ ᠲᠡᠷᠭᠡᠨ ᠳᠤ ᠠᠴᠢᠬᠤ᠂ ᠵᠢᠩᠯᠡᠬᠦ ᠨᠢ ᠪᠦᠷ ᠡᠮᠬᠢ ᠳᠢᠭᠯᠢᠮ ᠲᠠᠢ ᠪᠠᠶᠢᠵᠤ᠂ ᠤᠯᠠᠨ ᠤ ᠴᠢᠷᠠᠢ ᠳᠤ ᠪᠠᠶᠠᠷ ᠬᠦᠷ ᠤᠨ ᠢᠨᠢᠶᠡᠮᠰᠦᠭᠯᠡᠯ ᠪᠢᠯᠬᠠᠨ᠎ᠠ᠃
20220927111948564001.jpg   
       ᠬᠠᠶᠢᠷᠤᠪ ᠤᠨ ᠲᠤᠬᠤᠢ ᠲᠣᠭᠤᠷᠢᠭ ᠤᠨ ᠴᠡᠭᠡᠯ ᠠᠭᠤᠯᠠ ᠪᠠᠯᠭᠠᠰᠤ ᠶᠢᠨ ᠳᠡᠳ᠋ ᠳᠠᠷᠤᠭ᠎ᠠ ᠯᠢᠶᠠᠨ ᠵᠢᠶᠦ᠋ᠨ᠂  ᠴᠡᠭᠡᠯ ᠠᠭᠤᠯᠠ ᠪᠠᠯᠭᠠᠰᠤ ᠶᠢᠨ ᠬᠢᠨ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠪᠤᠷᠢ ᠶᠢᠨ ᠲᠤᠬᠠᠢ ᠥᠪᠡᠷᠲᠡᠭᠡᠨ ᠵᠠᠰᠠᠬᠤ ᠣᠷᠣᠨ ᠤ ᠮᠡᠳᠡᠭᠳᠡᠯ ᠶᠣᠰᠣᠭᠠᠷ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠪᠠᠶᠢᠭᠠᠳ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠲᠠᠷᠬᠠᠭᠠᠬᠤ ᠲᠥᠰᠦᠯ ᠢ ᠲᠣᠭᠲᠠᠭᠠᠪᠠ᠃ ᠴᠡᠭᠡᠯ ᠠᠭᠤᠯᠠ ᠪᠠᠯᠭᠠᠰᠤᠨ ᠤ 3631 ᠡᠷᠦᠬᠡ ᠰᠠᠭᠤᠭᠠᠯᠢ ᠠᠷᠠᠳ ᠲᠤ᠂ ᠡᠷᠦᠬᠡ ᠪᠦᠷᠢ ᠳᠤ ᠬᠤᠶᠠᠷ ᠲᠣᠨ ︽ᠳᠤᠯᠠᠭᠠᠨ ᠨᠡᠭᠦᠷᠡᠰᠦ︾ ᠲᠦᠭᠡᠭᠡᠵᠦ᠂ ᠨᠡᠶᠢᠲᠡ 7262 ᠲᠣᠨ ᠲᠦᠭᠡᠭᠡᠵᠦ ᠥᠭᠬᠦ ᠪᠠᠷ ᠲᠣᠭᠲᠠᠵᠠᠶ᠃ ᠪᠢᠳᠡ ᠨᠢᠭᠡᠨᠲᠡ ᠰᠠᠭᠤᠭᠠᠯᠢ ᠠᠷᠠᠳ ᠲᠤ ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠲᠦᠭᠡᠭᠡᠵᠦ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠵᠤ ᠪᠠᠶᠢᠨ᠎ᠠ᠃     ᠣᠶᠢᠯᠠᠭᠠᠭᠰᠠᠨ ᠢᠶᠠᠷ᠂ ᠨᠠᠮᠤᠷ ᠪᠣᠯᠤᠭᠰᠠᠨ ᠠᠴᠠ ᠨᠠᠰᠢ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠶᠢᠨ ᠬᠠᠩᠭᠠᠯᠭ᠎ᠠ ᠶᠢ ᠪᠠᠲᠤᠯᠠᠬᠤ ᠪᠡᠯᠡᠳᠬᠡᠯ ᠠᠵᠢᠯ ᠢ ᠡᠬᠢᠯᠡᠭᠦᠯᠵᠡᠢ᠃ ᠡᠨᠡ ᠵᠢᠯ᠂ ᠬᠠᠶᠢᠷᠤᠪ ᠤᠨ ᠲᠤᠬᠤᠢ ᠲᠣᠭᠤᠷᠢᠭ ᠤᠨ ᠬᠢᠨ 5864 ᠡᠷᠦᠬᠡ ᠰᠠᠭᠤᠭᠠᠯᠢ ᠠᠷᠠᠳ ᠤᠨ ᠭᠡᠷ ᠪᠦᠯᠢ ᠳᠤ 11728 ᠲᠣᠨ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠲᠠᠷᠬᠠᠭᠠᠬᠤ ᠪᠠᠷ ᠪᠠᠶᠢᠨ᠎ᠠ᠃ ᠨᠡᠭᠦᠷᠡᠰᠦᠨ ᠤ ᠡᠬᠢ ᠰᠤᠷᠪᠤᠯᠵᠢ ᠶᠢᠨ ᠪᠡᠯᠡᠳᠬᠡᠯ᠂ ᠮᠠᠰᠢᠨ ᠲᠡᠷᠭᠡᠨ ᠤ ᠲᠡᠭᠡᠭᠡᠪᠦᠷᠢ᠂ ᠰᠠᠭᠤᠭᠠᠯᠢ ᠠᠷᠠᠳ ᠭᠠᠷᠭᠠᠨ ᠠᠪᠬᠤ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠡᠯ᠎ᠡ ᠭᠤᠭᠴᠤᠭ᠎ᠠ ᠶᠢᠨ ᠠᠵᠢᠯ ᠢ ᠥᠨᠳᠥᠷ ᠪᠦᠲᠦᠮᠵᠢᠲᠡᠢ ᠲᠦᠷᠭᠡᠨ ᠥᠷᠨᠢᠭᠦᠯᠬᠦ ᠶᠢ ᠴᠢᠩᠭ᠎ᠠ ᠪᠠᠲᠤᠯᠠᠵᠤ᠂ ᠭᠠᠷᠭᠠᠨ ᠠᠪᠬᠤ ᠨᠥᠬᠦᠴᠡᠯ ᠳᠤ ᠨᠡᠶᠢᠴᠡᠬᠦ ᠰᠠᠭᠤᠭᠠᠯᠢ ᠠᠷᠠᠳ ᠲᠤ ᠡᠪᠦᠯ ᠣᠷᠣᠬᠤ ᠠᠴᠠ ᠡᠮᠦᠨ᠎ᠡ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠣᠯᠭᠤᠨ᠎ᠠ᠃
20220927111948644002.jpg   
           ᠦᠨᠡᠨ ᠰᠡᠳᠬᠢᠯ ᠠᠴᠠ ᠪᠠᠨ ᠠᠷᠠᠳ ᠤᠯᠠᠨ ᠳᠤ ᠪᠣᠳᠠᠲᠠᠢ ᠶᠠᠪᠤᠳᠠᠯ ᠬᠢᠵᠦ᠂ ᠠᠷᠠᠳ ᠤᠯᠠᠨ ᠤ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠨ ᠥᠭᠴᠦ᠂ ᠬᠠᠶᠢᠷᠤᠪ ᠤᠨ ᠲᠤᠬᠤᠢ  ᠲᠣᠭᠤᠷᠢᠭ ᠤᠨ ᠬᠢᠨ ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠶᠢ ᠬᠠᠬᠢᠷ ᠬᠦᠢᠲᠡᠨ ᠠᠴᠠ ᠤᠷᠢᠳᠴᠢᠯᠠᠨ ᠬᠦᠷᠭᠡᠵᠦ᠂ ᠰᠠᠭᠤᠭᠠᠯᠢ ᠠᠷᠠᠳ ᠤᠨ ᠬᠡᠷ ᠪᠠᠶᠢᠰᠢᠩ ᠢ ᠳᠤᠯᠠᠭᠠᠴᠠᠭᠤᠯᠵᠤ᠂ ᠰᠡᠳᠬᠢᠯ ᠵᠢᠷᠦᠬᠡ ᠶᠢ ᠳᠤᠯᠠᠭᠠᠴᠠᠭᠤᠯᠤᠨ᠎ᠠ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号