ᠬᠠᠶᠢᠷᠤᠪ ᠤᠨ ᠲᠤᠬᠤᠢ ᠶᠢᠨ ᠠᠷᠠᠳ ᠢᠷᠭᠡᠳ ︽ᠴᠢᠨᠡᠭᠡᠯᠢᠭ︾᠎ ᠤᠨ ᠲᠤᠬᠠᠢ ᠬᠡᠯᠡᠬᠦ ᠶᠢ ᠰᠣᠨᠣᠰᠤᠭᠠᠷᠠᠶ︕
ᠨᠡᠶᠢᠲᠡᠯᠡᠭᠰᠡᠨ ᠴᠠᠭ᠄
2022/9/29
     2021 ᠣᠨ ᠳᠤ᠂ ᠮᠠᠨ ᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ ᠤᠯᠪᠠ᠂ ᠡᠨᠡ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠠᠭᠤᠤ ᠶᠡᠭᠡ ᠢᠷᠠᠭᠤ ᠠᠯᠳᠠᠷ ᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠭᠤᠤ ᠶᠡᠭᠡ ᠢᠷᠠᠭᠤ ᠠᠯᠳᠠᠷ ᠮᠥᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠢᠷᠠᠭᠤ ᠠᠯᠳᠠᠷ ᠮᠥᠨ᠃ ᠬᠠᠶᠢᠷᠤᠪ ᠤᠨ ᠲᠤᠬᠤᠢ ᠲᠣᠭᠤᠷᠢᠭ ᠤᠨ ᠤᠳᠬ᠎ᠠ ᠤᠷᠠᠯᠢᠭ ᠤᠨ ᠵᠣᠬᠢᠶᠠᠨ ᠪᠦᠲᠦᠭᠡᠭᠴᠢᠳ ᠴᠦ ᠬᠤᠶᠢᠨ᠎ᠠ ᠬᠤᠶᠢᠨ᠎ᠠ ᠠᠴᠠ ᠪᠠᠨ ᠬᠥᠳᠡᠯᠦᠯᠴᠡᠵᠦ᠂ ᠡᠯ᠎ᠡ ᠵᠦᠢᠯ ᠤᠨ ᠬᠡᠯᠪᠡᠷᠢ ᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠰᠡᠳᠦᠪ ᠲᠠᠢ ᠨᠢᠭᠡ ᠪᠦᠯᠦᠭ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠡᠢ᠂ ︽ᠰᠢᠨ᠎ᠡ ᠬᠥᠳᠡᠭᠡ ᠲᠣᠰᠬᠤᠨ︾ ᠪᠣᠯ ᠳᠠᠷᠤᠢ ᠡᠭᠦᠨ ᠤ ᠳᠣᠲᠣᠷᠠᠬᠢ ᠨᠢᠭᠡ ᠨᠢ ᠪᠣᠯᠤᠨ᠎ᠠ᠃
          ︽ᠰᠢᠨ᠎ᠡ ᠬᠥᠳᠡᠭᠡ ᠲᠣᠰᠬᠤᠨ︾ ᠭᠡᠬᠦ ᠡᠨᠡ ᠬᠦ ᠪᠦᠲᠦᠭᠡᠯ ᠢ ᠴᠧᠨ ᠯᠦ ᠮᠢᠩ ᠨᠠᠰᠤᠲᠠᠨ ᠵᠣᠬᠢᠶᠠᠨ ᠪᠦᠲᠦᠭᠡᠵᠦ᠂ ᠬᠥᠭᠰᠢᠨ ᠪᠣᠯᠤᠨ ᠣᠮᠪᠣᠯᠣ ᠲᠠᠢ ᠪᠠᠨ ᠴᠠᠷᠭᠢᠯ ᠬᠤᠯᠪᠣᠭ᠎ᠠ ᠶᠢᠨ ᠬᠡᠯᠪᠡᠷᠢ ᠪᠠᠷ ᠲᠣᠭᠯᠠᠭᠰᠠᠨ ᠶᠤᠮ᠃ ᠰᠤᠷᠪᠤᠯᠵᠢᠯᠠᠭᠴᠢ ᠰᠤᠷᠪᠤᠯᠵᠢᠯᠠᠬᠤ ᠦᠶ᠎ᠡ ᠳᠤ᠂ ᠴᠧᠨ ᠯᠦ ᠮᠢᠩ ᠨᠠᠰᠤᠲᠠᠨ ᠦᠷᠭᠦᠯᠵᠢ ︽ᠪᠢᠳᠡ ᠣᠲᠣ ᠮᠠᠰᠢ ᠵᠣᠯ ᠵᠢᠷᠭᠠᠯ ᠲᠠᠢ᠂ ᠥᠲᠡᠯᠪᠡᠯ ᠠᠰᠠᠷᠠᠮᠵᠢ ᠲᠠᠢ᠂ ᠡᠪᠡᠳᠴᠢᠯᠡᠪᠡᠯ ᠡᠮᠨᠡᠯᠭᠡ ᠲᠠᠢ᠂ ᠡᠨᠡ ᠨᠠᠰᠤᠨ ᠳᠠᠭᠠᠨ ᠪᠠᠰᠠ ᠥᠪᠡᠷ ᠤᠨ ᠳᠤᠷᠠᠲᠠᠶ ᠶᠠᠭᠤᠮ᠎ᠠ ᠪᠠᠨ ᠬᠢᠵᠦ ᠳᠡᠶᠢᠯᠦᠨ᠎ᠡ︾ ᠭᠡᠳᠡᠭ ᠦᠭᠡ ᠶᠢ ᠠᠮᠠᠨ ᠳᠠᠭᠠᠨ ᠶᠠᠷᠢᠳᠠᠭ᠃  ᠲᠡᠷᠡ᠄ ︽ᠪᠢ ᠪᠣᠯ ᠲᠠᠷᠢᠶᠠᠴᠢᠨ ᠭᠠᠷᠤᠯ ᠲᠠᠢ᠂ ᠥᠩᠭᠡᠷᠡᠭᠰᠡᠨ ᠤ ᠲᠠᠷᠢᠶᠠᠴᠢᠳ ᠤᠨ ᠵᠣᠪᠠᠭᠤᠷᠢ ᠵᠦᠳᠡᠭᠦᠷᠢ ᠶᠢ ᠦᠵᠡᠭᠡᠳ ᠲᠠᠷᠢᠶ᠎ᠠ ᠲᠠᠷᠢᠬᠤ ᠠᠰᠢᠭ ᠬᠤᠨᠵᠢᠪᠣᠷᠢ ᠴᠤ ᠳᠡᠮᠡᠶ ᠶᠡᠭᠡ ᠦᠭᠡᠢ᠃ ᠬᠤᠵᠢᠮ ᠨᠢ ᠰᠠᠶᠢᠨ ᠲᠦᠷᠦ ᠶᠢᠨ ᠪᠤᠳᠤᠯᠭ᠎ᠠ ᠲᠠᠢ ᠲᠠᠭᠠᠷᠠᠯᠳᠤᠪᠠᠯ᠂ ᠲᠠᠷᠢᠶᠠᠴᠢᠳ ᠲᠠᠷᠢᠶ᠎ᠠ ᠲᠠᠷᠢᠬᠤ ᠳᠠᠭᠠᠨ ᠭᠠᠶᠢᠯᠢ ᠲᠤᠰᠢᠶᠠᠬᠤ ᠦᠭᠡᠢ ᠮᠥᠷᠲᠡᠭᠡᠨ ᠪᠠᠰᠠ ᠲᠠᠷᠢᠶᠠᠴᠢᠳ ᠲᠤ ᠨᠥᠬᠦᠪᠥᠷᠢ ᠥᠭᠴᠦ᠂ ᠪᠠᠰᠠ ᠡᠯᠪᠡᠭ ᠬᠤᠷᠢᠶᠠᠯᠲᠠ ᠣᠯᠵᠤ᠂ ᠣᠷᠣᠯᠭ᠎ᠠ ᠨᠢ ᠴᠦ ᠥᠨᠳᠥᠷ ᠪᠤᠯᠵᠤ ᠂ ᠬᠥᠳᠡᠭᠡ ᠲᠣᠰᠬᠤᠨ ᠤ ᠠᠮᠢᠳᠤᠷᠠᠯ ᠳᠤ ᠴᠤ ᠶᠡᠭᠡ ᠬᠤᠪᠢᠷᠠᠯᠲᠠ ᠭᠠᠷᠪᠠ᠂ ᠪᠢ ᠨᠠᠮ ᠠᠴᠠ ᠵᠠᠰᠠᠭ ᠤᠨ ᠣᠷᠳᠣᠨ ᠠᠴᠠ ᠲᠠᠷᠢᠶᠠᠴᠢᠳ ᠢ ᠲᠡᠳᠬᠦᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠂ ᠡᠶᠢᠮᠦ ᠪᠠᠶᠢᠳᠠᠯ ᠳᠣᠣᠷ᠎ᠠ ᠪᠢ ︽ᠰᠢᠨ᠎ᠡ ᠬᠥᠳᠡᠭᠡ ᠲᠣᠰᠬᠤᠨ︾ ᠭᠡᠬᠦ ᠡᠨᠡ ᠬᠦ ᠪᠦᠲᠦᠭᠡᠯ ᠢ ᠵᠣᠬᠢᠶᠠᠨ ᠪᠦᠲᠦᠭᠡᠭᠰᠡᠨ ᠶᠤᠮ︾ ᠭᠡᠵᠦ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号