ᠯᠢᠨ ᠶᠢᠨ ᠵᠡᠭᠡᠯᠢ ᠭᠤᠳᠤᠮᠵᠢ᠂ ᠬᠠᠢ ᠰᠢᠨ ᠨᠡᠶᠢᠭᠡᠮ ᠲᠣᠭᠤᠷᠢᠭ ᠢ ᠯᠢᠨ ᠪᠠᠭ᠎ᠠ ᠰᠤᠷᠭᠠᠭᠤᠯᠢ ᠲᠠᠢ ᠬᠠᠮᠲᠤᠷᠠᠨ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠳᠤᠵᠤ᠂ ᠤᠯᠤᠰ  ᠢᠶᠠᠨ ᠬᠦᠴᠦᠷᠬᠡᠭᠵᠢᠭᠦᠯᠵᠦ ᠰᠡᠷᠭᠦᠨ ᠮᠠᠨᠳᠤᠯᠲᠠ ᠳᠤ ᠪᠢ ᠪᠤᠢ︾ ᠭᠡᠬᠦ ᠶᠠᠫᠣᠨ ᠢ ᠡᠰᠡᠷᠭᠦᠴᠡᠬᠦ ᠲᠠᠶᠢᠨ ᠢᠯᠠᠯᠲᠠ ᠣᠯᠤᠭᠰᠠᠨ 77 ᠵᠢᠯ ᠤᠨ ᠤᠢ ᠶᠢ ᠳᠤᠷᠠᠰᠬᠠᠬᠤ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠤᠬᠠᠭᠤᠯᠭ᠎ᠠ ᠶᠢᠨ ᠡᠳᠦᠷ ᠤᠨ ᠭᠤᠣᠯ ᠰᠡᠳᠦᠪᠲᠦ ᠠᠵᠢᠯᠯᠠᠭ᠎ᠠ ᠶᠢ  ᠦᠷᠨᠢᠭᠦᠯᠪᠡ
ᠨᠡᠶᠢᠲᠡᠯᠡᠭᠰᠡᠨ ᠴᠠᠭ᠄
2022/9/5
      ᠲᠡᠦᠬᠡ ᠶᠢᠨ ᠴᠠᠭ ᠣᠷᠣᠨ ᠵᠠᠢ ᠶᠢ ᠲᠤᠭᠤᠯᠤᠬᠰᠠᠨ ᠳᠤᠷᠠᠰᠤᠮᠵᠢ ᠳᠤ᠂ ᠵᠠᠷᠢᠮ ᠵᠢᠷᠤᠭ ᠳᠦᠷᠰᠦ ᠨᠢ ᠣᠨ ᠰᠠᠷ᠎ᠠ ᠳᠤ ᠢᠳᠡᠭᠳᠡᠭᠡᠳ ᠬᠠᠷᠠᠭᠳᠠᠬᠤ ᠦᠭᠡᠢ ᠪᠤᠯᠵᠤ᠂ ᠵᠠᠷᠢᠮ ᠳᠤᠷᠠᠰᠤᠮᠵᠢ ᠨᠢ ᠬᠠᠷᠢᠨ ᠨᠠᠰᠤᠨ ᠲᠤᠷᠰᠢᠳᠠ ᠪᠠᠨ ᠪᠠᠲᠤ ᠴᠡᠭᠡᠵᠢᠯᠡᠬᠦ ᠨᠢ ᠵᠠᠶᠢᠯᠠᠰᠢ ᠦᠭᠡᠢ ᠶᠤᠮ᠂ 2022 ᠣᠨ ᠤ 9 ᠰᠠᠷ᠎ᠠ ᠶᠢᠨ 3᠎ ᠤ ᠡᠳᠦᠷ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠲᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠢᠯᠠᠯᠲᠠ ᠣᠯᠤᠭᠰᠠᠨ 77 ᠵᠢᠯ ᠤᠨ ᠤᠢ ᠶᠢᠨ ᠳᠤᠷᠠᠰᠬᠠᠯ ᠤᠨ ᠡᠳᠦᠷ᠂ ᠳᠤᠮᠳᠠᠳᠤ ᠤᠯᠤᠰ ᠤᠨ ᠬᠥᠮᠦᠨ ᠨᠢᠭᠡᠪᠦᠷᠢ ᠶᠢᠨ ᠪᠠᠲᠤ ᠴᠡᠭᠡᠵᠢᠯᠡᠭᠦᠰᠢᠲᠡᠢ ᠡᠳᠦᠷ ᠪᠣᠯᠤᠨ᠎ᠠ᠃ 9 ᠰᠠᠷ᠎ᠠ ᠶᠢᠨ 2᠎ ᠤᠨ ᠡᠳᠦᠷ᠂ ᠯᠢᠨ ᠶᠢᠨ ᠵᠡᠭᠡᠯᠢ ᠭᠤᠳᠤᠮᠵᠢ᠂ ᠬᠠᠢ ᠰᠢᠨ ᠨᠡᠶᠢᠭᠡᠮ ᠲᠣᠭᠤᠷᠢᠭ ᠢ ᠯᠢᠨ ᠪᠠᠭ᠎ᠠ ᠰᠤᠷᠭᠠᠭᠤᠯᠢ ᠲᠠᠢ ᠬᠠᠮᠲᠤᠷᠠᠨ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠳᠤᠵᠤ᠂ ᠤᠯᠤᠰ  ᠢᠶᠠᠨ ᠬᠦᠴᠦᠷᠬᠡᠭᠵᠢᠭᠦᠯᠵᠦ ᠰᠡᠷᠭᠦᠨ ᠮᠠᠨᠳᠤᠯᠲᠠ ᠳᠤ ᠪᠢ ᠪᠤᠢ︾ ᠭᠡᠬᠦ ᠶᠠᠫᠣᠨ ᠢ ᠡᠰᠡᠷᠭᠦᠴᠡᠬᠦ ᠲᠠᠶᠢᠨ ᠢᠯᠠᠯᠲᠠ ᠣᠯᠤᠭᠰᠠᠨ 77 ᠵᠢᠯ ᠤᠨ ᠤᠢ ᠶᠢ ᠳᠤᠷᠠᠰᠬᠠᠬᠤ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠤᠬᠠᠭᠤᠯᠭ᠎ᠠ ᠶᠢᠨ ᠡᠳᠦᠷ ᠤᠨ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠦᠭᠰᠡᠨ ᠪᠥᠭᠡᠳ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠬᠤ ᠲᠠᠶᠢᠨ ᠳᠤ ᠣᠷᠣᠯᠴᠠᠵᠤ ᠥᠩᠭᠡᠷᠡᠭᠰᠡᠨ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ᠂ ᠠᠬᠠᠮᠠᠳ ᠨᠠᠮ ᠤᠨ ᠭᠡᠰᠢᠭᠦᠨ ᠵᠤᠸᠠᠩ ᠹᠦ᠋ ᠴᠦᠨ ᠨᠠᠰᠤᠲᠠᠨ ᠢ ᠤᠷᠢᠵᠤ ᠬᠡᠦᠬᠡᠳ ᠤᠳ ᠢ ᠳᠠᠭᠠᠭᠤᠯᠤᠨ ᠲᠤᠬᠠᠢ ᠶᠢᠨ ᠵᠢᠯ ᠤᠨ ᠲᠡᠷᠡᠬᠦ ᠬᠠᠲᠠᠭᠤᠵᠢᠯᠲᠠᠢ ᠭᠠᠷᠮᠠᠭᠠᠢ ᠣᠨ ᠰᠠᠷ᠎ᠠ ᠶᠢ ᠡᠷᠭᠢᠴᠡᠭᠦᠯᠵᠡᠢ᠃
微信图片_20220905100336.jpg    
             ᠲᠤᠰ ᠠᠵᠢᠯᠯᠠᠭ᠎ᠠ ᠨᠢ ︽ᠲᠡᠦᠬᠡ ᠪᠠᠨ ᠪᠠᠲᠤ ᠴᠡᠭᠡᠵᠢᠯᠡᠵᠦ ᠡᠩᠬᠡ ᠲᠠᠶᠢᠪᠤᠩ ᠢ ᠡᠷᠬᠢᠮᠯᠡᠶ᠎ᠡ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠹᠢᠯᠢᠮ ᠢ ᠰᠣᠨᠢᠷᠬᠠᠬᠤ ᠠᠴᠠ ᠡᠬᠢᠯᠡᠵᠡᠢ᠃ ᠪᠦᠬᠦ᠋ᠢᠯᠡ ᠲᠣᠭᠤᠷᠢᠨ ᠦᠵᠡᠬᠦ ᠶᠠᠪᠤᠴᠠ ᠳᠤ ᠬᠡᠦᠬᠡᠳ ᠤᠳ ᠨᠢᠭᠡ ᠨᠢᠭᠡ ᠪᠠᠷ ᠢᠶᠠᠨ ᠨᠢᠳᠦ ᠰᠠᠯᠭᠠᠯ ᠦᠭᠡᠢ ᠨᠠᠷᠢᠨ ᠬᠢᠨᠠᠮᠠᠭᠠᠶ ᠰᠣᠨᠢᠷᠬᠠᠪᠠ᠃ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠭᠰᠡᠨ ᠲᠠᠶᠢᠨ ᠤ ᠳᠤᠷᠠᠰᠬᠠᠯ ᠤᠨ ᠡᠳᠦᠷ ᠪᠣᠯ ᠳᠡᠯᠭᠡᠷᠡᠩᠭᠦᠶ ᠤᠳᠬ᠎ᠠ ᠶᠢᠨ ᠬᠤᠪᠢ ᠳᠤ ᠶᠠᠫᠣᠨ ᠢ ᠡᠰᠡᠷᠭᠦᠴᠡᠭᠰᠡᠨ ᠠᠯᠢ ᠤᠯᠠᠨ ᠳᠤᠷᠠᠰᠬᠠᠯ ᠤᠨ ᠡᠳᠦᠷ ᠢ ᠵᠢᠭᠠᠵᠤ ᠪᠠᠶᠢᠬᠤ ᠶᠢ ᠬᠠᠮᠲᠤ ᠰᠤᠷᠤᠭᠴᠢᠳ ᠰᠤᠷᠤᠯᠴᠠᠯᠭ᠎ᠠ ᠪᠠᠷ ᠲᠠᠮᠵᠢᠨ ᠣᠯᠵᠤ ᠮᠡᠳᠡᠪᠡ᠂ ᠡᠭᠦᠨ ᠳᠤ ︽ᠶᠢᠰᠦᠨ ᠰᠠᠷ᠎ᠠ ᠶᠢᠨ ᠠᠷᠪᠠᠨ ᠨᠠᠢᠮᠠᠨ︾᠎ ᠤ ᠳᠤᠷᠠᠰᠬᠠᠯ ᠤᠨ ᠡᠳᠦᠷ᠂ ︽ᠲᠤᠯᠤᠭᠠᠨ ᠰᠠᠷ᠎ᠠ ᠶᠢᠨ ᠲᠤᠯᠤᠭᠠᠨ︾᠎ ᠤ ᠶᠠᠫᠣᠨ ᠢ ᠡᠰᠡᠷᠭᠦᠴᠡᠭᠰᠡᠨ ᠲᠠᠶᠢᠨ ᠤ ᠳᠤᠷᠠᠰᠬᠠᠯ ᠤᠨ ᠡᠳᠦᠷ᠂ ︽ᠶᠢᠰᠦᠨ ᠰᠠᠷ᠎ᠠ ᠶᠢᠨ ᠭᠤᠷᠪᠠᠨ︾᠎ ᠤ ᠶᠠᠫᠣᠨ ᠢ ᠡᠰᠡᠷᠭᠦᠴᠡᠬᠦ ᠳᠠᠶᠢᠨ ᠤ ᠪᠦᠬᠦ ᠬᠤᠭᠤᠴᠠᠭᠠᠨ ᠳᠤ᠂ ᠳᠤᠮᠳᠠᠳᠤ ᠤᠯᠤᠰ ᠤᠨ ᠴᠡᠷᠢᠭ ᠨᠡᠶᠢᠲᠡ 22 ᠤᠳᠠᠭᠠᠨ ᠤ ᠶᠡᠭᠡ ᠬᠡᠪᠴᠢᠶᠡᠨ ᠤ ᠪᠠ ᠨᠡᠯᠢᠶᠡᠳ ᠶᠡᠭᠡ ᠬᠡᠪᠴᠢᠶᠡᠨ ᠤ ᠶᠡᠭᠡ ᠪᠠᠶᠢᠯᠳᠤᠭᠠᠨ᠂ 200 ᠭᠠᠷᠤᠶ ᠤᠳᠠᠭᠠᠨ ᠤ ᠴᠢᠬᠤᠯᠠ ᠳᠠᠶᠢᠯᠠᠯᠳᠤᠭᠠᠨ᠂ 20 ᠲᠦᠮᠡ ᠰᠢᠬᠠᠮ ᠤᠳᠠᠭᠠᠨ ᠤ ᠶᠡᠭᠡ ᠪᠠᠭ᠎ᠠ ᠪᠠᠶᠢᠯᠳᠤᠭᠠᠨ ᠬᠢᠵᠦ᠂ ᠨᠡᠶᠢᠲᠡ 100 ᠭᠠᠷᠤᠶ ᠲᠦᠮᠡᠨ ᠶᠠᠫᠣᠨ ᠴᠡᠷᠢᠭ ᠢ ᠰᠥᠨᠥᠭᠡᠵᠡᠶ᠃ ᠥᠨᠥᠳᠦᠷ ᠤᠨ ᠠᠮᠢᠳᠤᠷᠠᠯ ᠲᠠᠶᠢᠨ ᠳᠠᠵᠢᠨ ᠪᠠ ᠳᠠᠷᠢ ᠶᠢᠨ ᠤᠳᠤᠭ᠎ᠠ ᠠᠴᠠ ᠬᠤᠯᠠ ᠵᠠᠶᠢᠳᠠᠭᠤ ᠪᠠᠶᠢᠨ᠎ᠠ᠂ ᠭᠡᠪᠡᠴᠦ ᠲᠡᠳᠡ ᠲᠡᠦᠬᠡ ᠶᠢ ᠮᠠᠷᠲᠠᠵᠤ ᠪᠣᠯᠬᠤ ᠦᠭᠡᠢ᠂ ᠨᠡᠩ ᠴᠤ ᠲᠡᠳᠡᠭᠡᠷ ᠲᠤᠭ᠎ᠠ ᠲᠣᠮᠰᠢ ᠦᠭᠡᠢ ᠠᠬᠠᠮᠠᠳ ᠦᠶ᠎ᠡ ᠶᠢᠨ ᠬᠢᠨ ᠮᠠᠨ ᠤ ᠥᠨᠥᠳᠦᠷ ᠤᠨ ᠰᠠᠶᠢᠨ ᠰᠠᠶᠢᠬᠠᠨ ᠠᠮᠢᠳᠤᠷᠠᠯ ᠢ ᠴᠢᠰᠤ ᠮᠢᠬ᠎ᠠ ᠪᠠᠷ ᠪᠡᠶ᠎ᠡ ᠮᠠᠬᠠᠪᠣᠳ ᠪᠠ ᠠᠷᠢᠭᠤᠨ ᠴᠢᠰᠤ ᠪᠠᠷ ᠢᠶᠠᠨ ᠰᠣᠯᠢᠵᠤ ᠠᠪᠴᠢᠷᠠᠭᠰᠠᠨ᠂ ᠮᠠᠨ ᠤ ᠳᠤᠮᠳᠠᠳᠤᠴᠤᠳ ᠤᠨ ᠨᠡᠷ᠎ᠡ ᠬᠦᠨᠳᠦ ᠶᠢ ᠰᠣᠯᠢᠵᠤ ᠠᠪᠴᠢᠷᠠᠭᠰᠠᠨ ᠢ ᠮᠠᠷᠲᠠᠵᠤ ᠪᠣᠯᠬᠤ ᠦᠭᠡᠢ︕
微信图片_20220905100340.jpg   
      ︽ᠡᠪᠦᠭᠡ ᠡ᠂ ᠪᠠᠰᠠ ᠵᠢᠭᠠᠬᠠᠨ ᠶᠠᠷᠢᠭᠠᠴᠢ︾ ︽ᠡᠪᠦᠭᠡ ᠡ᠂ ᠬᠤᠵᠢᠮ ᠨᠢ ᠶᠠᠭᠠᠬᠢᠭᠰᠠᠨ ᠪᠤᠶ︾ ᠁ ᠰᠡᠭᠦᠳᠡᠷ ᠢ ᠦᠵᠡᠭᠰᠡᠨ ᠤ ᠳᠠᠷᠠᠭ᠎ᠠ᠂ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠵᠤᠸᠠᠩ ᠹᠦ᠋ ᠴᠦᠨ ᠬᠠᠮᠲᠤ ᠰᠤᠷᠤᠭᠴᠢᠳ ᠲᠠᠢ ᠪᠠᠨ ᠶᠠᠫᠣᠨ ᠢ ᠡᠰᠡᠷᠭᠦᠴᠡᠬᠦ ᠳᠠᠶᠢᠨ ᠤ ᠵᠣᠷᠢᠭ ᠰᠠᠨᠠᠭ᠎ᠠ ᠪᠠᠨ ᠬᠤᠪᠢᠶᠠᠯᠴᠠᠵᠤ᠂ ᠵᠤᠸᠠᠩ ᠹᠦ᠋ ᠴᠦᠨ ᠨᠠᠰᠤᠲᠠᠨ ᠴᠡᠷᠢᠭ ᠲᠤ ᠪᠠᠶᠢᠬᠤ ᠳᠠᠭᠠᠨ ᠰᠦᠷ ᠵᠢᠪᠬᠤᠯᠠᠩᠲᠠᠶ᠂ ᠴᠢᠩ ᠦᠨᠡᠨᠴᠢ ᠰᠡᠳᠬᠢᠯ ᠲᠠᠢ ᠪᠠᠶᠢᠯ᠎ᠠ ᡽ ᠴᠡᠷᠢᠭ ᠠᠴᠠ ᠬᠠᠯᠠᠭᠳᠠᠭᠰᠠᠨ ᠤ ᠲᠠᠷᠠᠭ᠎ᠠ ᠠᠵᠢᠯᠴᠢ ᠬᠢᠴᠢᠶᠡᠩᠭᠦᠶ ᠪᠠᠷ ᠠᠵᠢᠯᠯᠠᠨ᠎ᠠ︔ ᠨᠠᠰᠤᠨ ᠤ ᠠᠮᠠᠷᠠᠯᠲᠠ ᠠᠪᠤᠭᠰᠠᠨ ᠤ ᠲᠡᠷᠠᠭ᠎ᠠ ᠪᠤᠰᠤᠳ ᠢ ᠬᠠᠪᠰᠤᠷᠴᠤ᠂ ᠭᠤᠶᠠᠴᠢ ᠤᠢᠭᠡᠢ ᠬᠤᠪᠢ ᠨᠡᠮᠡᠷᠢ ᠦᠵᠡᠭᠦᠯᠦᠨ᠎ᠡ᠃ ᠲᠡᠷᠡ ᠱᠤᠭ ᠶᠦᠮᠦᠷᠯᠢᠭ ᠦᠭᠡ ᠶᠠᠷᠢᠶ᠎ᠠ ᠪᠠᠷ ᠬᠠᠮᠲᠤ ᠰᠤᠷᠤᠭᠴᠢᠳ ᠲᠠᠭᠠᠨ ᠬᠤᠪᠢᠰᠬᠠᠯ ᠤᠨ ᠣᠨ ᠰᠠᠷ᠎ᠠ ᠶᠢᠨ ᠬᠠᠭᠤᠴᠢᠨ ᠦᠯᠢᠭᠡᠷ ᠢ ᠶᠠᠷᠢᠵᠤ ᠥᠭᠬᠦ ᠳᠤ᠂ ᠴᠠᠭ ᠮᠥᠴᠡ ᠨᠢ ᠶᠠᠭ ᠯᠠ ᠲᠡᠷᠡᠬᠦ ᠭᠠᠶᠢᠬᠠᠮᠰᠢᠭᠲᠤ ᠣᠨ ᠰᠠᠷ᠎ᠠ ᠳᠠᠭᠠᠨ ᠪᠤᠴᠠᠵᠤ ᠢᠷᠡᠭᠰᠡᠨ ᠮᠡᠲᠦ ᠰᠠᠨᠠᠭᠳᠠᠨ᠎ᠠ᠃ ᠡᠨᠡ ᠦᠶ᠎ᠡ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠳ ᠲᠤ ᠬᠤᠪᠢᠰᠬᠠᠯ ᠤᠨ ᠣᠨ ᠰᠠᠷ᠎ᠠ ᠶᠢᠨ ᠬᠠᠭᠤᠴᠢᠨ ᠦᠯᠢᠭᠡᠷ ᠢ ᠶᠠᠷᠢᠵᠤ ᠥᠭᠲᠡᠭ᠃ ᠲᠡᠷᠡ ᠬᠠᠮᠲᠤ ᠰᠤᠷᠤᠭᠴᠢᠳ ᠲᠤ᠄ ︽ᠬᠤᠪᠢᠰᠬᠠᠯ ᠤᠨ ᠲᠥᠯᠥᠭᠡ ᠦᠷᠡᠭᠳᠡᠭᠰᠡᠨ ᠪᠠᠭᠠᠲᠤᠷᠴᠤᠳ ᠦᠷᠡᠭᠳᠡᠯ ᠰᠦᠢᠳᠦᠯ ᠠᠴᠠ ᠠᠶᠤᠬᠤ ᠦᠭᠡᠢ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠡᠬᠡ ᠣᠷᠣᠨᠴᠢ ᠦᠵᠡᠯ ᠤᠨ ᠦᠵᠡᠯ ᠰᠠᠨᠠᠭ᠎ᠠ ᠣᠷᠭᠢᠯᠤᠮ᠎ᠠ ᠪᠠᠳᠠᠷᠠᠩᠭᠤᠶ᠂ ᠤᠯᠤᠰ ᠣᠷᠣᠨ ᠪᠠ ᠠᠷᠠᠳ ᠲᠦᠮᠡᠨ ᠤ ᠲᠥᠯᠥᠭᠡ ᠭᠠᠪᠰᠢᠭᠠᠶᠢᠯᠠᠨ ᠭᠠᠪᠰᠢᠭᠠᠶᠢᠯᠠᠵᠤ ᠪᠠᠶᠢᠨ᠎ᠠ᠃ ᠪᠢᠳᠡ ᠦᠷᠡᠭᠳᠡᠭᠰᠡᠨ ᠪᠠᠭᠠᠲᠤᠷᠴᠤᠳ ᠤᠨ ᠴᠢᠷᠮᠠᠶᠢᠯᠭ᠎ᠠ ᠶᠢ ᠮᠠᠷᠲᠠᠵᠤ ᠪᠣᠯᠬᠤ ᠦᠭᠡᠢ᠂ ᠦᠷᠡᠭᠳᠡᠭᠰᠡᠨ ᠪᠠᠭᠠᠲᠤᠷᠴᠤᠳ ᠤᠨ ᠭᠡᠷᠢᠶᠡᠰ ᠵᠣᠷᠢᠭ ᠢ ᠵᠠᠯᠭᠠᠮᠵᠢᠯᠠᠵᠤ ᠤᠬ ᠰᠠᠨᠠᠭ᠎ᠠ ᠪᠠᠨ ᠮᠠᠷᠲᠠᠯ ᠦᠭᠡᠢ ᠪᠠᠷ ᠨᠠᠮ ᠢᠶᠠᠨ ᠲᠠᠭᠠᠵᠦ᠂ ᠠᠷᠢᠭᠤᠨ ᠴᠢᠬᠡᠴᠢ ᠪᠠᠷ ᠬᠥᠮᠦᠨ ᠪᠤᠯᠵᠤ᠂ ᠠᠵᠢᠯᠴᠢ ᠬᠢᠴᠢᠶᠡᠩᠭᠦᠢ ᠪᠠᠷ ᠠᠵᠢᠯᠯᠠᠬᠤ ᠬᠡᠷᠡᠭᠲᠡᠢ᠃ ᠪᠠᠷᠢᠮᠲᠠᠯᠠᠪᠠᠯ ᠳᠠᠷᠤᠶ ᠢᠯᠠᠯᠲᠠ ᠣᠯᠵᠤ᠂ ᠹᠷᠣᠨᠲ ᠨᠢᠭᠡᠪᠦᠷᠢ ᠳᠤ ᠡᠷᠡᠯᠬᠡᠭᠯᠡᠨ ᠤᠷᠤᠭᠰᠢᠯᠠᠬᠤ ᠶᠠᠪᠤᠳᠠᠯ ᠪᠣᠯᠤᠨ᠎ᠠ᠃ ᠲᠡᠳᠡ ᠪᠣᠯ ᠥᠨᠢ ᠡᠭᠦᠷᠢᠳᠡ ᠶᠢᠨ ᠪᠠᠭᠠᠲᠤᠷ ᠮᠥᠨ᠂ ᠲᠡᠳᠡᠨ ᠤ ᠡᠨᠡ ᠬᠦ ᠵᠣᠷᠢᠭ ᠰᠠᠨᠠᠭ᠎ᠠ ᠨᠢ ᠴᠦ ᠵᠠᠯᠠᠭᠤ ᠨᠢᠭᠡ ᠦᠶ᠎ᠡ ᠶᠢᠨ ᠬᠢᠨ ᠢ ᠵᠣᠷᠢᠭᠵᠢᠭᠤᠯᠤᠨ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠭᠤᠯᠵᠤ᠂ ᠵᠣᠯ ᠵᠢᠷᠭᠠᠯᠲᠤ ᠠᠮᠢᠳᠤᠷᠠᠯ ᠤᠨ ᠲᠥᠯᠥᠭᠡ ᠲᠡᠮᠡᠴᠡᠭᠦᠯᠬᠦ ᠪᠣᠯᠤᠨ᠎ᠠ︾ ᠭᠡᠵᠡᠶ᠃
微信图片_20220905100342.png   
      ᠶᠡᠷᠦᠩᠬᠡᠢ ᠱᠦᠵᠢ ᠰᠢ ᠶᠢᠨ ᠫᠢᠩ᠄ ︽ᠲᠡᠦᠬᠡ ᠶᠢ ᠮᠠᠷᠲᠠᠪᠠᠯ ᠤᠷᠪᠠᠭᠰᠠᠨ ᠢ ᠬᠠᠷᠠᠭᠤᠯᠤᠨ᠎ᠠ︾ ᠭᠡᠵᠦ ᠬᠡᠯᠡᠵᠦ ᠥᠩᠭᠡᠷᠡᠭᠰᠡᠨ ᠪᠢᠯᠡ᠃ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠪᠠ ᠳᠡᠯᠡᠬᠡᠶ ᠶᠢᠨ ᠹᠠᠱᠢᠰ ᠢ ᠡᠰᠡᠷᠭᠦᠴᠡᠬᠦ ᠳᠠᠶᠢᠨ ᠤ ᠢᠯᠠᠯᠲᠠ ᠶᠢᠨ ᠦᠷ᠎ᠡ ᠪᠦᠲᠦᠭᠡᠯ ᠪᠣᠯ ᠰᠡᠵᠢᠭᠯᠡᠰᠢ ᠦᠭᠡᠢ ᠶᠤᠮ᠂ ᠬᠡᠳᠦᠨ ᠮᠢᠩᠭᠠᠨ ᠲᠦᠮᠡᠨ ᠬᠥᠮᠦᠨ ᠤ ᠲᠤᠰᠠᠭᠠᠷ ᠲᠣᠭᠲᠠᠨᠢᠯ᠂ ᠡᠷᠬᠡ ᠴᠢᠯᠥᠭᠡ᠂ ᠡᠩᠬᠡ ᠲᠠᠶᠢᠪᠤᠩ ᠤᠨ ᠲᠥᠯᠥᠭᠡ ᠭᠠᠷᠭᠠᠭᠰᠠᠨ ᠦᠷᠡᠭᠳᠡᠯ ᠢ ᠦᠭᠡᠶᠢᠰᠬᠡᠵᠦ ᠪᠣᠯᠤᠰᠢ ᠦᠭᠡᠢ ᠶᠤᠮ᠃ ᠡᠩᠭᠡ ᠲᠠᠶᠢᠪᠤᠩ ᠢ ᠬᠢᠯᠪᠠᠷᠬᠠᠨ ᠢᠶᠠᠷ ᠣᠯᠤᠭᠰᠠᠨ ᠪᠢᠰᠢ᠂ ᠡᠩᠭᠡ ᠲᠠᠶᠢᠪᠤᠩ ᠢ ᠡᠷᠬᠡᠪᠰᠢ ᠬᠠᠮᠠᠭᠠᠯᠠᠬᠤ ᠬᠡᠷᠡᠭᠲᠡᠢ᠃ ᠲᠡᠦᠬᠡ ᠶᠢᠨ ᠬᠠᠷᠠᠰᠠᠯᠲᠤ ᠣᠶᠢᠯᠠᠭᠠᠯᠲᠠ ᠳᠤ ᠰᠠᠭᠤᠷᠢᠯᠠᠵᠤ᠂ ᠳᠤᠮᠳᠠᠳᠤ ᠤᠯᠤᠰ ᠤᠨ ᠠᠷᠠᠳ ᠲᠦᠮᠡᠨ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠢᠮᠠᠭᠲᠠ ᠭᠤᠶᠢᠪᠢᠰᠢ ᠦᠭᠡᠢ ᠵᠠᠮᠨᠠᠵᠤ᠂ ᠳᠡᠯᠡᠬᠡᠢ ᠶᠢᠨ ᠡᠩᠬᠡ ᠲᠠᠶᠢᠪᠤᠩ ᠢ ᠡᠷᠡᠰ ᠭᠤᠶᠢᠪᠢᠰᠢ ᠦᠭᠡᠢ ᠬᠠᠮᠠᠭᠠᠯᠠᠨ᠎ᠠ᠃ ᠳᠤᠮᠳᠠᠳᠤ ᠤᠯᠤᠰ ᠤᠨ ᠬᠥᠭᠵᠢᠨ ᠪᠤᠵᠠᠭᠠᠢᠢᠷᠠᠬᠤ ᠨᠢ ᠯᠠᠪᠳᠠᠶ᠎ᠠ ᠳᠡᠯᠡᠬᠡᠢ ᠶᠢᠨ ᠡᠩᠭᠡ ᠲᠠᠶᠢᠪᠤᠩ ᠤᠨ ᠬᠦᠴᠦᠨ ᠤ ᠬᠥᠭᠵᠢᠨ ᠪᠤᠵᠠᠭᠠᠢᠢᠷᠠᠬᠤ ᠶᠠᠪᠤᠳᠠᠯ ᠪᠣᠯᠤᠨ᠎ᠠ︾ ᠭᠡᠵᠦ ᠬᠡᠯᠡᠪᠡ᠃ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠪᠣᠯᠤᠭᠰᠠᠨ ᠤ ᠬᠤᠪᠢ ᠳᠤ᠂ ᠬᠠᠮᠲᠤ ᠰᠤᠷᠤᠭᠴᠢᠳ ᠡᠷᠬᠡᠪᠰᠢ ᠲᠡᠦᠬᠡ ᠶᠢ ᠪᠠᠲᠤ ᠴᠡᠭᠡᠵᠢᠯᠡᠵᠦ᠂ ᠡᠷᠡᠯᠬᠡᠭᠯᠡᠨ ᠲᠡᠮᠡᠴᠡᠵᠦ᠂ ᠡᠷᠳᠡᠮ ᠴᠢᠳᠠᠪᠤᠷᠢ ᠪᠠᠨ ᠪᠠᠲᠤᠳᠬᠠᠵᠤ᠂ ᠡᠬᠡ ᠤᠯᠤᠰ ᠲᠠᠭᠠᠨ ᠬᠦᠴᠦ ᠪᠠᠨ ᠡᠷᠭᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号