ᠥᠪᠡᠷᠲᠡᠭᠡᠨ ᠵᠠᠰᠠᠬᠤ ᠣᠷᠣᠨ ᠤ ᠰᠤᠷᠪᠤᠯᠵᠢᠯᠠᠭ᠎ᠠ ᠶᠢᠨ ᠪᠦᠯᠬᠦᠮ ᠬᠠᠶᠢᠷᠤᠪ ᠤᠨ ᠲᠤᠬᠤᠢ ᠳᠤ ᠬᠦᠷᠴᠡᠢ︕
ᠨᠡᠶᠢᠲᠡᠯᠡᠭᠰᠡᠨ ᠴᠠᠭ᠄
2022/9/6
      9 ᠰᠠᠷ᠎ᠠ ᠶᠢᠨ 5᠎ ᠤ ᠡᠳᠦᠷ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ  ᠰᠤᠷᠪᠤᠯᠵᠢᠯᠠᠭ᠎ᠠ ᠶᠢᠨ ᠪᠦᠯᠬᠦᠮ ᠬᠠᠶᠢᠷᠤᠪ ᠤᠨ ᠲᠤᠬᠤᠢ ᠲᠣᠭᠤᠷᠢᠭ ᠲᠤ ᠬᠦᠷᠴᠦ ᠢᠷᠡᠪᠡ᠃ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠬᠠᠶᠢᠷᠤᠪ ᠤᠨ ᠲᠤᠬᠤᠢ ᠲᠣᠭᠤᠷᠢᠭ ᠤᠨ ᠰᠠᠭᠤᠭᠠᠯᠢ ᠠᠷᠠᠳ ᠤᠨ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠠᠪᠤᠴᠠ ᠳᠠᠬᠢ ᠠᠮᠢᠳᠤᠷᠠᠯ ᠤᠨ ᠴᠢᠨᠠᠷ ᠴᠢᠨᠰᠠᠭ᠎ᠠ ᠶᠢᠨ ᠳᠡᠭᠡᠭᠰᠢᠯᠡᠯᠲᠡ᠂ ᠣᠷᠣᠨ ᠰᠠᠭᠤᠴᠠ ᠶᠢᠨ ᠣᠷᠴᠢᠨ ᠲᠣᠭᠤᠷᠢᠨ ᠤ ᠬᠤᠪᠢᠷᠠᠯᠲᠠ᠂ ᠬᠤᠳᠠ ᠶᠢᠨ ᠪᠣᠯᠪᠠᠰᠤᠨ ᠤ ᠬᠡᠪ ᠰᠤᠷᠲᠠᠯ ᠡᠳᠦᠷ ᠢᠷᠡᠬᠦᠶ᠎ᠡ ᠳᠡᠯᠭᠡᠷᠡᠵᠦ ᠪᠠᠶᠢᠭ᠎ᠠ ᠵᠡᠷᠭᠡ ᠲᠠᠯ᠎ᠠ ᠶᠢᠨ ᠠᠮᠢᠳᠤᠯᠢᠭ ᠪᠠᠶᠢᠳᠠᠯ ᠢ ᠰᠤᠷᠪᠤᠯᠵᠢᠯᠠᠨ ᠮᠡᠳᠡᠭᠡᠯᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠤᠯᠠᠨ ᠲᠦᠮᠡᠨ ᠤ ᠡᠳᠦᠷ ᠢᠷᠡᠬᠦᠶ᠎ᠡ ᠳᠡᠭᠡᠭᠰᠢᠯᠡᠵᠦ ᠪᠠᠶᠢᠭ᠎ᠠ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠪᠦᠬᠦ ᠲᠠᠯ᠎ᠠ ᠪᠠᠷ᠂ ᠤᠯᠠᠨ ᠬᠠᠷᠠᠭᠠᠰᠤ ᠠᠴᠠ ᠢᠯᠡᠷᠡᠭᠦᠯᠪᠡ᠃
微信图片_20220906092739.jpg     
     ᠰᠤᠷᠪᠤᠯᠵᠢᠯᠠᠬᠤ ᠪᠦᠯᠬᠦᠮ ᠤᠨ ᠬᠢᠨ ᠤᠷᠢᠳ ᠬᠤᠵᠢᠳ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠴᠠᠩ ᠴᠢᠩ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢᠨ ᠬᠡᠳᠦ ᠳᠡᠯᠭᠡᠭᠦᠷ᠂ ᠰᠠᠭᠤᠭᠠᠯᠢ ᠠᠷᠠᠳ ᠤᠨ ᠬᠥᠳᠡᠯᠭᠡᠭᠡᠨ ᠤ ᠲᠥᠪ᠂ ᠡᠷᠡᠭᠦᠯ ᠡᠩᠬᠡ ᠶᠢᠨ ᠵᠠᠮ ᠳᠤ ᠬᠦᠷᠴᠦ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ᠂ ᠯᠠᠨ‌‍ᠲ᠋ᠢᠶᠠᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠤᠶᠢᠯᠡᠴᠢᠯᠡᠭᠡᠨ ᠤ ᠲᠥᠪ᠂ ᠬᠤᠩ ᠶᠠᠨ ᠨᠣᠮ ᠤᠨ ᠥᠷᠥᠭᠡ ᠳᠤ ᠢᠷᠡᠵᠤ᠂ ᠠᠷᠠᠳ ᠲᠤ ᠲᠥᠬᠦᠮ ᠦᠵᠡᠭᠦᠯᠬᠦ ᠬᠡᠷᠡᠭᠯᠡᠭᠡᠨ ᠤ ᠬᠦᠷᠢᠶ᠎ᠡ᠂ ᠲᠠᠭᠠᠯᠠᠮᠵᠢᠲᠠᠶ ᠣᠷᠣᠨ ᠰᠠᠭᠤᠴᠠ ᠶᠢᠨ ᠬᠦᠷᠢᠶ᠎ᠡ᠂ ᠨᠡᠶᠢᠭᠡᠮ ᠲᠣᠭᠤᠷᠢᠭ ᠤᠨ ᠰᠣᠶᠣᠯ ᠤᠨ ᠬᠦᠷᠢᠶ᠎ᠡ᠂ ᠡᠷᠡᠭᠦᠯ ᠮᠡᠨᠳᠦ ᠶᠢᠨ ᠡᠮᠴᠢᠯᠡᠭᠡᠨ ᠤ ᠬᠦᠷᠢᠶ᠎ᠡ᠂ ᠬᠤᠲᠠ ᠶᠢᠨ ᠲᠦᠷᠰᠤ ᠪᠠᠶᠢᠳᠠᠯ ᠶᠢᠨ ᠬᠦᠷᠢᠶ᠎ᠡ᠂ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠬᠦᠷᠢᠶ᠎ᠡ ᠵᠡᠷᠭᠡ ᠨᠢᠭᠡ ᠮᠦᠴᠡᠳᠤ ᠠᠮᠢᠳᠤᠷᠠᠯ ᠤᠨ ᠬᠦᠷᠢᠶ᠎ᠡ ᠶᠢᠨ ᠪᠥᠲᠥᠭᠡᠨ ᠪᠠᠶᠢᠭᠤᠯᠤᠯᠲᠠ ᠶᠢᠨ ᠬᠤᠲᠠ ᠶᠢᠨ ᠠᠷᠠᠳ ᠲᠤ ᠲᠥᠬᠦᠮ ᠦᠵᠡᠭᠦᠯᠬᠦ ᠶᠢ ᠪᠡᠶ᠎ᠡ ᠪᠠᠷ ᠢᠶᠠᠨ ᠪᠡᠶᠡᠴᠢᠯᠡᠨ ᠣᠶᠢᠯᠠᠭᠠᠪᠠ᠃
微信图片_20220906092744.jpg   
      ᠴᠠᠩ ᠴᠢᠩ ᠨᠡᠶᠢᠭᠡᠮ ᠲᠣᠭᠤᠷᠢᠭ ᠲᠤ᠂ ᠰᠤᠷᠪᠤᠯᠵᠢᠯᠠᠬᠤ ᠪᠦᠯᠬᠦᠮ ᠤᠨ ᠬᠢᠨ ᠨᠡᠶᠢᠭᠡᠮ ᠲᠣᠭᠤᠷᠢᠭ ᠤᠨ ᠱᠦᠵᠢ ᠲᠠᠢ ᠨᠠᠷᠢᠨ ᠨᠢᠭᠲᠠ ᠶᠠᠷᠢᠯᠴᠠᠵᠤ᠂ ᠨᠡᠶᠢᠭᠡᠮ ᠲᠣᠭᠤᠷᠢᠭ ᠤᠨ ᠱᠦᠵᠢ ᠶᠢᠨ ᠲᠠᠨᠢᠯᠴᠠᠭᠤᠯᠭ᠎ᠠ ᠪᠠ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠪᠠᠷ ᠲᠠᠮᠵᠢᠨ᠂ ᠰᠤᠷᠪᠤᠯᠵᠢᠯᠠᠬᠤ ᠪᠦᠯᠬᠦᠮ ᠤᠨ ᠬᠢᠨ ᠨᠢᠭᠡ ᠮᠦᠴᠡᠳᠤ ᠠᠮᠢᠳᠤᠷᠠᠯ ᠤᠨ ᠲᠣᠭᠤᠷᠢᠭ ᠲᠤ ᠨᠡᠩ ᠰᠢᠭᠤᠳ ᠲᠦᠷᠦᠭᠳᠡᠯ ᠲᠠᠢ ᠪᠤᠯᠵᠤ᠂ ᠤᠯᠠᠨ ᠲᠦᠮᠡᠨ ᠤ ᠠᠮᠤᠷ ᠵᠢᠮᠦᠷ ᠠᠵᠤ ᠲᠦᠷᠦᠭᠦ᠂ ᠠᠮᠢᠳᠤᠷᠠᠯ ᠨᠢ ᠳᠥᠭᠦᠮ ᠳᠥᠲᠡ᠂ ᠵᠣᠯ ᠵᠢᠷᠭᠠᠯᠲᠠᠢ ᠠᠮᠢᠳᠤᠷᠠᠯ ᠤᠨ ᠪᠠᠶᠢᠳᠠᠯ ᠢ ᠣᠯᠵᠤ ᠬᠠᠷᠠᠵᠠᠢ᠃ ᠰᠤᠷᠪᠤᠯᠵᠢᠯᠠᠭᠴᠢ ᠶᠢᠨ ᠪᠦᠯᠬᠦᠮ ᠤᠨ ᠰᠤᠷᠪᠤᠯᠵᠢᠯᠠᠭᠴᠢᠳ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠰᠣᠨᠣᠰᠴᠤ᠂ ᠰᠡᠭᠦᠳᠡᠷᠯᠡᠬᠦ ᠮᠠᠰᠢᠨ ᠪᠣᠯᠤᠨ ᠵᠢᠷᠤᠯᠭ᠎ᠠ ᠪᠠᠷ ᠢᠶᠠᠨ ᠲᠠᠰᠤᠷᠠᠯᠲᠠ ᠥᠬᠡᠶ ᠲᠡᠮᠳᠡᠭᠯᠡᠵᠦ ᠪᠠᠶᠢᠯ᠎ᠠ᠃ ᠡᠭᠦᠨ ᠤ ᠵᠡᠷᠭᠡᠪᠡᠷ᠂ ᠬᠠᠶᠢᠷᠤᠪ ᠤᠨ ᠲᠤᠬᠤᠢ ᠲᠣᠭᠤᠷᠢᠭ ᠤᠨ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠬᠤᠳᠠ ᠶᠢᠨ ᠠᠷᠠᠳ ᠤᠨ ᠠᠮᠢᠳᠤᠷᠠᠯ ᠤᠨ ᠬᠤᠪᠢᠷᠠᠯᠲᠠ ᠶᠢ ᠪᠡᠶᠡᠴᠢᠯᠡᠨ ᠣᠶᠢᠯᠠᠭᠠᠬᠤ ᠳᠤᠮᠳᠠ ᠠᠴᠠ ᠬᠠᠶᠢᠷᠤᠪ ᠤᠨ ᠲᠤᠬᠤᠢ ᠲᠣᠭᠤᠷᠢᠭ ᠤᠨ ᠥᠷᠭᠡᠨ ᠤᠯᠠᠨ ᠺᠠᠲᠡᠷᠴᠤᠤᠡ ᠤᠯᠠᠨ ᠲᠦᠮᠡᠨ ᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠠᠶᠢᠷᠤᠪ ᠤᠨ ᠲᠤᠬᠤᠢ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠡᠭᠦᠷᠭᠡᠯᠡᠯ ᠪᠠ ᠵᠢᠳᠬᠦᠯ ᠴᠢᠷᠮᠠᠶᠢᠯᠭ᠎ᠠ ᠶᠢ ᠣᠯᠵᠤ ᠮᠡᠳᠡᠵᠡᠢ᠃ ᠡᠭᠦᠨ ᠤ ᠬᠠᠮᠲᠤ᠂ ᠭᠦᠨ ᠳᠠᠪᠬᠤᠷᠭ᠎ᠠ᠂ ᠣᠯᠠᠨ ᠬᠠᠷᠠᠭᠠᠰᠤ ᠠᠴᠠ ᠬᠠᠮᠢᠶ᠎ᠠ ᠪᠥᠬᠦᠶ ᠠᠭᠤᠯᠭ᠎ᠠ ᠶᠢ ᠮᠡᠳᠡᠭᠡᠯᠡᠵᠦ᠂ ᠨᠠᠩ ᠣᠯᠠᠨ ᠬᠥᠮᠦᠨ ᠳᠤ ᠬᠠᠶᠢᠷᠤᠪ ᠤᠨ ᠲᠤᠬᠤᠢ ᠲᠤᠭᠤᠷᠢᠭ ᠢ ᠤᠶᠢᠯᠠᠭᠠᠭᠤᠯᠤᠶ᠎ᠠ ᠭᠡᠵᠦ ᠢᠯᠡᠳᠬᠡᠪᠡ᠃
微信图片_20220906092756.jpg
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号