ᠬᠥᠬᠡᠮᠳᠦᠭ ᠨᠣᠭᠤᠭᠠᠨ ᠠᠭᠤᠯᠠ ᠤᠰᠤ ᠶᠢ ᠦᠨᠡᠨᠬᠦ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠭᠡᠷ | ᠣᠷᠣᠨ ᠢᠶᠠᠨ ᠬᠠᠮᠲᠤᠪᠠᠷ ᠪᠦᠳᠦᠭᠡᠨ ᠪᠠᠶᠢᠭᠤᠯᠵᠤ᠂ ᠭᠤᠣᠯ ᠤᠨ ᠳᠠᠷᠤᠭ᠎ᠠ ᠶᠢᠨ ᠲᠦᠷᠢᠮ ᠤᠨ ᠠᠵᠢᠯ ᠢ ︽ᠠᠯᠳᠠᠷᠲᠠᠢ | ︾ ᠪᠠᠶᠢᠭᠰᠠᠨ ᠠᠴᠠ ᠨᠢ ︽ᠪᠣᠳᠠᠲᠠᠢ︾ ︽ᠪᠦᠲᠦᠮᠵᠢᠲᠡᠢ︾ ︽ᠴᠢᠳᠠᠪᠤᠷᠢᠲᠠᠢ︾ ︽ᠵᠢᠳᠬᠦᠯ ᠴᠢᠷᠮᠠᠶᠢᠯᠭ᠎ᠠ ᠲᠠᠢ︾ | ᠪᠣᠯᠭᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ︽ᠤᠰᠤ ᠲᠤᠩᠭᠠᠯᠠᠭ᠂ ᠡᠷᠭᠢ ᠨᠢ | ᠨᠣᠭᠤᠭᠠᠨ᠂ ᠭᠤᠣᠯ ᠨᠢ ᠰᠢᠯᠤᠭᠤᠨ᠂ ᠦᠵᠡᠮᠵᠢ ᠨᠢ ᠰᠠᠶᠢᠬᠠᠨ︾ ᠰᠠᠶᠢᠨ ᠰᠠᠶᠢᠬᠠᠨ ᠤᠰᠤᠨ ᠤ ᠠᠮᠢ ᠠᠬᠤᠢ ᠶᠢᠨ | ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠤᠰᠠᠳᠠ᠃ 9 ᠰᠠᠷ᠎ᠠ ᠶᠢᠨ 7 ᠤ ᠡᠳᠦᠷ᠂ ᠪᠢᠨ ᠾᠧ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠡᠵᠢ ᠭᠤᠤᠯ ᠢ | ᠰᠠᠬᠢᠨ ᠬᠠᠮᠠᠭᠠᠯᠠᠶ᠎ᠠ︾ ᠭᠡᠬᠦ ᠭᠤᠤᠯ ᠰᠡᠳᠦᠪ ᠲᠠᠢ ᠭᠤᠣᠯ ᠮᠥᠷᠡᠨ ᠢ ᠲᠣᠭᠤᠷᠢᠨ ᠪᠠᠶᠢᠴᠠᠭᠠᠬᠤ ᠤᠬᠠᠭᠤᠯᠭ᠎ᠠ ᠶᠢᠨ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠵᠢᠩᠬᠢᠨᠢ ᠪᠠᠷ ᠡᠬᠢᠯᠡᠪᠡ᠃ | | ᠡᠬᠢᠯᠡᠯᠲᠡ ᠶᠢᠨ ᠶᠣᠰᠣᠯᠠᠯ ᠳᠡᠭᠡᠷ᠎ᠡ᠂ ᠬᠠᠮᠢᠶ᠎ᠠ ᠪᠦᠬᠦᠢ ᠤᠳᠤᠷᠢᠳᠤᠯᠭ᠎ᠠ ᠪᠢᠨ ᠡᡁᠧ ᠵᠡᠭᠡᠯᠢ ᠭᠤᠳᠤᠮᠵᠢ ᠶᠢᠨ | ᠣᠨᠴᠠ ᠤᠷᠢᠭᠰᠠᠨ ᠭᠤᠣᠯ ᠴᠠᠭᠳᠠᠬᠤ ᠬᠢᠨᠠᠯᠲᠠ ᠲᠠᠯᠪᠢᠭᠴᠢ ᠶᠢᠨ ᠲᠥᠯᠥᠭᠡᠯᠡᠭᠴᠢ ᠳᠤ ᠤᠷᠢᠯᠭ᠎ᠠ ᠶᠢᠨ ᠪᠢᠴᠢᠭ | ᠭᠠᠷᠳᠠᠭᠤᠯᠵᠠᠢ᠃ | | | | ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠨᠡᠶᠢᠭᠡᠮ ᠨᠡᠶᠢᠲᠡ ᠳᠤ ᠪᠣᠬᠢᠷᠲᠤᠯ ᠥᠬᠡᠶ ᠠᠮᠢ ᠠᠬᠤᠶ ᠶᠢᠨ | ᠣᠶᠢᠯᠠᠭᠠᠭᠳᠠᠬᠤᠨ ᠢ ᠤᠯᠠᠮᠵᠢᠯᠠᠨ ᠲᠠᠷᠬᠠᠭᠠᠵᠤ᠂ ᠰᠠᠶᠢᠨ ᠳᠤᠷ᠎ᠠ ᠶᠢᠨ ᠠᠵᠢᠯᠯᠠᠭᠴᠢᠳ ᠤᠨ ᠭᠤᠤᠯ ᠤᠨ ᠵᠠᠮ ᠤᠨ | ᠵᠠᠰᠠᠯᠲᠠ ᠪᠠ ᠣᠷᠴᠢᠨ ᠠᠬᠤᠶ ᠶᠢᠨ ᠬᠠᠮᠠᠭᠠᠯᠠᠯᠲᠠ ᠶᠢᠨ ᠤᠬᠠᠭᠤᠯᠭ᠎ᠠ ᠳᠤ ᠣᠷᠣᠯᠴᠠᠬᠤ ᠤᠶᠢᠯᠡᠳᠤᠯ ᠢ ᠭᠦᠢᠴᠡᠤᠡ | ᠪᠠᠳᠠᠷᠠᠭᠤᠯᠤᠨ᠂ ᠥᠷᠭᠡᠨ ᠣᠯᠠᠨ ᠰᠠᠶᠢᠨ ᠳᠤᠷ᠎ᠠ ᠶᠢᠨ ᠠᠵᠢᠯᠯᠠᠭᠴᠢᠳ ᠢ ᠦᠷᠭᠦᠯᠵᠢᠯᠡᠨ ᠳᠠᠶᠢᠴᠢᠯᠠᠨ | ᠤᠬᠠᠮᠰᠠᠷ ᠠᠴᠠ ᠪᠠᠨ ᠬᠥᠳᠡᠯᠦᠯᠴᠡᠵᠦ᠂ ᠭᠤᠤᠯ ᠤᠨ ᠵᠠᠮ ᠤᠨ ᠬᠠᠮᠢᠶᠠᠷᠤᠯᠲᠠ ᠪᠠ ᠬᠠᠮᠠᠭᠠᠯᠠᠯᠲᠠ ᠳᠤ ᠢᠳᠡᠪᠬᠢᠲᠡᠶ | ᠣᠷᠣᠯᠴᠠᠭᠤᠯᠵᠤ᠂ ᠭᠤᠤᠯ ᠤᠨ ᠵᠠᠮ ᠢ ᠬᠠᠯᠠᠮᠵᠢᠯᠠᠨ ᠬᠠᠶᠢᠷᠠᠯᠠᠬᠤ ᠳᠡᠮᠵᠢᠭᠴᠢ᠂ ᠰᠠᠨᠠᠭᠠᠴᠢᠯᠠᠭᠴᠢ ᠪᠣᠯᠬᠤ ᠪᠠᠷ | ᠴᠢᠷᠮᠠᠶᠢᠬᠤ ᠶᠢᠨ ᠲᠥᠯᠥᠭᠡ ᠶᠤᠮ᠃ ᠡᠭᠦᠨ ᠤ ᠬᠠᠮᠲᠤ᠂ ᠪᠣᠳᠠᠲᠤ ᠠᠵᠢᠯᠯᠠᠭ᠎ᠠ ᠪᠠᠷ ᠢᠶᠠᠨ ᠥᠷᠭᠡᠨ ᠤᠯᠠᠨ ᠲᠦᠮᠡᠨ ᠢ | ᠬᠦᠳᠦᠯᠦᠨ ᠵᠢᠯᠣᠭᠤᠳᠴᠤ ᠪᠠᠶᠢᠭᠠᠳ ᠭᠤᠣᠯ ᠮᠥᠷᠡᠨ ᠢᠶᠠᠨ ᠬᠠᠶᠢᠷᠠᠯᠠᠨ ᠬᠠᠮᠠᠭᠠᠯᠠᠬᠤ ᠤᠬᠠᠮᠰᠠᠷ ᠢ ᠨᠢ | ᠳᠡᠭᠡᠭᠰᠢᠯᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ | ᠪᠣᠯᠤᠨ ᠵᠠᠯᠠᠭᠤ ᠨᠠᠰᠤᠨ ᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ︽ᠡᠵᠢ ᠭᠤᠣᠯ︾ ᠤᠨ ᠰᠠᠶᠢᠨ ᠰᠠᠶᠢᠬᠠᠨ | ᠠᠮᠢ ᠠᠬᠤᠢ ᠶᠢ ᠰᠠᠶᠢᠲᠤᠷ ᠬᠠᠮᠠᠭᠠᠯᠠᠬᠤ ᠳᠤ ᠬᠦᠴᠦᠨ ᠴᠢᠳᠠᠯ ᠢᠶᠠᠨ ᠡᠷᠭᠦᠨ᠎ᠡ᠃ | |